| 3 ᠰᠠᠷ᠎ᠠ ᠶᠢᠨ 15 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠬᠤᠶᠠᠳᠤᠭᠠᠷ ᠴᠠᠭᠳᠠᠨ ᠪᠠᠶᠢᠴᠠᠭᠠᠬᠤ | ᠳᠤᠭᠤᠶᠢᠯᠠᠩ ᠬᠤᠳᠠ ᠶᠢᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠲᠤ ᠴᠠᠭᠳᠠᠨ ᠪᠠᠶᠢᠴᠠᠭᠠᠭᠰᠠᠨ | ᠪᠠᠶᠢᠳᠠᠯ ᠢ ᠬᠠᠷᠢᠭᠤ ᠲᠤᠰᠬᠠᠬᠤ ᠬᠤᠷᠠᠯ ᠬᠤᠷᠠᠯᠳᠤᠭᠤᠯᠪᠠ᠃ ᠬᠤᠲᠠ ᠶᠢᠨ ᠨᠠᠮ ᠤᠨ ᠬᠤᠷᠢᠶᠠᠨ ᠤ ᠲᠣᠭᠤᠷᠢᠨ | ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠯᠪᠣᠭᠳᠠᠯ ᠪᠦᠬᠦᠢ ᠪᠦᠷᠢᠯᠳᠦᠬᠦᠨ᠂ ᠲᠣᠭᠤᠷᠢᠨ | ᠪᠠᠶᠢᠴᠠᠭᠠᠬᠤ ᠬᠤᠯᠪᠣᠭᠳᠠᠯ ᠪᠦᠬᠦᠢ ᠬᠠᠷᠢᠭᠤᠴᠠᠯᠭᠠᠲᠠᠨ᠂ ᠬᠤᠲᠠ ᠶᠢᠨ ᠨᠠᠮ ᠤᠨ ᠬᠤᠷᠢᠶᠠᠨ ᠤ ᠬᠤᠶᠠᠳᠤᠭᠠᠷ | ᠲᠣᠭᠤᠷᠢᠨ ᠪᠠᠶᠢᠴᠠᠭᠠᠬᠤ ᠳᠤᠭᠤᠶᠢᠯᠠᠩ ᠤᠨ ᠪᠦᠷᠢᠯᠳᠦᠬᠦᠨ ᠪᠣᠯᠤᠨ ᠬᠤᠲᠠ ᠶᠢᠨ ᠨᠠᠮ ᠤᠨ ᠬᠤᠷᠢᠶᠠᠨ ᠤ ᠲᠣᠮᠢᠯᠠᠨ | ᠰᠠᠭᠤᠯᠭᠠᠭᠰᠠᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠬᠤᠯᠪᠣᠭᠳᠠᠯ ᠪᠦᠬᠦᠢ | ᠬᠠᠷᠢᠭᠤᠴᠠᠯᠭᠠᠲᠠᠨ ᠨᠠᠷ ᠬᠤᠷᠠᠯ ᠳᠤ ᠣᠷᠣᠯᠴᠠᠵᠤ᠂ ᠬᠤᠲᠠ ᠶᠢᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ | ᠬᠡᠯᠲᠡᠰ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠬᠤᠷᠠᠯ ᠢ ᠡᠷᠬᠢᠯᠡᠪᠡ᠃ | | ᠬᠤᠷᠠᠯ ᠠᠴᠠ ᠬᠤᠲᠠ ᠶᠢᠨ ᠨᠠᠮ ᠤᠨ ᠬᠤᠷᠢᠶᠠᠨ ᠤ ᠬᠤᠶᠠᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ | ᠲᠣᠭᠤᠷᠢᠨ ᠪᠠᠶᠢᠴᠠᠭᠠᠭᠰᠠᠨ ᠪᠠᠶᠢᠳᠠᠯ ᠢ ᠬᠠᠷᠢᠭᠤ ᠲᠤᠰᠬᠠᠬᠰᠠᠨ ᠪᠠ ᠣᠶᠢᠷ᠎ᠠ ᠶᠢᠨ ᠵᠢᠯ ᠠᠴᠠ ᠨᠠᠰᠢ ᠬᠤᠲᠠ ᠶᠢᠨ | ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠡᠭᠦᠷᠭᠡ ᠲᠤᠰᠢᠶᠠᠯ ᠤᠨ ᠬᠠᠷᠢᠭᠤᠴᠠᠯᠭ᠎ᠠ ᠶᠣᠰᠣᠭᠠᠷ | ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠠᠵᠢᠯ ᠢᠶᠠᠨ ᠥᠷᠨᠢᠭᠦᠯᠵᠦ᠂ ᠨᠠᠶᠢᠳᠠᠪᠤᠷᠢᠵᠢᠭᠤᠯᠤᠯᠲᠠ ᠶᠢ ᠳᠥᠯᠭᠢᠨ | ᠠᠬᠢᠭᠤᠯᠵᠤ᠂ ᠡᠯ᠎ᠡ ᠵᠦᠢᠯ ᠤᠨ ᠠᠵᠢᠯ ᠦᠢᠯᠡᠰ ᠪᠣᠯᠤᠨ ᠨᠠᠮ ᠤᠨ ᠪᠠᠶᠢᠭᠤᠯᠤᠯᠲᠠ ᠶᠢ ᠢᠳᠡᠪᠬᠢᠲᠡᠶ ᠠᠬᠢᠯᠲᠠ ᠲᠠᠢ | ᠪᠣᠯᠭᠠᠵᠤ ᠴᠢᠳᠠᠭᠰᠠᠨ ᠵᠢᠴᠢ ᠲᠣᠭᠤᠷᠢᠨ ᠪᠠᠶᠢᠴᠠᠭᠠᠯᠲᠠ ᠪᠠᠷ ᠲᠠᠮᠵᠢᠨ ᠢᠯᠡᠷᠡᠭᠦᠯᠦᠭᠰᠡᠨ ᠤᠷᠤᠰᠢᠵᠦ ᠪᠠᠶᠢᠭ᠎ᠠ ᠡᠳᠦᠶ | ᠲᠡᠳᠦᠶ ᠠᠰᠠᠭᠤᠳᠠᠯ ᠢ ᠬᠤᠶᠢᠰᠢᠳᠠ ᠶᠢᠨ ᠠᠵᠢᠯ ᠤᠨ ᠳᠤᠮᠳᠠ ᠪᠠᠨ ᠬᠠᠨᠳᠤᠯᠭᠠᠲᠤ ᠴᠢᠨᠠᠷᠲᠠᠶ ᠪᠠᠷ ᠴᠡᠭᠴᠡᠯᠡᠨ | ᠦᠬᠡᠷᠡᠴᠢᠯᠡᠵᠦ ᠳᠡᠭᠡᠭᠰᠢᠯᠡᠭᠦᠯᠬᠦ ᠴᠢᠬᠤᠯᠠᠳᠠᠢ ᠶᠢ ᠵᠢᠭᠠᠵᠦ ᠭᠠᠷᠭᠠᠪᠠ᠃ | ᠬᠤᠲᠠ ᠶᠢᠨ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ | ᠬᠠᠮᠢᠶ᠎ᠠ ᠪᠦᠬᠦᠢ ᠪᠦᠷᠢᠯᠳᠦᠬᠦᠨ᠂ ᠲᠣᠭᠤᠷᠢᠨ ᠪᠠᠶᠢᠴᠠᠭᠠᠬᠤ ᠠᠯᠪᠠᠨ ᠭᠡᠷ ᠤᠨ ᠬᠠᠷᠢᠭᠤᠴᠠᠯᠭᠠᠲᠠᠨ ᠨᠠᠷ ᠠᠴᠠ | ᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠵᠧᠨ ᠬᠠᠶ ᠨᠥᠬᠦᠷ ᠤᠨ ᠲᠣᠭᠤᠷᠢᠨ ᠪᠠᠶᠢᠴᠠᠭᠠᠭᠰᠠᠨ ᠪᠠᠶᠢᠳᠠᠯ ᠤᠨ | ᠬᠠᠷᠢᠭᠤ ᠮᠡᠳᠡᠭᠦᠯᠦᠯᠲᠡ ᠶᠢ ᠰᠣᠨᠣᠰᠬᠤ ᠦᠶ᠎ᠡ ᠶᠢᠨ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠪᠠ᠃ ᠬᠤᠳᠠ ᠶᠢᠨ | ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠲᠤᠰ ᠤᠳᠠᠭ᠎ᠠ ᠶᠢᠨ ᠲᠣᠭᠤᠷᠢᠨ ᠪᠠᠶᠢᠴᠠᠭᠠᠵᠤ ᠬᠠᠷᠢᠭᠤ | ᠲᠤᠰᠬᠠᠭᠰᠠᠨ ᠰᠠᠨᠠᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠨᠠᠷᠢᠨ ᠬᠢᠨᠠᠮᠠᠭᠠᠢ ᠬᠠᠨᠳᠤᠵᠤ᠂ ᠴᠡᠭᠴᠡᠯᠡᠨ | ᠰᠠᠶᠢᠵᠢᠷᠠᠭᠤᠯᠬᠤ ᠶᠠᠪᠤᠴᠠ ᠶᠢ ᠠᠰᠠᠭᠤᠳᠠᠯ ᠢ ᠰᠢᠢᠳᠪᠦᠷᠢᠯᠡᠬᠦ᠂ ᠬᠠᠮᠢᠶᠠᠷᠤᠯᠲᠠ ᠶᠢ ᠴᠢᠩᠭᠠᠳᠬᠠᠬᠤ᠂ ᠲᠦᠷᠢᠮ ᠢ | ᠲᠡᠭᠦᠯᠳᠡᠷᠵᠢᠭᠦᠯᠬᠦ᠂ ᠬᠥᠭᠵᠢᠯᠲᠡ ᠶᠢ ᠠᠬᠢᠭᠤᠯᠬᠤ ᠶᠠᠪᠤᠴᠠ ᠪᠤᠯᠭᠠᠪᠠ︔ ᠤᠯᠤᠰ ᠲᠦᠷᠦ ᠶᠢᠨ ᠲᠠᠯ᠎ᠠ ᠪᠠᠷ ᠰᠡᠷᠭᠡᠭ | ᠪᠠᠶᠢᠬᠤ ᠪᠠ ᠡᠷᠡᠰ ᠪᠠᠲᠤ ᠪᠠᠶᠢᠬᠤ ᠶᠢ ᠴᠠᠭ ᠢᠮᠠᠭᠲᠠ ᠪᠠᠲᠤᠯᠠᠵᠤ᠂ ᠬᠠᠷᠢᠭᠤ ᠲᠤᠰᠬᠠᠭᠰᠠᠨ ᠰᠠᠨᠠᠯ ᠤᠨ ᠲᠥᠪ | ᠴᠢᠩᠭ᠎ᠠ ᠴᠢᠨᠠᠷ ᠪᠣᠯᠤᠨ ᠴᠡᠭᠴᠡᠯᠡᠨ ᠥᠭᠡᠷᠡᠴᠢᠯᠡᠵᠦ ᠨᠠᠶᠢᠳᠠᠪᠤᠷᠢᠵᠢᠭᠤᠯᠬᠤ ᠶᠢᠨ ᠲᠤᠯᠭᠠᠮ᠎ᠠ ᠴᠢᠨᠠᠷ ᠢ ᠭᠦᠢᠴᠡᠳ | ᠲᠠᠨᠢᠵᠤ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠴᠡᠭᠴᠡᠯᠡᠨ ᠰᠠᠶᠢᠵᠢᠷᠠᠭᠤᠯᠤᠭᠰᠠᠨ ᠦᠷ᠎ᠡ | ᠪᠦᠲᠦᠮᠵᠢ ᠪᠠᠨ ᠲᠡᠭᠡᠭᠰᠢᠯᠡᠬᠦᠯᠪᠡ︔ ᠲᠤᠰ ᠤᠳᠠᠭ᠎ᠠ ᠶᠢᠨ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ | ᠠᠵᠢᠯ ᠢᠶᠠᠷ ᠠᠵᠠ ᠲᠣᠬᠢᠶᠠᠯ ᠪᠤᠯᠠᠭᠠᠨ᠂ ᠳ᠋ᠦᠩᠨᠡᠨ ᠲᠤᠩᠭᠠᠨ ᠪᠣᠳᠣᠯᠬᠢᠯᠠᠵᠤ᠂ ᠮᠥᠨ ᠴᠢᠨᠠᠷ ᠢ ᠰᠦᠪᠡᠭᠴᠢᠯᠡᠵᠦ᠂ | ᠠᠰᠠᠭᠤᠳᠠᠯ ᠤᠨ ᠪᠦᠷᠢᠯᠳᠦᠭᠰᠡᠨ ᠰᠢᠯᠲᠠᠭᠠᠨ ᠢ ᠡᠷᠢᠨ ᠭᠠᠷᠭᠠᠵᠤ᠂ ᠴᠡᠭᠴᠡᠯᠡᠨ ᠰᠠᠶᠢᠵᠢᠷᠠᠭᠤᠯᠬᠤ ᠶᠠᠪᠤᠴᠠ ᠳᠠᠬᠢ | ᠰᠠᠶᠢᠨ ᠲᠤᠷᠰᠢᠯᠭ᠎ᠠ᠂ ᠰᠠᠶᠢᠨ ᠠᠷᠭ᠎ᠠ ᠬᠢᠳᠡᠯ ᠢ ᠲᠦᠷᠢᠮ ᠪᠣᠯᠭᠠᠨ ᠪᠦᠷᠢᠯᠳᠦᠭᠦᠯᠬᠦ ᠶᠢᠨ ᠬᠠᠮᠲᠤ ᠤᠷᠳᠤ | ᠬᠤᠭᠤᠴᠠᠭ᠎ᠠ ᠪᠠᠷ ᠪᠠᠷᠢᠮᠳᠠᠯᠠᠨ᠎ᠠ᠃ | ᠬᠤᠲᠠ ᠶᠢᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ ᠬᠠᠷᠢᠭᠤᠴᠠᠯᠭᠠᠲᠠᠨ ᠠᠴᠠ | ᠲᠣᠭᠤᠷᠢᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠰᠠᠨᠠᠯ ᠢ ᠪᠦᠷᠢᠮᠰᠦᠨ ᠬᠦᠯᠢᠶᠡᠨ ᠠᠪᠬᠤ ᠪᠠᠨ ᠢᠯᠡᠷᠭᠡᠶᠢᠯᠡᠪᠡ᠃ | ᠪᠠᠰᠠ ᠲᠤᠰ ᠤᠳᠠᠭ᠎ᠠ ᠶᠢᠨ ᠲᠣᠭᠤᠷᠢᠨ ᠪᠠᠶᠢᠴᠠᠭᠠᠵᠤ ᠬᠠᠷᠢᠭᠤ ᠲᠤᠰᠬᠠᠬᠤ ᠪᠠᠷ ᠠᠵᠠ ᠲᠣᠬᠢᠶᠠᠯ ᠪᠤᠯᠠᠭᠠᠨ᠂ | ᠤᠯᠤᠰ ᠲᠦᠷᠦ ᠶᠢᠨ ᠤᠬᠠᠮᠰᠠᠷ ᠢᠶᠠᠨ ᠴᠢᠨᠠᠭᠰᠢᠳᠠ ᠴᠢᠩᠭᠠᠳᠬᠠᠵᠤ᠂ ᠲᠣᠭᠤᠷᠢᠨ ᠪᠠᠶᠢᠴᠠᠭᠠᠵᠤ ᠴᠡᠭᠴᠡᠯᠡᠨ | ᠰᠠᠶᠢᠵᠢᠷᠠᠭᠤᠯᠬᠤ ᠶᠢ ᠦᠨᠡᠨᠬᠦ ᠨᠠᠮ ᠤᠨ ᠭᠡᠰᠢᠭᠦᠨ ᠺᠠᠳ᠋ᠷᠴᠤᠳ ᠤᠨ ᠤᠯᠤᠰ ᠲᠦᠷᠦ ᠶᠢᠨ ᠵᠣᠭᠰᠣᠴᠠ ᠪᠠᠨ | ᠳᠡᠭᠡᠭᠰᠢᠯᠡᠭᠦᠯᠬᠦ᠂ ︽ᠬᠤᠶᠠᠷ ᠢ ᠬᠠᠮᠠᠭᠠᠯᠠᠬᠤ︾ ᠪᠣᠳᠠᠲᠠᠢ ᠠᠵᠢᠯᠯᠠᠭ᠎ᠠ ᠶᠢ ᠦᠢᠯᠡᠳᠦᠯᠬᠡᠵᠢᠬᠦᠯᠦᠨ᠎ᠡ︔ ᠤᠯᠤᠰ | ᠲᠦᠷᠦ ᠶᠢᠨ ᠡᠭᠦᠷᠭᠡᠯᠡᠯ ᠢᠶᠠᠨ ᠴᠢᠨᠠᠭᠰᠢᠳᠠ ᠴᠢᠩᠭᠠᠳᠬᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ | ᠴᠣᠭᠴᠠ ᠶᠢᠨ ᠬᠠᠷᠢᠭᠤᠴᠠᠯᠭ᠎ᠠ ᠪᠠ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠪᠦᠬᠦ | ᠬᠦᠴᠦᠨ ᠢᠶᠠᠷ ᠢᠶᠠᠨ ᠰᠠᠶᠢᠲᠤᠷ ᠠᠳᠬᠤᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠦᠨᠡᠨᠬᠦ ᠡᠭᠦᠷᠭᠡᠯᠡᠵᠦ᠂ | ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ | ᠨᠠᠶᠢᠳᠠᠪᠤᠷᠢᠵᠢᠭᠤᠯᠬᠤ ᠶᠢ ᠯᠠᠪᠳᠠᠭᠤᠨ ᠪᠠᠲᠤᠲᠠᠢ ᠰᠠᠶᠢᠲᠤᠷ ᠠᠳᠬᠤᠨ᠎ᠠ︔ ᠬᠢᠨᠠᠯᠲᠠ ᠬᠠᠮᠢᠶᠠᠷᠤᠯᠲᠠ ᠪᠠᠨ | ᠴᠢᠨᠠᠭᠰᠢᠳᠠ ᠴᠢᠩᠭᠠᠳᠬᠠᠵᠤ᠂ ᠭᠦᠨᠵᠡᠭᠡᠢ ᠴᠡᠭᠴᠡᠯᠡᠨ ᠰᠠᠶᠢᠵᠢᠷᠠᠭᠤᠯᠬᠤ ᠶᠢᠨ ᠵᠡᠷᠭᠡᠪᠡᠷ ᠨᠢᠭᠡ ᠠᠴᠠ ᠵᠦᠢᠴᠢᠯᠡᠵᠦ | ᠨᠦᠬᠦᠭᠡ ᠶᠢ ᠮᠡᠳᠡᠵᠦ᠂ ᠦᠩᠭᠡᠨ ᠲᠠᠯ᠎ᠠ ᠪᠠ ᠦᠨᠳᠦᠰᠦ ᠰᠤᠷᠪᠤᠯᠵᠢ ᠶᠢ ᠵᠡᠷᠭᠡᠪᠡᠷ ᠵᠠᠰᠠᠵᠤ᠂ ᠤᠷᠳᠤ | ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠵᠤ᠂ ᠲᠤᠰ ᠤᠳᠠᠭ᠎ᠠ ᠶᠢᠨ ᠲᠣᠭᠤᠷᠢᠨ ᠪᠠᠶᠢᠴᠠᠭᠠᠯᠲᠠ ᠳᠤ | ᠢᠯᠡᠷᠡᠭᠦᠯᠦᠭᠰᠡᠨ ᠠᠰᠠᠭᠤᠳᠠᠯ ᠤᠨ ᠴᠡᠭᠴᠡᠯᠡᠨ ᠰᠠᠶᠢᠵᠢᠷᠠᠭᠤᠯᠵᠤ ᠳᠠᠭᠤᠰᠤᠭᠰᠠᠨ ᠤ ᠳᠠᠷᠠᠭ᠎ᠠ ᠲᠠᠬᠢᠨ ᠢᠯᠡᠷᠡᠬᠦ ᠶᠢ | ᠡᠷᠡᠰ ᠬᠤᠷᠢᠭᠯᠠᠵᠤ᠂ ᠨᠢᠭᠡᠳᠦᠮᠡᠯ ᠹᠷᠣᠨᠲ ᠤᠨ ᠡᠯ᠎ᠡ ᠵᠦᠢᠯ ᠤᠨ ᠠᠵᠢᠯ ᠢ ᠨᠡᠩ ᠴᠢᠩᠭ᠎ᠠ ᠨᠡᠩ ᠪᠣᠳᠠᠲᠠᠢ ᠨᠡᠩ | ᠰᠠᠶᠢᠨ ᠠᠳᠬᠤᠬᠤ ᠪᠠᠷ ᠴᠢᠷᠮᠠᠶᠢᠨ᠎ᠠ ᠭᠡᠪᠡ᠃ | ᠬᠤᠳᠠ ᠶᠢᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ ᠪᠠᠶᠢᠭᠤᠯᠭ᠎ᠠ ᠶᠢᠨ ᠪᠦᠬᠦ ᠺᠠᠳ᠋ᠷ᠂ | ᠬᠤᠳᠠ ᠶᠢᠨ ᠠᠷᠠᠳ ᠤᠨ ᠵᠥᠪᠯᠡᠯ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠬᠠᠷᠢᠭᠤᠴᠠᠯᠭᠠᠲᠠᠨ᠂ ᠡᠯ᠎ᠡ | ᠰᠢᠶᠠᠩ ᠪᠠᠯᠭᠠᠰᠤ᠂ ᠬᠡᠷᠡᠭ ᠡᠷᠬᠢᠯᠡᠬᠦ ᠭᠠᠵᠠᠷ ᠤᠨ ᠨᠢᠭᠡᠳᠦᠮᠡᠯ ᠹᠷᠣᠨᠲ ᠤᠨ ᠭᠡᠰᠢᠭᠦᠨ᠂ ᠨᠢᠭᠡᠳᠦᠮᠡᠯ ᠹᠷᠣᠨᠲ ᠤᠨ | ᠠᠵᠢᠯᠯᠠᠭᠴᠢ ᠵᠢᠴᠢ ᠨᠢᠭᠡᠳᠦᠮᠡᠯ ᠹᠷᠣᠨᠲ ᠤᠨ ᠡᠲᠡᠭᠡᠳ ᠤᠨ ᠲᠥᠯᠥᠭᠡᠯᠡᠭᠴᠢ ᠨᠠᠷ ᠬᠤᠷᠠᠯ ᠳᠤ ᠣᠷᠣᠯᠴᠠᠪᠠ᠃ | | | ᠨᠠᠶᠢᠷᠠᠭᠤᠯᠤᠭᠴᠢ᠄ ᠵᠢᠶᠠ ᠷᠠᠨ ᠲᠦᠩ | ᠤᠷᠴᠢᠭᠤᠯᠤᠬᠴᠢ᠄ ᠬᠠᠨ ᠰᠢᠶᠤᠤ ᠿᠦᠩ | ᠬᠢᠨᠠᠬᠴᠢ᠄ ᠼᠦᠢ ᠶᠢᠩ | |