ᠮᠠᠨ ᠤ ᠬᠤᠲᠠ 2021 ᠣᠨ ᠤ ︽ᠳᠡᠯᠡᠬᠡᠶ ᠶᠢᠨ ᠤᠰᠤᠨ ᠤ ᠡᠳᠦᠷ︾ ︽ᠳᠤᠮᠳᠠᠳᠤ ᠤᠯᠤᠰ ᠤᠨ ᠤᠰᠤᠨ ᠤ ᠭᠠᠷᠠᠭ︾ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2021/3/23
   3 ᠰᠠᠷ᠎ᠠ ᠶᠢᠨ 22 ᠤᠨ ᠡᠳᠦᠷ᠂ ᠮᠠᠨ ᠤ ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ ᠠᠷᠠᠳ ᠤᠨ ᠴᠡᠴᠡᠷᠯᠢᠭ ᠲᠤ 2021 ᠣᠨ ᠤ 29 ᠳ᠋ᠦᠭᠡᠷ ᠬᠤᠭᠤᠴᠠᠭᠠᠨ ᠤ ︽ᠳᠡᠯᠡᠬᠡᠶ ᠶᠢᠨ ᠤᠰᠤᠨ ᠤ ᠡᠳᠦᠷ︾᠂ 34 ᠳ᠋ᠦᠭᠡᠷ ᠬᠤᠭᠤᠴᠠᠭᠠᠨ ᠤ ︽ᠳᠤᠮᠳᠠᠳᠤ ᠤᠯᠤᠰ ᠤᠨ ᠤᠰᠤᠨ ᠤ ᠭᠠᠷᠠᠭ︾ ᠤᠨ ᠤᠬᠠᠭᠤᠯᠭ᠎ᠠ ᠶᠢᠨ ᠠᠵᠢᠯᠯᠠᠭ᠎ᠠ ᠶᠢ ᠡᠷᠭᠢᠯᠡᠵᠦ᠂ ᠤᠰᠤᠨ ᠤ ᠡᠬᠢ ᠪᠠᠶᠠᠯᠢᠭ ᠤᠨ ᠬᠠᠤᠯᠢ ᠴᠠᠭᠠᠵᠠ ᠬᠠᠤᠯᠢ ᠲᠣᠭᠲᠠᠭᠠᠯ ᠪᠠ ᠤᠰᠤ ᠠᠷᠪᠢᠯᠠᠬᠤ ᠮᠡᠳᠡᠯᠭᠡ ᠶᠢ ᠲᠦᠭᠡᠮᠡᠯᠵᠢᠭᠦᠯᠬᠦ ᠪᠠᠷ ᠵᠣᠷᠢᠯᠭ᠎ᠠ ᠪᠣᠯᠭᠠᠵᠤ᠂ ᠪᠥᠬᠦ ᠨᠡᠶᠢᠭᠡᠮ ᠢᠶᠠᠷ ᠢᠶᠠᠨ ᠤᠰᠤᠨ ᠤ ᠡᠬᠢ ᠪᠠᠶᠠᠯᠢᠭ ᠢ ᠨᠠᠨᠳᠢᠩᠨᠠᠨ᠂ ᠤᠰᠤᠨ ᠤ ᠡᠬᠢ ᠪᠠᠶᠠᠯᠢᠭ ᠢ ᠬᠠᠶᠢᠷᠠᠯᠠᠨ ᠬᠠᠮᠠᠭᠠᠯᠠᠵᠤ᠂ ᠤᠰᠤᠨ ᠤ ᠵᠠᠰᠠᠯᠲᠠ ᠳᠤ ᠣᠷᠣᠯᠴᠠᠬᠤ ᠶᠢ ᠤᠷᠢᠶᠠᠯᠠᠪᠠ᠃
   ᠠᠵᠢᠯᠯᠠᠭ᠎ᠠ ᠶᠢᠨ ᠲᠤᠬᠠᠶ ᠶᠢᠨ ᠲᠠᠯᠠᠪᠠᠶ᠂ ᠤᠬᠠᠭᠤᠯᠭ᠎ᠠ ᠶᠢᠨ ᠯᠠᠪᠯᠠᠯᠭ᠎ᠠ ᠶᠢᠨ ᠴᠡᠭ ᠭᠠᠷᠭᠠᠬᠤ᠂ ᠬᠥᠨᠳᠡᠯᠡᠨ ᠪᠢᠴᠢᠭᠡᠰᠦ ᠡᠯᠭᠦᠬᠦ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠰᠠᠨᠠᠭᠠᠴᠢᠯᠠᠭ᠎ᠠ ᠶᠢᠨ ᠪᠢᠴᠢᠭ ᠲᠠᠷᠬᠠᠭᠠᠬᠤ ᠵᠡᠷᠭᠡ ᠣᠯᠠᠨ ᠵᠦᠢᠯ ᠤᠨ ᠠᠷᠭ᠎ᠠ ᠬᠡᠯᠪᠡᠷᠢ ᠪᠠᠷ ᠳᠠᠮᠵᠢᠭᠤᠯᠤᠨ᠂ ᠣᠯᠠᠨ ᠨᠡᠶᠢᠲᠡ ᠳᠤ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠪᠣᠯᠤᠨ ᠤᠰᠤ ᠶᠢ ᠠᠷᠪᠢᠯᠠᠵᠤ ᠬᠡᠷᠡᠭᠯᠡᠬᠦ᠂ ᠬᠥᠷᠥᠰᠥ ᠰᠢᠷᠣᠶ ᠶᠢ ᠬᠠᠮᠠᠭᠠᠯᠠᠨ ᠤᠰᠤᠨ ᠤ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠵᠢᠴᠢ ᠤᠤᠭᠤᠬᠤ ᠤᠰᠤᠨ ᠤ ᠠᠮᠤᠷ ᠲᠦᠪᠰᠢᠨ ᠤ ᠲᠠᠯ᠎ᠠ ᠶᠢᠨ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠪᠠ ᠠᠵᠢᠯ ᠤᠨ ᠠᠷᠭ᠎ᠠ ᠪᠥᠬᠦ ᠨᠡᠶᠢᠭᠡᠮ ᠤᠨ ᠤᠰᠤᠨ ᠤ ᠲᠤᠬᠠᠶ ᠰᠠᠨᠠᠭᠠᠰᠢᠷᠠᠨ ᠵᠣᠪᠠᠨᠢᠬᠤ ᠦᠵᠡᠯ ᠤᠬᠠᠮᠰᠠᠷ ᠪᠠ ᠤᠰᠤᠨ ᠤ ᠬᠠᠤᠯᠢ ᠲᠦᠷᠢᠮ ᠤᠨ ᠦᠵᠡᠯᠲᠡ ᠶᠢ ᠴᠢᠩᠭᠠᠷᠠᠭᠤᠯᠤᠨ᠂ ᠤᠰᠤ ᠬᠠᠮᠠᠭᠠᠯᠠᠬᠤ᠂ ᠤᠰᠤ ᠠᠷᠪᠢᠯᠠᠬᠤ ᠦᠵᠡᠯ ᠤᠬᠠᠮᠰᠠᠷ ᠢ ᠪᠣᠶ ᠪᠣᠯᠭᠠᠵᠤ᠂ ᠤᠰᠤᠨ ᠤ ᠡᠬᠢ ᠪᠠᠶᠠᠯᠢᠭ ᠢ ᠬᠠᠤᠯᠢ ᠶᠣᠰᠣᠭᠠᠷ ᠬᠠᠮᠠᠭᠠᠯᠠᠬᠤ ᠶᠢ ᠢᠳᠡᠪᠬᠢᠲᠡᠶ ᠪᠠᠷ ᠠᠬᠢᠭᠤᠯᠤᠨ᠂ ᠬᠤᠲᠠ ᠬᠥᠳᠡᠭᠡ ᠶᠢᠨ ᠤᠰᠤ ᠬᠡᠷᠡᠭᠯᠡᠬᠦ ᠠᠮᠤᠷ ᠲᠦᠪᠰᠢᠨ ᠢ ᠪᠠᠲᠤᠯᠠᠵᠤ᠂ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠦᠵᠡᠰᠬᠦᠯᠡᠩᠲᠦ ᠰᠠᠶᠢᠬᠠᠨ ᠹᠧᠩᠵᠧᠨ ᠢ ᠪᠥᠲᠥᠭᠡᠨ ᠪᠠᠶᠢᠭᠤᠯᠬᠤ ᠳᠤ ᠰᠠᠶᠢᠨ ᠰᠠᠶᠢᠬᠠᠨ ᠨᠥᠬᠦᠴᠡᠯ ᠢ ᠡᠭᠦᠳᠴᠦ ᠦᠭᠬᠦ ᠵᠡᠷᠭᠡ ᠲᠠᠯ᠎ᠡ ᠪᠠᠷ ᠤᠬᠠᠭᠤᠯᠪᠠ᠃                      ᠨᠠᠶᠢᠷᠠᠭᠤᠯᠤᠭᠴᠢ᠄ ᠯᠢ ᠰᠧ ᠬᠤᠢ                    ᠤᠷᠴᠢᠭᠤᠯᠤᠬᠴᠢ᠄ ᠬᠠᠨ ᠰᠢᠶᠤᠤ ᠿᠦᠩ                    ᠬᠢᠨᠠᠬᠴᠢ᠄  ᠼᠦᠢ ᠶᠢᠩ    
 
ᠢᠷᠡᠯᠲᠡ᠄ ᠠᠮᠢᠵᠢᠷᠠᠯ ᠪᠢᠯᠬᠠᠭᠰᠠᠨ ᠹᠧᠩᠵᠧᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3