ᠸᠠᠩ ᠵᠧᠨ ᠬᠠᠶ ᠮᠠᠨ ᠤ ᠬᠤᠲᠠ ᠬᠢᠭᠡᠳ ᠥᠪᠥᠷ ᠮᠣᠩᠭᠤᠯ ᠤᠨ ᠪᠠᠷᠢᠯᠭ᠎ᠠ ᠶᠢᠨ ᠠᠵᠢᠯ ᠮᠡᠷᠭᠡᠵᠢᠯ ᠤᠨ ᠤᠬᠠᠭᠠᠨ ᠤ ᠳᠡᠭᠡᠳᠦ ᠰᠤᠷᠭᠠᠭᠤᠯᠢ ᠶᠢᠨ ᠣᠷᠣᠨ ᠨᠤᠲᠤᠭ ᠤᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠡᠯᠡᠯᠴᠡᠭᠡᠷ ᠤᠨ ᠭᠠᠷ ᠤᠨ ᠥᠰᠥᠭ ᠵᠢᠷᠤᠬᠤ ᠶᠣᠰᠣᠯᠠᠯ ᠳᠤ ᠣᠷᠣᠯᠴᠠᠪᠠ
ᠨᠡᠶᠢᠲᠡᠯᠡᠭᠰᠡᠨ ᠴᠠᠭ᠄
2021/3/22
    3 ᠳ᠋ᠤᠭᠠᠷ ᠰᠠᠷ᠎ᠠ ᠶᠢᠨ 17 ᠤ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠸᠠᠩ ᠵᠧᠨ ᠬᠠᠶ  ᠨᠡᠷ ᠥᠪᠥᠷ ᠮᠣᠩᠭᠤᠯ ᠤᠨ ᠪᠠᠷᠢᠯᠭ᠎ᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠳᠤ ᠬᠦᠷᠴᠦ ᠰᠢᠨᠵᠢᠯᠡᠨ ᠪᠠᠶᠢᠴᠠᠭᠠᠬᠤ ᠠᠵᠢᠯᠯᠠᠭ᠎ᠠ ᠥᠷᠨᠢᠭᠦᠯᠦᠭᠰᠡᠨ ᠪᠥᠭᠡᠳ ︽ᠹᠧᠩᠵᠧᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠥᠪᠥᠷ ᠮᠣᠩᠭᠤᠯ ᠤᠨ ᠪᠠᠷᠢᠯᠭ᠎ᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠪᠣᠷᠣ ᠲᠥᠯᠥᠪ ᠤᠨ ᠵᠥᠪᠯᠡᠯᠴᠡᠭᠡᠷ︾ ᠲᠤ ᠭᠠᠷ ᠤᠨ ᠥᠰᠥᠭ ᠵᠢᠷᠤᠪᠠ᠃
   ᠮᠠᠨ ᠤ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠸᠠᠩ ᠵᠧᠨ ᠬᠠᠶ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠬᠤᠲᠠ ᠶᠢᠨ ᠳᠠᠷᠤᠭ᠎ᠠ ᠵᠠᠩ ᠬᠤᠩ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠬᠤᠲᠠ ᠶᠢᠨ ᠳᠠᠷᠤᠭ᠎ᠠ ᠵᠤᠤ ᠶᠢᠨ ᠯᠦᠩ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ᠂ ᠥᠪᠥᠷ ᠮᠣᠩᠭᠤᠯ ᠤᠨ ᠪᠠᠷᠢᠯᠭ᠎ᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠰᠤᠷᠭᠠᠭᠤᠯᠢ ᠶᠢᠨ ᠵᠠᠬᠢᠷᠤᠯ ᠨᠢᠦ ᠵᠢᠶᠠᠨ ᠭᠠᠩ ᠵᠡᠷᠭᠡ ᠰᠤᠷᠭᠠᠭᠤᠯᠢ ᠶᠢᠨ ᠲᠠᠯ᠎ᠠ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠨᠠᠷ ᠬᠠᠮᠳᠤᠪᠠᠷ ᠭᠠᠷ ᠤᠨ ᠥᠰᠥᠭ ᠵᠢᠷᠤᠬᠤ ᠶᠣᠰᠣᠯᠠᠯ ᠳᠤ ᠣᠷᠣᠯᠴᠠᠭᠰᠠᠨ ᠪᠥᠭᠡᠳ ᠰᠠᠭᠤᠳᠠᠯ ᠤᠨ ᠬᠤᠷᠠᠯ ᠬᠤᠷᠠᠯᠳᠤᠪᠠ᠃
   ᠰᠠᠭᠤᠳᠠᠯ ᠤᠨ ᠬᠤᠷᠠᠯ ᠳᠡᠭᠡᠷ᠎ᠡ᠂ ᠸᠠᠩ ᠵᠧᠨ ᠬᠠᠶ ᠮᠠᠨ ᠤ ᠬᠤᠲᠠ ᠶᠢᠨ ᠦᠨᠳᠦᠰᠦᠨ ᠲᠦᠢᠮᠣ ᠪᠠᠶᠢᠳᠠᠯ᠂ ᠠᠵᠤ ᠦᠢᠯᠡᠰ ᠤᠨ ᠬᠥᠭᠵᠢᠯᠲᠡ ᠶᠢᠨ ᠣᠳᠣᠬᠢ ᠪᠠᠶᠢᠳᠠᠯ᠂ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠶᠢᠨ ᠪᠠᠶᠢᠳᠠᠯ ᠢ ᠲᠠᠨᠢᠯᠴᠠᠭᠤᠯᠬᠤ ᠶᠢᠨ ᠬᠠᠮᠲᠤ ᠴᠢᠳᠠᠪᠤᠷᠢᠲᠠᠨ ᠢ ᠬᠥᠮᠦᠵᠢᠭᠦᠯᠵᠦ ᠰᠣᠯᠢᠯᠴᠠᠬᠤ᠂ ᠪᠠᠶᠢᠯᠳᠤᠬᠤ ᠪᠣᠳᠣᠯᠭ᠎ᠠ ᠶᠢᠨ ᠰᠢᠢᠳᠪᠦᠷᠢᠳᠦ ᠪᠣᠳᠣᠯᠭ᠎ᠠ ᠶᠢᠨ ᠵᠥᠪᠯᠡᠯᠭᠡ ᠥᠭᠬᠦ᠂ ᠰᠤᠷᠭᠠᠨ ᠬᠥᠮᠦᠵᠢᠯ ᠤᠨ ᠬᠦᠷᠢᠶᠡᠨ ᠳᠠᠬᠢ ᠰᠣᠯᠢᠯᠴᠠᠭ᠎ᠠ᠂ ᠤᠶᠤᠲᠠᠳ ᠤᠨ ᠠᠵᠢᠯ ᠣᠯᠵᠤ ᠦᠢᠯᠡᠰ ᠴᠣᠭᠴᠠᠯᠠᠬᠤ ᠵᠡᠷᠭᠡ 4 ᠲᠠᠯ᠎ᠠ ᠶᠢᠨ ᠬᠠᠮᠲᠤᠷᠠᠯᠴᠠᠭᠠᠨ ᠤ ᠠᠭᠤᠯᠭ᠎ᠠ ᠶᠢᠨ ᠲᠤᠬᠠᠶ ᠪᠣᠳᠠᠲᠠᠶ ᠰᠠᠨᠠᠯ ᠳᠤᠷᠠᠳᠪᠠ᠃    ᠸᠠᠩ ᠵᠧᠨ ᠬᠠᠶ ᠢᠯᠡᠷᠬᠡᠶᠢᠯᠡᠭᠰᠡᠨ ᠨᠢ᠂ ᠰᠤᠷᠭᠠᠭᠤᠯᠢ ᠪᠠ ᠣᠷᠣᠨ ᠨᠤᠲᠤᠭ ᠤᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ ᠪᠠᠷ ᠳᠠᠮᠵᠢᠭᠤᠯᠤᠨ᠂ ᠮᠠᠨ ᠤ ᠬᠤᠲᠠ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠦᠷᠢᠶᠡᠨ ᠤ ᠬᠥᠭᠵᠢᠨ ᠪᠤᠵᠠᠭᠠᠶᠢᠷᠠᠬᠤ ᠶᠢ ᠠᠬᠢᠭᠤᠯᠵᠤ᠂ ᠹᠧᠩᠵᠧᠨ ᠬᠤᠲᠠ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠨᠠᠩ ᠣᠯᠠᠨ ᠰᠢᠯᠢᠳᠡᠭ ᠴᠢᠳᠠᠪᠤᠷᠢᠲᠠᠨ ᠢ ᠬᠥᠮᠦᠵᠢᠭᠦᠯᠵᠦ ᠦᠭᠭᠦᠨ᠎ᠡ᠃
   ᠨᠢᠦ ᠵᠢᠶᠠᠨ ᠭᠠᠩ ᠢᠯᠡᠷᠬᠡᠶᠢᠯᠡᠭᠰᠡᠨ ᠨᠢ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠨᠡᠶᠢᠭᠡᠮ ᠤᠨ ᠬᠡᠷᠡᠭᠴᠡᠭᠡ ᠳᠤ ᠬᠠᠨᠳᠤᠭᠤᠯᠤᠨ ᠴᠢᠳᠠᠪᠤᠷᠢᠲᠠᠨ ᠢ ᠬᠥᠮᠦᠵᠢᠭᠦᠯᠵᠦ ᠦᠵᠡᠯᠲᠡ ᠪᠠᠨ ᠰᠢᠨᠡᠳᠬᠡᠪᠡᠯ᠂ ᠵᠠᠬ᠎ᠠ ᠳᠡᠯᠭᠡᠭᠦᠷ ᠤᠨ ᠠᠵᠤ ᠠᠬᠤᠶ ᠰᠠᠶ᠋ᠢ ᠦᠷᠭᠦᠯᠵᠢᠯᠡᠨ ᠲᠣᠭᠲᠠᠭᠤᠨ ᠪᠥᠭᠡᠳ ᠰᠠᠶᠢᠨ ᠰᠠᠶᠢᠬᠠᠨ ᠬᠥᠭᠵᠢᠵᠦ  ᠲᠡᠶᠢᠯᠦᠨ᠎ᠡ ᠂ ᠬᠤᠶᠠᠷ ᠲᠠᠯ᠎ᠠ ᠪᠠᠷ ᠢᠶᠠᠨ ᠰᠤᠷᠭᠠᠭᠤᠯᠢ ᠪᠠ ᠣᠷᠣᠨ ᠨᠤᠲᠤᠭ ᠤᠨ ᠬᠠᠮᠲᠤᠷᠠᠯᠴᠠᠭᠠᠨ ᠤ ᠰᠠᠭᠤᠷᠢᠨ ᠳᠡᠭᠡᠷ᠎ᠡ ᠳᠠᠬᠢᠨ ᠰᠢᠨ᠎ᠡ ᠳᠡᠭᠲᠡᠷ ᠲᠤ ᠭᠠᠷᠬᠤ ᠪᠤᠯᠳᠤᠭᠠᠢ᠃    ᠵᠠᠩ ᠬᠤᠩ ᠪᠣᠯᠤᠨ ᠨᠢᠦ ᠵᠢᠶᠠᠨ ᠭᠠᠩ ᠲᠣᠰ ᠲᠣᠰ ᠮᠠᠨ ᠤ ᠬᠤᠲᠠ ᠶᠢᠨ ᠠᠷᠠᠳ ᠤᠨ ᠵᠠᠰᠠᠭ ᠤᠨ ᠣᠷᠳᠣᠨ ᠪᠣᠯᠤᠨ ᠥᠪᠥᠷ ᠮᠣᠩᠭᠤᠯ ᠤᠨ ᠪᠠᠷᠢᠯᠭ᠎ᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢ ᠲᠥᠯᠥᠭᠡᠯᠡᠨ ︽ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠪᠣᠷᠣ ᠲᠥᠯᠥᠪ ᠤᠨ ᠵᠥᠪᠯᠡᠯᠴᠡᠭᠡᠷ︾ ᠲᠤ ᠭᠠᠷ ᠤᠨ ᠥᠰᠥᠭ ᠵᠢᠷᠤᠵᠠᠭᠠᠪᠠ᠃
   ᠭᠠᠷ ᠤᠨ ᠦᠰᠦᠭ ᠵᠢᠷᠤᠬᠤ ᠶᠣᠰᠣᠯᠠᠯ ᠳᠠᠭᠤᠰᠤᠭᠰᠠᠨ ᠤ ᠳᠠᠷᠠᠭ᠎ᠠ᠂ ᠬᠤᠷᠠᠯ ᠳᠤ ᠣᠷᠣᠯᠴᠠᠭᠰᠠᠳ ᠥᠪᠥᠷ ᠮᠣᠩᠭᠤᠯ ᠤᠨ ᠪᠠᠷᠢᠯᠭ᠎ᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠭᠠᠯ ᠤᠨᠲᠠᠷᠠᠭᠠᠬᠤ ᠳᠠᠳᠤᠯᠭ᠎ᠠ ᠪᠣᠯᠪᠠᠰᠤᠷᠠᠯ ᠤᠨ ᠲᠠᠰᠤᠭ᠂ ᠬᠡᠮᠵᠢᠯᠲᠡ ᠶᠢᠨ ᠳᠠᠳᠤᠯᠭ᠎ᠠ ᠪᠣᠯᠪᠠᠰᠤᠷᠠᠯ ᠤᠨ ᠲᠠᠰᠤᠭ᠂ ᠡᠷᠲᠡᠨ ᠤ ᠪᠦᠲᠦᠭᠡᠨ ᠪᠠᠶᠢᠭᠤᠯᠤᠯᠲᠠ ᠶᠢᠨ ᠦᠵᠡᠭᠦᠯᠦᠯᠭᠡ ᠶᠢᠨ ᠣᠷᠳᠣᠨ᠂ ᠨᠤᠸᠠᠨ ᠲᠦᠩ ᠮᠦᠽᠧᠶ ᠵᠡᠷᠭᠡ ᠵᠢᠭᠠᠨ ᠰᠤᠷᠭᠠᠯᠲᠠ᠂ ᠪᠣᠳᠠᠲᠤ ᠪᠡᠶ᠎ᠡ ᠶᠢᠨ ᠲᠠᠮᠢᠷ ᠤᠨ ᠲᠠᠯᠠᠪᠠᠶ ᠪᠣᠯᠤᠨ ᠠᠷᠠᠰᠤᠨ ᠰᠡᠶᠢᠯᠦᠮᠡᠯ ᠤᠨ ᠪᠠᠭᠰᠢ ᠶᠢᠨ ᠠᠵᠢᠯᠯᠠᠬᠤ ᠲᠠᠰᠤᠭ ᠵᠡᠷᠭᠡ ᠤᠨᠴᠠᠯᠢᠭᠳᠤ ᠠᠵᠢᠯᠯᠠᠬᠤ ᠲᠠᠰᠤᠭ ᠢ ᠲᠣᠭᠤᠷᠢᠨ ᠦᠵᠡᠵᠦ᠂ ᠥᠪᠥᠷ ᠮᠣᠩᠭᠤᠯ ᠤᠨ ᠪᠠᠷᠢᠯᠭ᠎ᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠲᠤᠰᠬᠠᠶ ᠮᠡᠷᠭᠡᠵᠢᠯ ᠤᠨ ᠪᠠᠶᠢᠷᠢᠯᠠᠭᠤᠯᠤᠯᠲᠠ ᠪᠣᠯᠤᠨ ᠵᠢᠭᠠᠨ ᠰᠤᠷᠭᠠᠯᠲᠠ ᠶᠢᠨ ᠪᠠᠶᠢᠳᠠᠯ ᠢ ᠭᠦᠨᠵᠡᠭᠡᠶ ᠤᠶᠢᠯᠠᠭᠠᠵᠠᠭᠠᠪᠠ᠃               ᠤᠷᠴᠢᠭᠤᠯᠤᠭᠴᠢ᠄ ᠬᠠᠨ ᠰᠢᠶᠤᠤ ᠿᠦᠩ               ᠬᠢᠨᠠᠭᠴᠢ᠄ ᠼᠦᠢ ᠶᠢᠩ
 
ᠢᠷᠡᠯᠲᠡ᠄ ᠠᠮᠢᠵᠢᠷᠠᠯ ᠪᠢᠯᠬᠠᠭᠰᠠᠨ ᠹᠧᠩᠵᠧᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3