ᠮᠠᠨ ᠤ ᠬᠤᠲᠠ 2021 ᠣᠨ ᠤ ᠠᠷᠠᠳ ᠤᠨ ᠶᠠᠪᠤᠳᠠᠯ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠡᠮ ᠡᠮᠨᠡᠯᠭᠡ ᠶᠢᠨ ᠳᠠᠭᠠᠳᠬᠠᠯ᠂ ᠴᠡᠷᠢᠭ ᠠᠴᠠ ᠬᠠᠯᠠᠭᠳᠠᠭᠰᠠᠳ᠂ ᠵᠡᠮᠳᠡᠭᠴᠦᠳ ᠤᠨ ᠬᠤᠯᠪᠣᠭ᠎ᠠ᠂ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠠᠵᠢᠯ ᠤᠨ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/3/22
   3 ᠰᠠᠷ᠎ᠠ ᠶᠢᠨ 17 ᠤ ᠡᠳᠦᠷ᠂ ᠮᠠᠨ ᠤ ᠬᠤᠲᠠ 2021 ᠣᠨ ᠤ ᠪᠥᠬᠦ ᠬᠤᠲᠠ ᠶᠢᠨ ᠠᠷᠠᠳ ᠤᠨ ᠶᠠᠪᠤᠳᠠᠯ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠡᠮ ᠡᠮᠨᠡᠯᠭᠡ ᠶᠢᠨ ᠳᠠᠭᠠᠳᠬᠠᠯ᠂ ᠴᠡᠷᠢᠭ ᠠᠴᠠ ᠬᠠᠯᠠᠭᠳᠠᠭᠰᠠᠳ᠂ ᠵᠡᠮᠳᠡᠭᠴᠦᠳ ᠤᠨ ᠬᠤᠯᠪᠣᠭ᠎ᠠ᠂ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠠᠵᠢᠯ ᠤᠨ ᠬᠤᠷᠠᠯ ᠢ ᠬᠤᠷᠠᠯᠳᠤᠭᠤᠯᠪᠠ᠃ ᠳᠡᠭᠡᠳᠦ ᠱᠠᠲᠤᠨ ᠤ ᠬᠤᠯᠪᠣᠭᠳᠠᠯ ᠪᠦᠬᠦᠢ ᠶᠠᠮᠤᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ 2020 ᠣᠨ ᠤ ᠮᠠᠨ ᠤ ᠬᠤᠳᠠ ᠶᠢᠨ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠡᠯ᠎ᠡ ᠵᠦᠢᠯ ᠤᠨ ᠠᠵᠢᠯ ᠢ ᠳ᠋ᠦᠩᠨᠡᠵᠦ᠂ ᠡᠨᠡ ᠵᠢᠯ ᠤᠨ ᠭᠤᠣᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃
   ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ‍ᠤ᠊‍ᠨ ᠣᠷᠳᠣᠨ ᠤ ᠳᠡᠳ᠋ ᠬᠤᠲᠠ ᠶᠢᠨ ᠳᠠᠷᠤᠭ᠎ᠠ ᠯᠢ ᠱᠦ ᠸᠧᠶ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃    ᠬᠤᠷᠠᠯ ᠳᠡᠭᠡᠷ᠎ᠡ᠂ ᠮᠠᠨ ᠤ ᠤᠯᠤᠰ ᠤᠨ ᠬᠤᠲᠠ ᠶᠢᠨ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠡᠯ᠎ᠡ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠠᠴᠠ ᠳᠡᠭᠡᠳᠦ ᠱᠠᠲᠤᠨ ᠤ ᠰᠠᠯᠠᠭ᠎ᠠ ᠮᠥᠴᠢᠷ ᠤᠨ ᠬᠤᠯᠪᠣᠭᠳᠠᠯ ᠪᠥᠬᠦᠶ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠡᠨᠡ ᠵᠢᠯ ᠤᠨ ᠭᠤᠤᠯᠳᠠᠯᠭ᠎ᠠ ᠲᠠᠢ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃    ᠬᠤᠷᠠᠯ ᠠᠴᠠ 2020 ᠣᠨ ᠤ ᠠᠷᠠᠳ ᠤᠨ ᠠᠮᠢᠳᠤᠷᠠᠯ ᠤᠨ ᠬᠦᠷᠢᠶᠡᠨ ᠤ ᠠᠵᠢᠯ ᠤᠨ ᠠᠮᠵᠢᠯᠲᠠ ᠶᠢ ᠨᠤᠲᠠᠯᠠᠬᠤ ᠶᠢᠨ ᠬᠠᠮᠲᠤ ᠣᠷᠣᠰᠢᠵᠤ ᠪᠠᠶᠢᠭ᠎ᠠ ᠳᠤᠲᠠᠭᠳᠠᠯ ᠪᠠ ᠬᠦᠷᠦᠯᠴᠡᠬᠦ ᠦᠭᠡᠢ ᠲᠠᠯ᠎ᠠ ᠳᠤ ᠵᠥᠪ ᠢᠶᠠᠷ ᠬᠠᠨᠳᠤᠵᠤ ᠂ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠢᠲᠡᠭᠡᠯ ᠵᠣᠷᠢᠭ ᠢᠶᠠᠨ ᠦᠨᠡᠨᠬᠦ ᠴᠢᠩᠭᠠᠳᠬᠠᠬᠤ ᠬᠡᠷᠡᠭᠲᠡᠢ ᠭᠡᠵᠦ ᠱᠠᠭᠠᠷᠳᠠᠪᠠ᠃    ᠬᠤᠷᠠᠯ ᠠᠴᠠ ᠴᠢᠬᠤᠯᠠᠴᠢᠯᠠᠭᠰᠠᠨ ᠨᠢ᠂ ᠠᠵᠠ ᠲᠣᠬᠢᠶᠠᠯ ᠢ ᠴᠢᠩᠭ᠎ᠠ ᠠᠳᠬᠤᠵᠤ᠂ ᠠᠷᠭ᠎ᠠ ᠬᠡᠮᠵᠢᠶ᠎ᠡ ᠪᠠᠨ ᠴᠢᠩᠭᠠᠳᠬᠠᠵᠤ᠂ ᠡᠯ᠎ᠡ ᠵᠦᠢᠯ ᠤᠨ ᠠᠵᠢᠯ ᠤᠨ ᠰᠢᠨ᠎ᠡ ᠪᠠᠶᠢᠳᠠᠯ ᠢ ᠴᠢᠷᠮᠠᠶᠢᠨ ᠡᠭᠦᠳᠴᠦ᠂ ᠲᠦᠷᠦᠯ ᠵᠦᠢᠯ ᠪᠣᠯᠤᠨ ᠲᠦᠷᠦ ᠶᠢᠨ ᠪᠤᠳᠤᠯᠭ᠎ᠠ ᠶᠢᠨ ᠳᠡᠮᠵᠢᠯᠭᠡ ᠶᠢ ᠤᠯᠬᠤ ᠪᠠᠷ ᠴᠢᠷᠮᠠᠶᠢᠬᠤ ᠬᠡᠷᠡᠭᠲᠡᠢ︔ 2021 ᠣᠨ ᠤ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠡᠯ᠎ᠡ ᠵᠦᠢᠯ ᠤᠨ ᠠᠵᠢᠯ ᠢ ᠰᠠᠶᠢᠲᠤᠷ ᠬᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠶᠤᠯᠭᠦᠶ ᠦᠢᠯᠡᠳᠪᠦᠷᠢᠯᠡᠯ ᠢ ᠰᠠᠶᠢᠲᠤᠷ ᠠᠳᠬᠤᠨ᠂ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠪᠠ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢ ᠯᠠᠪᠳᠠᠭᠤᠨ ᠪᠠᠲᠤᠲᠠᠶ ᠬᠦᠨᠵᠡᠭᠡᠢ ᠲᠦᠯᠬᠢᠨ ᠠᠬᠢᠭᠤᠯᠵᠤ᠂ ᠬᠦᠨᠳᠦ ᠶᠡᠭᠡ ᠠᠶᠤᠯ ᠲᠦᠭᠰᠢᠭᠦᠷᠢ ᠶᠢ ᠬᠢᠨᠠᠮᠠᠭᠠᠶ ᠰᠡᠷᠭᠡᠶᠢᠯᠡᠨ ᠠᠷᠢᠯᠭᠠᠬᠤ ᠵᠡᠷᠭᠡ ᠪᠤᠰᠤᠳ ᠲᠠᠯ᠎ᠠ ᠶᠢᠨ ᠠᠵᠢᠯ ᠢ ᠬᠢᠨᠠᠮᠠᠭᠠᠶ ᠰᠠᠶᠢᠨ ᠬᠢᠬᠦ ᠬᠡᠷᠡᠭᠳᠡᠢ︔ ᠲᠤᠰ ᠪᠡᠶ᠎ᠡ ᠶᠢᠨ ᠪᠠᠶᠢᠭᠤᠯᠤᠯᠲᠠ ᠪᠠᠨ ᠲᠠᠰᠤᠷᠠᠯᠲᠠ ᠦᠭᠡᠢ ᠴᠢᠩᠭᠠᠳᠬᠠᠵᠤ᠂ ᠡᠯ᠎ᠡ ᠵᠦᠢᠯ ᠤᠨ ᠠᠵᠢᠯ ᠢᠶᠠᠨ ᠪᠡᠶᠡᠯᠡᠭᠦᠯᠬᠦ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ︔ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠴᠥᠬᠦᠷᠡᠰᠢ ᠦᠭᠡᠢ ᠪᠠᠷᠢᠮᠲᠠᠯᠠᠵᠤ᠂ ᠡᠭᠦᠷᠭᠡ ᠴᠢᠳᠠᠪᠬᠢ ᠪᠠᠨ ᠭᠦᠢᠴᠡᠳᠬᠡᠬᠦ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠵᠦ᠂ ᠥᠪᠡᠷ ᠤᠨ ᠴᠢᠳᠠᠪᠤᠷᠢ ᠶᠢᠨ ᠪᠠᠶᠢᠭᠤᠯᠤᠯᠲᠠ ᠪᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃                 ᠤᠷᠴᠢᠭᠤᠯᠤᠭᠴᠢ᠄ ᠬᠠᠨ ᠰᠢᠶᠤᠤ ᠿᠦᠩ                 ᠬᠢᠨᠠᠭᠴᠢ᠄ ᠼᠦᠢ ᠶᠢᠩ
 
ᠢᠷᠡᠯᠲᠡ᠄ ᠠᠮᠢᠵᠢᠷᠠᠯ ᠪᠢᠯᠬᠠᠭᠰᠠᠨ ᠹᠧᠩᠵᠧᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3