ᠬᠤᠲᠠ ᠶᠢᠨ ᠨᠠᠮ ᠤᠨ ᠬᠤᠷᠢᠶᠠᠨ ᠤ ᠭᠤᠷᠪᠠᠳᠤᠭᠠᠷ ᠴᠠᠭᠳᠠᠨ ᠪᠠᠶᠢᠴᠠᠭᠠᠬᠤ ᠳᠤᠭᠤᠶᠢᠯᠠᠩ ᠬᠤᠲᠠ ᠶᠢᠨ ᠨᠠᠮ ᠤᠨ ᠬᠤᠷᠢᠶᠠᠨ ᠤ ᠠᠯᠪᠠᠨ ᠭᠡᠷ ᠲᠤ ᠴᠠᠭᠳᠠᠨ ᠪᠠᠶᠢᠴᠠᠭᠠᠭᠰᠠᠨ ᠪᠠᠶᠢᠳᠠᠯ ᠤᠨ ᠬᠠᠷᠢᠭᠤ ᠳᠤᠰᠬᠠᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/3/22
     3 ᠰᠠᠷ᠎ᠠ ᠶᠢᠨ 17 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠭᠤᠷᠪᠠᠳᠤᠭᠠᠷ ᠴᠠᠭᠳᠠᠨ ᠪᠠᠶᠢᠴᠠᠭᠠᠬᠤ ᠳᠤᠭᠤᠶᠢᠯᠠᠩ ᠬᠤᠲᠠ ᠶᠢᠨ ᠨᠠᠮ ᠤᠨ ᠬᠤᠷᠢᠶᠠᠨ ᠤ ᠠᠯᠪᠠᠨ ᠬᠡᠷ ᠲᠤ ᠴᠠᠭᠳᠠᠨ ᠪᠠᠶᠢᠴᠠᠭᠠᠭᠰᠠᠨ ᠪᠠᠶᠢᠳᠠᠯ ᠤᠨ ᠬᠠᠷᠢᠭᠤ ᠳᠤᠰᠬᠠᠯᠲᠠ ᠶᠢᠨ ᠬᠤᠷᠠᠯ ᠬᠤᠷᠠᠯᠳᠤᠭᠤᠯᠪᠠ᠃ ᠬᠤᠲᠠ ᠶᠢᠨ ᠨᠠᠮ ᠤᠨ ᠬᠤᠷᠢᠶᠠᠨ ᠤ ᠴᠠᠭᠳᠠᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠴᠠᠭᠳᠠᠨ ᠪᠠᠶᠢᠴᠠᠭᠠᠬᠤ ᠠᠯᠪᠠᠨ ᠬᠡᠷ ᠤᠨ ᠬᠠᠷᠢᠭᠤᠴᠠᠯᠭᠠᠲᠠᠨ ᠬᠤᠷᠠᠯ ᠳᠡᠭᠡᠷ᠎ᠡ ᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠵᠧᠨ ᠬᠠᠶ ᠶᠢᠨ ᠬᠤᠲᠠ ᠶᠢᠨ ᠨᠠᠮ ᠤᠨ ᠬᠤᠷᠢᠶᠠᠨ ᠤ ᠶᠢᠰᠦᠳᠦᠭᠡᠷ ᠡᠭᠡᠯᠵᠢ ᠶᠢᠨ ᠴᠠᠭᠳᠠᠨ ᠪᠠᠶᠢᠴᠠᠭᠠᠬᠤ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠬᠤ ᠦᠶ᠎ᠡ ᠶᠢᠨ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠬᠤ ᠶᠢᠨ ᠬᠠᠮᠲᠤ ᠴᠠᠭᠳᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠲᠤᠬᠠᠶ ᠱᠠᠭᠠᠷᠳᠠᠯᠭ᠎ᠠ ᠳᠤᠷᠠᠳᠪᠠ︔ ᠬᠤᠲᠠ ᠶᠢᠨ ᠨᠠᠮ ᠤᠨ ᠬᠤᠷᠢᠶᠠᠨ ᠤ ᠭᠤᠷᠪᠠᠳᠤᠭᠠᠷ ᠴᠠᠭᠳᠠᠨ ᠪᠠᠶᠢᠴᠠᠭᠠᠬᠤ ᠳᠤᠭᠤᠶᠢᠯᠠᠩ ᠤᠨ ᠬᠠᠷᠢᠭᠤᠴᠠᠯᠭᠠᠲᠠᠨ ᠴᠠᠭᠳᠠᠨ ᠪᠠᠶᠢᠴᠠᠭᠠᠭᠰᠠᠨ ᠪᠠᠶᠢᠳᠠᠯ ᠢᠶᠠᠨ ᠬᠠᠷᠢᠭᠤ ᠲᠤᠰᠬᠠᠪᠠ︔ ᠬᠤᠲᠠ ᠶᠢᠨ ᠨᠠᠮ ᠤᠨ ᠬᠤᠷᠢᠶᠠᠨ ᠤ ᠠᠯᠪᠠᠨ ᠬᠡᠷ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠬᠤᠷᠠᠯ ᠢ ᠡᠷᠭᠢᠯᠡᠭᠰᠡᠨ ᠪᠥᠭᠡᠳ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠪᠠ᠃
   ᠬᠤᠷᠠᠯ ᠳᠡᠭᠡᠷ᠎ᠡ᠂ ᠬᠤᠳᠠ ᠶᠢᠨ ᠨᠠᠮ ᠤᠨ ᠬᠤᠷᠢᠶᠠᠨ ᠤ ᠭᠤᠷᠪᠠᠳᠤᠭᠠᠷ ᠴᠠᠭᠳᠠᠨ ᠪᠠᠶᠢᠴᠠᠭᠠᠬᠤ ᠳᠤᠭᠤᠶᠢᠯᠠᠩ  ᠴᠠᠭᠳᠠᠨ ᠪᠠᠶᠢᠴᠠᠭᠠᠭᠰᠠᠨ ᠪᠠᠶᠢᠳᠠᠯ᠂ ᠢᠯᠡᠷᠡᠭᠦᠯᠦᠭᠰᠡᠨ ᠠᠰᠠᠭᠤᠳᠠᠯ ᠵᠡᠷᠭᠡ ᠶᠢᠨ ᠲᠤᠬᠠᠢ ᠪᠦᠬᠦ ᠲᠠᠯ᠎ᠠ ᠪᠠᠷ ᠬᠠᠷᠢᠭᠤ ᠲᠤᠰᠬᠠᠪᠠ᠃ ᠴᠠᠭᠳᠠᠨ ᠪᠠᠶᠢᠴᠠᠭᠠᠬᠤ ᠠᠯᠪᠠᠨ ᠬᠡᠷ ᠤᠨ ᠬᠠᠷᠢᠭᠤᠴᠠᠯᠭᠠᠲᠠᠨ ᠲᠠᠷᠠᠭᠠᠴᠢ ᠶᠢᠨ ᠠᠯᠬᠤᠮ ᠤᠨ ᠴᠡᠭᠴᠡᠯᠡᠨ ᠰᠠᠶᠢᠵᠢᠷᠠᠭᠤᠯᠬᠤ ᠠᠵᠢᠯ ᠤᠨ ᠲᠤᠬᠠᠶ ᠨᠢᠭᠡ ᠳᠤ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠴᠠᠭᠳᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠲᠤᠷ ᠠᠳᠬᠤᠬᠤ ᠶᠢᠨ ᠴᠢᠬᠤᠯᠠ ᠴᠢᠨᠠᠷ ᠢ ᠭᠦᠨᠵᠡᠭᠡᠶ ᠲᠠᠨᠢᠬᠤ ᠬᠡᠷᠡᠭᠲᠡᠶ︔ ᠬᠤᠶᠠᠷ ᠲᠤ᠂ ᠬᠤᠳᠠ ᠶᠢᠨ ᠨᠠᠮ ᠤᠨ ᠬᠤᠷᠢᠶᠠᠨ ᠤ ᠴᠠᠭᠳᠠᠨ ᠪᠠᠶᠢᠴᠠᠭᠠᠬᠤ ᠳᠤᠭᠤᠶᠢᠯᠠᠩ ᠤᠨ ᠬᠠᠷᠢᠭᠤ ᠲᠤᠰᠬᠠᠭᠰᠠᠨ ᠰᠠᠨᠠᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠠᠷᠢᠭᠤᠴᠠᠯᠭ᠎ᠠ ᠡᠭᠦᠷᠭᠡᠯᠡᠯ ᠢ ᠴᠢᠩᠭᠠᠳᠬᠠᠵᠤ᠂ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ︔ ᠭᠤᠷᠪᠠ ᠳᠤ᠂ ᠦᠷ᠎ᠡ ᠪᠦᠲᠦᠭᠡᠯ ᠤᠨ ᠬᠡᠷᠡᠭᠯᠡᠯᠲᠡ ᠶᠢ ᠲᠤᠪᠤᠶᠢᠯᠭᠠᠵᠦ᠂ ᠠᠯᠤᠰ ᠬᠡᠳᠤ ᠶᠢ ᠪᠣᠳᠣᠯᠬᠢᠯᠠᠵᠤ᠂ ᠬᠡᠪ ᠤᠨ ᠦᠢᠯᠡᠳᠦᠯ ᠢ ᠪᠤᠢ ᠪᠣᠯᠭᠠᠬᠤ ᠬᠡᠷᠡᠭᠲᠡᠢ ᠬᠡᠵᠦ ᠴᠢᠬᠤᠯᠠᠴᠢᠯᠠᠬᠰᠠᠨ ᠮᠦᠷᠳᠡᠭᠡᠨ ᠴᠡᠭᠴᠡᠯᠡᠨ ᠥᠭᠡᠷᠡᠴᠢᠯᠡᠬᠦ ᠠᠵᠢᠯ ᠤᠨ ᠠᠷᠭ᠎ᠠ ᠮᠠᠶ᠋ᠢᠭ᠂ ᠠᠯᠬᠤᠮ ᠳᠠᠷᠠᠭ᠎ᠠ ᠪᠠ ᠴᠠᠭ ᠤᠨ ᠬᠢᠵᠠᠭᠠᠷ ᠵᠡᠷᠭᠡ ᠲᠠᠯ᠎ᠠ ᠪᠠᠷ ᠲᠣᠳᠣᠷᠬᠠᠶᠢᠯᠠᠯᠲᠠ ᠬᠢᠪᠡ᠃    ᠬᠤᠲᠠ ᠶᠢᠨ ᠨᠠᠮ ᠤᠨ ᠬᠤᠷᠢᠶᠠᠨ ᠤ ᠠᠯᠪᠠᠨ ᠬᠡᠷ ᠤᠨ ᠬᠤᠯᠪᠣᠭᠳᠠᠯ ᠪᠥᠬᠦᠶ ᠬᠠᠷᠢᠭᠤᠴᠠᠯᠭᠠᠲᠠᠨ ᠣᠪᠣᠷ ᠢᠶᠠᠨ ᠢᠯᠡᠳᠬᠡᠬᠦ ᠳᠡᠭᠡᠨ᠂ ᠨᠢᠭᠡ ᠳᠤ᠂ ᠲᠠᠨᠢᠯᠲᠠ ᠪᠠᠨ ᠳᠡᠭᠡᠭᠰᠢᠯᠡᠭᠦᠯᠵᠦ᠂ ᠴᠠᠭᠳᠠᠨ ᠪᠠᠶᠢᠴᠠᠭᠠᠬᠤ ᠳᠤᠭᠤᠶᠢᠯᠠᠩ ᠤᠨ ᠬᠠᠷᠢᠭᠤ ᠲᠤᠰᠬᠠᠭᠰᠠᠨ ᠰᠠᠨᠠᠯ ᠪᠠ ᠠᠰᠠᠭᠤᠳᠠᠯ ᠳᠤ ᠢᠳᠡᠪᠬᠢᠲᠡᠶ ᠬᠠᠨᠳᠤᠵᠤ᠂ ᠪᠥᠬᠦ ᠲᠠᠯ᠎ᠠ ᠪᠠᠷ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠵᠤ᠂ ᠴᠡᠭᠴᠡᠯᠡᠨ ᠰᠠᠶᠢᠵᠢᠷᠠᠭᠤᠯᠬᠤ ᠶᠠᠪᠤᠴᠠ ᠶᠢ ᠦᠨᠡᠨᠬᠦ ᠠᠵᠢᠯ ᠪᠠ ᠺᠠᠳ᠋ᠷ ᠤᠨ ᠰᠤᠷᠲᠠᠯ ᠢ ᠬᠤᠪᠢᠷᠠᠭᠤᠯᠬᠤ ᠶᠢ ᠠᠬᠢᠭᠤᠯᠬᠤ ᠶᠠᠪᠤᠴᠠ ᠪᠣᠯᠭᠠᠨ ᠬᠤᠪᠢᠷᠠᠭᠤᠯᠵᠤ᠂ ᠡᠯ᠎ᠡ ᠵᠦᠢᠯ ᠤᠨ ᠠᠵᠢᠯ ᠤᠨ ᠡᠷᠡᠭᠦᠯ ᠪᠥᠭᠡᠳ ᠡᠮᠬᠢ ᠵᠢᠷᠤᠮ ᠲᠠᠢ ᠥᠷᠨᠢᠬᠦ ᠶᠢ ᠳᠥᠯᠭᠢᠨ ᠠᠬᠢᠭᠤᠯᠤᠨ᠎ᠠ︔ ᠬᠤᠶᠠᠷ ᠲᠤ᠂ ᠴᠡᠭᠴᠡᠯᠡᠨ ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠵᠤ᠂ ᠨᠢᠭᠡᠳ ᠨᠢᠭᠡ ᠪᠠᠷ ᠰᠢᠢᠳᠪᠦᠷᠢᠯᠡᠨ᠂ ᠴᠠᠭᠳᠠᠨ ᠪᠠᠶᠢᠴᠠᠭᠠᠬᠤ ᠳᠤᠭᠤᠶᠢᠯᠠᠩ ᠤᠨ ᠬᠠᠷᠢᠭᠤ ᠲᠤᠰᠬᠠᠭᠰᠠᠨ ᠰᠠᠨᠠᠯ ᠪᠠ ᠳᠤᠷᠠᠳᠤᠭᠰᠠᠨ ᠱᠠᠭᠠᠷᠳᠠᠯᠭ᠎ᠠ ᠶᠢ ᠲᠥᠷᠥᠯ ᠬᠤᠪᠢᠶᠠᠨ ᠬᠤᠷᠢᠶᠠᠩᠭᠤᠶᠢᠯᠠᠵᠤ᠂ ᠵᠦᠢᠯ ᠳᠠᠷᠠᠭᠠᠯᠠᠨ ᠡᠮᠬᠢᠯᠡᠨ ᠠᠩᠭᠢᠯᠠᠵᠤ᠂ ᠴᠡᠭᠴᠡᠯᠡᠨ ᠰᠠᠶᠢᠵᠢᠷᠠᠭᠤᠯᠬᠤ ᠶᠢᠨ ︽ᠳ᠋ᠤᠭᠠᠷ ᠬᠠᠰᠤᠬᠤ ᠲᠦᠷᠢᠮ︾ ᠢ ᠪᠠᠶᠢᠭᠤᠯᠤᠨ᠂ ᠶᠠᠪᠤᠳᠠᠯ ᠪᠣᠯᠭᠠᠨ ᠢ ᠨᠠᠶᠢᠳᠠᠪᠤᠷᠢᠵᠢᠭᠤᠯᠵᠤ᠂ ᠶᠠᠪᠤᠳᠠᠯ ᠪᠣᠯᠭᠠᠨ ᠢ ᠬᠠᠷᠢᠭᠤ ᠲᠤᠰᠬᠠᠯ ᠲᠠᠢ ᠪᠠᠶᠢᠯᠭᠠᠬᠤ ᠶᠢ ᠦᠨᠡᠨᠬᠦ ᠪᠠᠳᠤᠯᠠᠨ᠎ᠠ︔ ᠭᠤᠷᠪᠠ ᠳᠤ᠂ ᠠᠵᠢᠯ ᠤᠨ ᠰᠤᠷᠲᠠᠯ ᠢᠶᠠᠨ ᠬᠤᠪᠢᠷᠠᠭᠤᠯᠵᠤ᠂ ᠬᠡᠷᠡᠭᠵᠢᠭᠦᠯᠦᠯᠲᠡ ᠶᠢ ᠴᠢᠩᠭᠠᠳᠬᠠᠨ᠂ ᠪᠠᠶᠢᠭᠤᠯᠭ᠎ᠠ ᠶᠢᠨ ᠬᠦᠴᠦᠨ ᠴᠢᠳᠠᠪᠤᠷᠢ ᠶᠢᠨ ᠪᠠᠶᠢᠭᠤᠯᠤᠯᠲᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠬᠤᠲᠠ ᠶᠢᠨ ᠨᠠᠮ ᠤᠨ ᠬᠤᠷᠢᠶ᠎ᠠ ᠶᠢᠨ ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠡᠷᠡᠰ ᠰᠢᠭᠤᠷᠬᠠᠶ᠂ ᠲᠦᠷᠭᠡᠨ᠂ ᠪᠦᠲᠦᠮᠵᠢᠲᠡᠶ᠂ ᠪᠥᠬᠦ ᠲᠠᠯ᠎ᠠ ᠪᠠᠷ  ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠤᠨ ᠲᠣᠭᠲᠠᠴᠠ ᠶᠢ ᠪᠣᠶ ᠪᠣᠯᠭᠠᠵᠤ᠂ ᠮᠠᠭᠤ ᠰᠤᠷᠲᠠᠯ ᠢ ᠲᠥᠪ ᠴᠢᠩᠭ᠎ᠠ ᠪᠠᠷ ᠴᠡᠭᠴᠡᠯᠡᠨ ᠵᠠᠰᠠᠨ᠎ᠠ︔ ᠲᠦᠷᠪᠡ ᠳᠤ᠂ ᠴᠡᠭᠴᠡᠯᠡᠬᠦ ᠪᠠᠷ ᠥᠭᠡᠷᠡᠴᠢᠯᠡᠯᠲᠡ ᠶᠢ ᠠᠬᠢᠭᠤᠯᠵᠤ᠂ ᠠᠵᠢᠯ ᠢᠶᠠᠨ ᠠᠬᠢᠭᠤᠯᠵᠦ᠂ ᠴᠡᠭᠴᠡᠯᠡᠨ ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠬᠤ ᠪᠠ ᠠᠵᠢᠯ ᠢ ᠠᠬᠢᠭᠤᠯᠬᠤ ᠪᠠᠷ ᠭᠠᠷᠳᠠᠬᠤ ᠴᠡᠭ ᠪᠠ ᠲᠤᠰᠤᠯᠲᠠ ᠪᠠᠨ ᠪᠤᠯᠠᠭᠠᠨ᠂ ᠤᠬᠠᠮᠰᠠᠷ ᠠᠴᠠ ᠪᠠᠨ ᠴᠠᠭᠳᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠲᠤᠬᠠᠶᠢᠯᠠᠭᠰᠠᠨ ᠠᠵᠢᠯ᠂ ᠡᠳᠦᠷ ᠲᠤᠲᠤᠮ ᠤᠨ ᠠᠵᠢᠯ ᠯᠤᠭ᠎ᠠ ᠨᠢᠭᠡ ᠴᠤᠭᠴᠠᠵᠢᠭᠤᠯᠤᠨ᠂ ᠠᠵᠢᠯ ᠤᠨ ᠰᠠᠶᠢᠨ ᠠᠮᠵᠢᠯᠲᠠ ᠪᠦᠲᠦᠮᠵᠢ ᠪᠠᠷ ᠴᠠᠭᠳᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠵᠤ᠂ ᠯᠠᠪᠳᠠᠭᠤᠨ ᠪᠠᠲᠤᠲᠠᠶ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠮᠵᠢ ᠪᠠᠷ ᠴᠠᠭᠳᠠᠨ ᠪᠠᠶᠢᠴᠠᠭᠠᠭᠰᠠᠨ ᠦᠷ᠎ᠡ ᠪᠦᠲᠦᠭᠡᠯ ᠢ ᠢᠯᠡᠷᠡᠭᠦᠯᠦᠨ᠎ᠡ᠃    ᠬᠤᠳᠠ ᠶᠢᠨ ᠨᠠᠮ ᠤᠨ ᠬᠤᠷᠢᠶᠠᠨ ᠤ ᠭᠤᠷᠪᠠᠳᠤᠭᠠᠷ ᠴᠠᠭᠳᠠᠨ ᠪᠠᠶᠢᠴᠠᠭᠠᠬᠤ ᠳᠤᠭᠤᠶᠢᠯᠠᠩ ᠤᠨ ᠪᠦᠷᠢᠯᠳᠦᠬᠦᠨ ᠪᠣᠯᠤᠨ ᠬᠤᠳᠠ ᠶᠢᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠤᠬᠠᠭᠤᠯᠬᠤ ᠬᠡᠯᠲᠡᠰ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠵᠢᠴᠢ ᠬᠤᠳᠠ ᠶᠢᠨ ᠨᠠᠮ ᠤᠨ ᠬᠤᠷᠢᠶᠠᠨ ᠤ ᠠᠯᠪᠠᠨ ᠭᠡᠷ ᠤᠨ ᠪᠦᠬᠦ ᠺᠠᠳ᠋ᠷ ᠠᠵᠢᠯᠳᠠᠨ ᠠᠵᠢᠯᠴᠢᠨ ᠨᠠᠷ ᠬᠤᠷᠠᠯ ᠳᠤ ᠣᠷᠣᠯᠴᠠᠪᠠ᠃               ᠤᠷᠴᠢᠭᠤᠯᠤᠭᠴᠢ᠄ ᠬᠠᠨ ᠰᠢᠶᠤᠤ ᠿᠦᠩ               ᠬᠢᠨᠠᠭᠴᠢ᠄ ᠼᠦᠢ ᠶᠢᠩ
 
ᠢᠷᠡᠯᠲᠡ᠄ ᠠᠮᠢᠵᠢᠷᠠᠯ ᠪᠢᠯᠬᠠᠭᠰᠠᠨ ᠹᠧᠩᠵᠧᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3