| 3 ᠰᠠᠷ᠎ᠠ ᠶᠢᠨ 18 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠷᠠᠳ ᠤᠨ | ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ ᠵᠢᠶᠠ ᠵᠧᠩ ᠵᠢᠶᠦ᠋ᠨ᠂ ᠠᠷᠠᠳ ᠤᠨ ᠵᠡᠪᠰᠡᠭᠲᠦ ᠬᠦᠴᠦᠨ ᠤ | ᠬᠡᠯᠲᠡᠰ ᠤᠨ ᠺᠣᠮᠢᠰᠰᠠᠷ ᠸᠠᠩ ᠵᠧᠨ ᠪᠥᠸᠧ ᠪᠣᠯᠤᠨ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ | ᠲᠣᠪᠴᠢᠶ᠎ᠠ᠂ ᠬᠥᠬᠡᠨᠠᠭᠤᠷ ᠤᠨ ᠵᠡᠪᠰᠡᠭᠲᠦ ᠴᠠᠭᠳᠠᠭ᠎ᠠ ᠶᠢᠨ ᠰᠠᠯᠪᠤᠷᠢ ᠠᠩᠭᠢ ᠶᠢᠨ ᠬᠤᠯᠪᠣᠭᠳᠠᠯ ᠪᠦᠬᠦᠢ | ᠬᠠᠷᠢᠭᠤᠴᠠᠯᠭᠠᠲᠠᠨ ᠨᠠᠷ ᠠᠯᠪᠠᠨ ᠴᠡᠷᠢᠭ ᠯᠢ ᠵᠥᠩ ᠯᠢ ᠶᠢᠨ ᠭᠡᠷ ᠲᠤ ᠬᠦᠷᠴᠦ᠂ ᠯᠢ ᠵᠥᠩ ᠯᠢ ᠶᠢᠨ ᠭᠠᠪᠢᠶ᠎ᠠ | ᠪᠠᠶᠢᠭᠤᠯᠤᠭᠰᠠᠨ ᠪᠠᠶᠠᠷ ᠤᠨ ᠴᠢᠮᠡᠭᠡ ᠶᠢ ᠲᠡᠭᠦᠨ ᠤ ᠡᠴᠢᠭᠡ ᠡᠬᠡ ᠳᠤ ᠬᠦᠷᠭᠡᠪᠡ᠃ | | ᠪᠠᠶᠠᠷ ᠤᠨ ᠬᠡᠩᠭᠡᠷᠭᠡ ᠶᠢᠨ ᠳᠠᠭᠤᠨ ᠤ ᠳᠤᠮᠳᠠ ᠵᠢᠶᠠ ᠵᠧᠩ ᠵᠢᠶᠦ᠋ᠨ ᠨᠠᠷ ᠯᠢ ᠵᠥᠩ ᠯᠢ ᠶᠢᠨ ᠭᠡᠷ ᠤᠨ | ᠬᠥᠮᠦᠰ ᠲᠤ ᠭᠤᠷᠪᠠᠳᠤᠭᠠᠷ ᠳᠡᠰ ᠤᠨ ᠭᠠᠪᠢᠶᠠᠲᠤ ᠪᠠᠶᠠᠷ ᠤᠨ ᠴᠢᠮᠡᠭᠡ ᠪᠣᠯᠤᠨ ᠲᠣᠬᠤᠨᠢᠭᠤᠯᠬᠤ ᠮᠥᠩᠭᠦ ᠬᠦᠷᠭᠡᠵᠦ᠂ | ᠲᠡᠳᠡᠨ ᠤ ᠨᠠᠮ ᠪᠣᠯᠤᠨ ᠤᠯᠤᠰ ᠲᠤ ᠰᠠᠶᠢᠨ ᠴᠡᠷᠢᠭ ᠬᠥᠮᠦᠵᠢᠭᠦᠯᠦᠨ ᠥᠭᠴᠦ᠂ ᠹᠧᠩᠵᠧᠨ ᠬᠤᠲᠠ ᠳᠤ ᠢᠷᠠᠭᠤ | ᠠᠯᠳᠠᠷ ᠣᠯᠭᠤᠭᠰᠠᠨ ᠳᠤ ᠲᠠᠯᠠᠷᠬᠠᠪᠠ᠃ | ᠣᠶᠢᠷ᠎ᠠ ᠶᠢᠨ ᠵᠢᠯ ᠳᠤ᠂ ︽ᠨᠢᠭᠡ ᠬᠥᠮᠦᠨ ᠴᠡᠷᠢᠭ ᠲᠤ ᠣᠷᠣᠪᠠᠯ᠂ ᠪᠦᠬᠦ ᠭᠡᠷ ᠢᠶᠠᠷ ᠢᠶᠠᠨ ᠥᠩᠭᠡ ᠭᠡᠷᠡᠯ ᠲᠠᠢ | ᠪᠠᠶᠢᠬᠤ︾ ᠰᠠᠶᠢᠨ ᠰᠠᠶᠢᠬᠠᠨ ᠠᠭᠤᠷ ᠠᠮᠢᠰᠬᠤᠯ ᠢ ᠭᠦᠨᠵᠡᠭᠡᠶ ᠪᠤᠶ ᠪᠤᠯᠠᠭᠠᠨ᠂ ᠭᠠᠪᠢᠶ᠎ᠠ ᠪᠠᠶᠢᠭᠤᠯᠤᠭᠰᠠᠨ ᠴᠡᠷᠢᠭ ᠤᠨ | ᠭᠡᠷ ᠪᠦᠯᠢ ᠶᠢᠨ ᠢᠷᠠᠭᠤ ᠠᠯᠳᠠᠷᠲᠤ ᠰᠡᠳᠬᠢᠯᠭᠡ᠂ ᠣᠮᠤᠭ ᠪᠠᠭ᠋ᠠᠳᠤᠯᠲᠤ ᠰᠡᠳᠬᠢᠯᠭᠡ ᠶᠢ ᠨᠡᠮᠡᠭᠳᠡᠭᠦᠯᠵᠦ᠂ ᠥᠷᠭᠡᠨ | ᠤᠯᠠᠨ ᠳᠠᠷᠤᠭ᠎ᠠ ᠪᠠᠶᠢᠯᠳᠤᠭᠴᠢᠳ ᠤᠨ ᠴᠡᠷᠢᠭ ᠠᠩᠭᠢ ᠳᠤ ᠭᠠᠪᠢᠶ᠎ᠠ ᠪᠠᠶᠢᠭᠤᠯᠵᠤ ᠦᠢᠯᠡᠰ ᠪᠦᠲᠦᠭᠡᠬᠦ ᠢᠲᠡᠭᠡᠯ | ᠵᠣᠷᠢᠭ ᠢ ᠪᠠᠳᠤᠳᠬᠠᠬᠤ ᠶᠢᠨ ᠲᠦᠯᠦᠭᠡ᠂ ᠮᠠᠨ ᠤ ᠬᠤᠲᠠ ᠤᠯᠠᠨ ᠵᠦᠢᠯ ᠤᠨ ᠬᠡᠯᠪᠡᠷᠢ ᠪᠠᠷ ᠭᠠᠪᠢᠶ᠎ᠠ ᠪᠠᠶᠢᠭᠤᠯᠵᠤ | ᠱᠠᠩᠨᠠᠯ ᠣᠯᠤᠭᠰᠠᠨ ᠴᠡᠷᠢᠭ ᠤᠨ ᠭᠡᠷ ᠪᠦᠯᠢ ᠳᠤ ᠪᠠᠶᠠᠷ ᠤᠨ ᠴᠢᠮᠡᠭᠡ ᠬᠦᠷᠭᠡᠬᠦ ᠠᠵᠢᠯᠯᠠᠭ᠎ᠠ ᠶᠢ ᠵᠣᠬᠢᠶᠠᠨ | ᠪᠠᠶᠢᠭᠤᠯᠤᠨ ᠥᠷᠨᠢᠭᠦᠯᠵᠦ᠂ ᠨᠠᠮ ᠪᠠ ᠵᠠᠰᠠᠭ ᠤᠨ ᠣᠷᠳᠣᠨ ᠤ ᠬᠠᠯᠠᠮᠵᠢᠯᠠᠯ ᠪᠠ ᠪᠦᠬᠦ ᠬᠤᠲᠠ ᠶᠢᠨ ᠠᠷᠠᠳ | ᠲᠦᠮᠡᠨ ᠤ ᠬᠦᠨᠳᠦ ᠨᠠᠶᠢᠳᠠᠯᠭ᠎ᠠ ᠶᠢ ᠥᠷᠭᠡᠨ ᠤᠯᠠᠨ ᠴᠡᠷᠢᠭ ᠤᠨ ᠭᠡᠷ ᠪᠦᠯᠢ ᠳᠤ ᠴᠠᠭ ᠲᠤᠬᠠᠢ ᠳᠤᠨᠢ ᠬᠦᠷᠭᠡᠪᠡ᠃ | ᠡᠨᠡ ᠵᠢᠯ ᠤᠨ ᠴᠠᠭᠠᠨ ᠰᠠᠷ᠎ᠠ ᠠᠴᠠ ᠨᠠᠰᠢ ᠬᠤᠲᠠ ᠶᠢᠨ ᠠᠷᠠᠳ ᠤᠨ ᠵᠡᠪᠰᠡᠭᠲᠦ ᠬᠦᠴᠦᠨ ᠤ ᠬᠡᠯᠲᠡᠰ ᠪᠣᠯᠤᠨ | ᠬᠤᠯᠪᠣᠭᠳᠠᠯ ᠪᠦᠬᠦᠢ ᠰᠠᠯᠠᠭ᠎ᠠ ᠮᠥᠴᠢᠷ ᠭᠠᠪᠢᠶ᠎ᠠ ᠪᠠᠶᠢᠭᠤᠯᠵᠤ ᠱᠠᠩᠨᠠᠯ ᠭᠥᠷᠳᠡᠭᠰᠡᠨ 11 ᠴᠡᠷᠢᠭ ᠤᠨ ᠭᠡᠷ ᠪᠦᠯᠢ ᠳᠤ | ᠪᠠᠶᠠᠷ ᠤᠨ ᠴᠢᠮᠡᠭᠡ ᠬᠦᠷᠭᠡᠵᠦ᠂ ᠴᠡᠷᠢᠭ ᠠᠩᠭᠢ ᠶᠢᠨ ᠳᠠᠷᠤᠭ᠎ᠠ ᠪᠠᠶᠢᠯᠳᠤᠭᠴᠢᠳ ᠪᠣᠯᠤᠨ ᠥᠷᠭᠡᠨ ᠣᠯᠠᠨ ᠲᠦᠮᠡᠨ ᠤ | ᠮᠠᠭᠲᠠᠭᠠᠯ ᠰᠠᠶᠢᠰᠢᠶᠠᠯ ᠢ ᠤᠯᠪᠠ᠃ | | ᠤᠷᠴᠢᠭᠤᠯᠤᠭᠴᠢ᠄ ᠬᠠᠨ ᠰᠢᠶᠤᠤ ᠿᠦᠩ | ᠬᠢᠨᠠᠭᠴᠢ᠄ ᠼᠦᠢ ᠶᠢᠩ |