| ᠣᠳᠣᠬᠠᠨ ᠳᠤ᠂ ᠬᠠᠪᠤᠷ ᠤᠨ ᠲᠠᠷᠢᠶᠠᠯᠠᠭ᠎ᠠ ᠶᠢ ᠪᠡᠯᠡᠳᠬᠡᠬᠦ ᠵᠠᠩᠭᠢᠯᠠᠭ᠎ᠠ ᠶᠢᠨ ᠴᠠᠭ ᠦᠶ᠎ᠡ ᠪᠣᠯᠵᠤ᠂ ᠦᠷ᠎ᠡ᠂ | ᠬᠢᠮᠢ ᠶᠢᠨ ᠪᠣᠷᠳᠣᠭᠤᠷ ᠵᠡᠷᠭᠡ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠪᠦᠲᠦᠭᠡᠭᠳᠡᠬᠦᠨ ᠢ ᠬᠤᠳᠠᠯᠳᠤᠨ | ᠠᠪᠬᠤ ᠪᠠ ᠪᠣᠷᠣᠯᠠᠭᠤᠯᠬᠤ ᠴᠢᠬᠤᠯᠠ ᠴᠠᠭ ᠦᠶ᠎ᠡ ᠳᠤ ᠤᠷᠤᠪᠠ᠃ ᠥᠷᠭᠡᠨ ᠤᠯᠠᠨ ᠲᠠᠷᠢᠶᠠᠴᠢᠨ ᠲᠦᠮᠡᠨ ᠤ ᠠᠰᠢᠭ | ᠲᠤᠰᠠ ᠶᠢ ᠦᠨᠡᠨᠬᠦ ᠪᠠᠲᠤᠯᠠᠬᠤ ᠶᠢᠨ ᠲᠥᠯᠥᠭᠡ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠵᠠᠬ᠎ᠠ | ᠳᠡᠯᠭᠡᠭᠦᠷ ᠤᠨ ᠡᠵᠡᠩᠨᠡᠯᠲᠡ ᠶᠢᠨ ᠠᠵᠢᠯᠯᠠᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠬᠠᠪᠤᠷ ᠤᠨ | ᠲᠠᠷᠢᠶᠠᠯᠠᠭ᠎ᠠ ᠶᠢᠨ ᠦᠢᠯᠡᠳᠪᠦᠷᠢᠯᠡᠯ ᠤᠨ ᠤᠷᠤᠭᠰᠢᠲᠠᠶ ᠶᠠᠪᠤᠭᠳᠠᠬᠤ ᠶᠢ ᠪᠠᠲᠤᠯᠠᠨ᠎ᠠ᠃ 3 ᠰᠠᠷ᠎ᠠ ᠶᠢᠨ 17 ᠤ ᠡᠳᠦᠷ | ᠂ ᠹᠧᠩᠵᠧᠨ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠬᠦ ᠶᠡᠭᠡ ᠠᠩᠭᠢ ᠨᠢ ᠳᠣᠲᠣᠭᠠᠳᠤ ᠶᠢ ᠬᠠᠮᠠᠭᠠᠯᠠᠬᠤ ᠢᠳᠡᠭᠡᠨ ᠪᠠ ᠡᠮ ᠤᠨ ᠵᠦᠢᠯ ᠤᠨ ᠶᠡᠭᠡ | ᠠᠩᠭᠢ᠂ ᠲᠠᠷᠢᠶᠠᠯᠠᠩ ᠮᠠᠯ ᠠᠵᠤ ᠠᠬᠤᠶ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ | ᠠᠩᠭᠢ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ᠂ ᠹᠧᠩᠵᠧᠨ ᠬᠤᠲᠠ ᠶᠢᠨ ᠲᠣᠭᠤᠷᠢᠭ ᠵᠢᠴᠢ ᠡᠯ᠎ᠡ ᠰᠢᠶᠠᠩ | ᠪᠠᠯᠭᠠᠰᠤᠨ ᠤ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠪᠣᠷᠣᠯᠠᠭᠤᠯᠤᠯᠲᠠ ᠶᠢᠨ ᠴᠡᠭ ᠲᠤ ᠬᠤᠳᠠᠯ | ᠬᠠᠭᠤᠷᠮᠠᠭ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠳᠤ ᠴᠣᠬᠢᠯᠲᠠ ᠥᠭᠬᠦ ᠲᠤᠰᠬᠠᠶ ᠴᠡᠭᠴᠡᠯᠡᠨ ᠵᠠᠰᠠᠬᠤ | ᠠᠵᠢᠯᠯᠠᠭ᠎ᠠ ᠶᠢ ᠥᠷᠨᠢᠭᠦᠯᠵᠦ᠂ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠢ ᠬᠠᠮᠠᠭᠠᠯᠠᠪᠠ᠃ | | ᠲᠣᠰ ᠤᠳᠠᠭᠠᠨ ᠤ ᠲᠤᠰᠬᠠᠶ ᠠᠵᠢᠯᠯᠠᠭ᠎ᠠ ᠨᠢ ᠬᠢᠮᠢ ᠶᠢᠨ ᠪᠣᠷᠲᠣᠭᠤᠷ᠂ ᠲᠠᠷᠢᠶᠠᠯᠠᠩ ᠳᠤ ᠬᠡᠷᠡᠭᠯᠡᠬᠦ ᠪᠦᠷᠬᠦᠪᠴᠢ | ᠵᠡᠷᠭᠡ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠦᠢᠯᠡᠳᠭᠦᠨ ᠢᠶᠠᠷ ᠭᠤᠤᠯᠳᠠᠯᠭ᠎ᠠ ᠪᠣᠯᠭᠠᠵᠤ᠂ | ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠪᠣᠷᠣᠯᠠᠭᠤᠯᠭ᠎ᠠ ᠶᠢᠨ ᠣᠷᠣᠭᠤᠯᠵᠤ ᠪᠣᠷᠣᠯᠠᠭᠤᠯᠤᠭᠰᠠᠨ | ᠪᠠᠷᠠᠭᠠᠨ ᠤ ᠡᠬᠡ ᠲᠠᠩᠰᠠ᠂ ᠭᠡᠷᠡᠴᠢ ᠪᠠ ᠫᠢᠶᠣᠣ ᠪᠠᠷᠢᠮᠲᠠ᠂ ᠬᠢᠷᠢ ᠲᠡᠩᠴᠡᠭᠰᠡᠨ ᠭᠡᠷᠡᠴᠢ ᠵᠡᠷᠭᠡ ᠲᠠᠯ᠎ᠠ ᠳᠤ | ᠭᠤᠤᠯᠳᠠᠯᠭ᠎ᠠ ᠲᠠᠢ ᠪᠠᠶᠢᠴᠠᠭᠠᠯᠲᠠ ᠬᠢᠪᠠ᠃ ᠦᠨᠡᠮᠯᠡᠯ ᠥᠬᠡᠶ ᠪᠠᠷ ᠡᠵᠡᠩᠨᠡᠬᠦ᠂ ᠬᠢᠷᠢ ᠲᠡᠩᠴᠡᠭᠦ ᠥᠬᠡᠶ | ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠪᠦᠲᠦᠭᠡᠭᠳᠡᠬᠦᠨ ᠢ ᠪᠣᠷᠣᠯᠠᠭᠤᠯᠬᠤ᠂ ᠬᠤᠳᠠᠯ ᠬᠠᠭᠤᠷᠮᠠᠭ ᠢᠶᠠᠷ | ᠤᠬᠠᠭᠤᠯᠬᠤ ᠵᠡᠷᠭᠡ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠭᠤᠤᠯᠳᠠᠯᠭ᠎ᠠ ᠲᠠᠢ ᠪᠠᠶᠢᠴᠠᠭᠠᠨ | ᠰᠢᠢᠳᠪᠦᠷᠢᠯᠡᠪᠡ᠃ ᠪᠠᠶᠢᠴᠠᠭᠠᠬᠤ ᠶᠠᠪᠤᠴᠠ ᠳᠤ᠂ ᠬᠠᠤᠯᠢ ᠬᠡᠷᠡᠭᠵᠢᠭᠦᠯᠬᠦ ᠠᠵᠢᠯᠲᠠᠨ ᠪᠠᠰᠠ ᠲᠠᠷᠢᠶᠠᠯᠠᠩ ᠤᠨ | ᠦᠢᠯᠡᠳᠪᠦᠷᠢᠯᠡᠯ ᠤᠨ ᠬᠡᠷᠡᠭᠰᠡᠯ ᠢ ᠬᠤᠳᠠᠯᠳᠤᠨ ᠠᠪᠬᠤ ᠪᠠᠷ ᠢᠷᠡᠭᠰᠡᠨ ᠲᠠᠷᠢᠶᠠᠴᠢᠨ ᠡᠷᠦᠬᠡ ᠳᠤ ᠬᠠᠭᠤᠷᠮᠠᠭ ᠮᠠᠭᠤ | ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠪᠦᠲᠦᠭᠡᠭᠳᠡᠬᠦᠨ ᠢ ᠬᠡᠷᠬᠢᠨ ᠢᠯᠭᠠᠨ ᠲᠠᠨᠢᠬᠤ ᠲᠤᠬᠠᠶ | ᠲᠠᠶᠢᠯᠪᠤᠷᠢᠯᠠᠨ ᠥᠭᠴᠦ᠂ ᠲᠡᠳᠡᠨ ᠳᠤ ᠬᠠᠭᠤᠷᠮᠠᠭ ᠮᠠᠭᠤ ᠦᠢᠯᠡᠳᠭᠦᠨ ᠳᠤ ᠴᠣᠬᠢᠯᠲᠠ ᠥᠭᠴᠦ ᠡᠷᠬᠡ ᠪᠠᠨ | ᠬᠠᠮᠠᠭᠠᠯᠠᠬᠤ ᠮᠡᠳᠡᠯᠭᠡ ᠶᠢ ᠤᠬᠠᠭᠤᠯᠵᠤ᠂ ᠠᠷᠠᠳ ᠣᠯᠠᠨ ᠤ ᠰᠠᠨᠠᠭ᠎ᠠ ᠠᠮᠤᠷ ᠬᠤᠳᠠᠯᠳᠤᠨ ᠠᠪᠴᠤ ᠬᠡᠷᠡᠭᠯᠡᠬᠦ ᠶᠢ | ᠦᠨᠡᠨᠬᠦ ᠪᠠᠲᠤᠯᠠᠪᠠ᠃ | | ᠬᠠᠤᠯᠢ ᠬᠡᠷᠡᠭᠵᠢᠭᠦᠯᠬᠦ ᠠᠵᠢᠯᠲᠠᠨ ᠥᠷᠭᠡᠨ ᠣᠯᠠᠨ ᠲᠠᠷᠢᠶᠠᠴᠢᠳ ᠲᠤ ᠲᠠᠷᠢᠶᠠᠯᠠᠩ ᠤᠨ ᠦᠢᠯᠡᠳᠪᠦᠷᠢᠯᠡᠯ ᠤᠨ | ᠬᠡᠷᠡᠭᠰᠡᠯ ᠢ ᠰᠣᠩᠭᠤᠵᠤ ᠬᠤᠳᠠᠯᠳᠤᠨ ᠠᠪᠬᠤ ᠳᠠᠭᠠᠨ ᠵᠢᠩᠬᠢᠨᠢ ᠪᠣᠷᠣᠯᠠᠭᠤᠯᠬᠤ ᠭᠠᠵᠠᠷ ᠠᠴᠠ ᠬᠤᠳᠠᠯᠳᠤᠨ ᠠᠪᠴᠤ᠂ | ᠦᠢᠯᠡᠳᠬᠦᠨ ᠤ ᠭᠠᠳᠠᠷ ᠪᠣᠭᠤᠳᠠᠯ ᠪᠣᠯᠤᠨ ᠲᠠᠸᠠᠷ ᠤᠨ ᠬᠡᠷᠡᠭᠯᠡᠭᠡᠨ ᠤ ᠲᠣᠳᠣᠷᠬᠠᠶᠢᠯᠠᠯᠲᠠ ᠶᠢᠨ ᠪᠢᠴᠢᠭ ᠢ ᠨᠠᠷᠢᠨ | ᠨᠢᠮᠪᠠᠶ ᠪᠠᠶᠢᠴᠠᠭᠠᠨ ᠦᠵᠡᠵᠦ᠂ ᠬᠠᠭᠤᠷᠮᠠᠭ ᠮᠠᠭᠤ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠬᠠᠪᠤᠷ ᠤᠨ | ᠲᠠᠷᠢᠶᠠᠯᠠᠭ᠎ᠠ ᠶᠢᠨ ᠶᠠᠰᠤ ᠴᠢᠨᠠᠷ ᠢ ᠬᠤᠬᠢᠷᠠᠭᠤᠯᠬᠤ ᠠᠴᠠ ᠰᠡᠷᠭᠡᠶᠢᠯᠡᠬᠦ ᠬᠡᠷᠡᠭᠲᠡᠶ ᠭᠡᠵᠦ ᠰᠠᠨᠠᠭᠤᠯᠪᠠ᠃ | | | ᠤᠷᠴᠢᠭᠤᠯᠤᠭᠴᠢ᠄ ᠬᠠᠨ ᠰᠢᠶᠤᠤ ᠿᠦᠩ | ᠬᠢᠨᠠᠭᠴᠢ᠄ ᠼᠦᠢ ᠶᠢᠩ |