| ᠲᠦᠷᠦᠭᠦᠬᠡᠨ᠂ ᠬᠤᠲᠠ ᠶᠢᠨ ᠰᠢᠭᠦᠬᠦ ᠬᠤᠷᠢᠶ᠎ᠠ ᠠᠩᠬᠠᠳᠤᠭᠠᠷ ᠤᠳᠠᠭᠠᠨ ᠤ ᠰᠠᠨᠠᠯ ᠬᠤᠷᠢᠶᠠᠬᠤ ᠰᠠᠭᠤᠳᠠᠯ ᠤᠨ ᠬᠤᠷᠠᠯ | ᠬᠤᠷᠠᠯᠳᠤᠭᠤᠯᠵᠤ᠂ ᠰᠤᠷᠭᠠᠨ ᠬᠥᠮᠦᠵᠢᠯ ᠤᠨ ᠴᠡᠭᠴᠡᠯᠡᠯᠲᠡ ᠬᠢᠵᠦ᠂ ᠰᠢᠭᠦᠬᠦ ᠬᠤᠷᠢᠶᠠᠨ ᠤ ᠠᠵᠢᠯ ᠪᠠ ᠰᠢᠭᠦᠬᠦ ᠬᠤᠷᠢᠶᠠᠨ ᠤ | ᠡᠩᠨᠡᠭᠡᠨ ᠤ ᠲᠤᠬᠠᠶ ᠨᠡᠶᠢᠭᠡᠮ ᠤᠨ ᠡᠯ᠎ᠡ ᠡᠲᠡᠭᠡᠳ ᠤᠨ ᠰᠠᠨᠠᠯ ᠰᠠᠨᠠᠭᠤᠯᠭ᠎ᠠ ᠶᠢ ᠥᠷᠭᠡᠨ ᠢᠶᠠᠷ ᠰᠣᠨᠣᠰᠴᠤ᠂ ᠤᠯᠤᠰ ᠲᠥᠷᠥ | ᠬᠠᠤᠯᠢ ᠴᠠᠭᠠᠵᠠ ᠶᠢᠨ ᠡᠩᠨᠡᠭᠡᠨ ᠤ ᠰᠤᠷᠭᠠᠨ ᠬᠥᠮᠦᠵᠢᠯ ᠤᠨ ᠴᠡᠭᠴᠡᠯᠡᠯᠲᠡ ᠶᠢᠨ ᠠᠵᠢᠯ ᠢ ᠯᠠᠪᠳᠠᠭᠤᠨ ᠢᠶᠠᠷ ᠳᠥᠯᠭᠢᠨ | ᠠᠬᠢᠭᠤᠯᠪᠠ᠃ | | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠠᠵᠤ ᠠᠬᠤᠶᠢᠯᠠᠯ ᠤᠨ ᠲᠥᠯᠥᠭᠡᠯᠡᠭᠴᠢ᠂ | ᠬᠠᠤᠯᠢᠴᠢ ᠶᠢᠨ ᠲᠥᠯᠥᠭᠡᠯᠡᠭᠴᠢ᠂ ᠠᠷᠠᠳ ᠤᠨ ᠬᠠᠪᠰᠤᠷᠤᠨ ᠰᠢᠭᠦᠭᠴᠢ ᠶᠢᠨ ᠲᠥᠯᠥᠭᠡᠯᠡᠭᠴᠢ᠂ ᠬᠡᠷᠡᠭ ᠤᠨ ᠲᠤᠬᠠᠶ ᠶᠢᠨ | ᠬᠥᠮᠦᠨ ᠤ ᠲᠥᠯᠥᠭᠡᠯᠡᠭᠴᠢ ᠵᠢᠴᠢ ᠣᠯᠠᠨ ᠲᠦᠮᠡᠨ ᠤ ᠲᠥᠯᠥᠭᠡᠯᠡᠭᠴᠢ 20 ᠰᠢᠬᠠᠮ ᠬᠦᠮᠦᠰ ᠰᠠᠭᠤᠳᠠᠯ ᠤᠨ ᠬᠤᠷᠠᠯ ᠳᠤ | ᠤᠷᠤᠯᠴᠠᠪᠠ᠃ | ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠨ ᠲᠥᠯᠥᠭᠡᠯᠡᠭᠴᠢᠳ ᠲᠣᠰ ᠪᠡᠶ᠎ᠡ ᠶᠢᠨ ᠠᠵᠢᠯ ᠲᠥᠷᠥᠯ ᠤᠨ | ᠣᠨᠴᠠᠯᠢᠭ ᠲᠠᠭᠠᠨ ᠰᠠᠭᠤᠷᠢᠯᠠᠨ᠂ ᠰᠢᠭᠦᠬᠦ ᠬᠤᠷᠢᠶᠠᠨ ᠤ ᠬᠠᠤᠯᠢ ᠬᠡᠷᠡᠭᠵᠢᠭᠦᠯᠵᠦ ᠬᠡᠷᠡᠭ ᠢ ᠰᠢᠢᠳᠪᠦᠷᠢᠯᠡᠬᠦ᠂ ᠵᠠᠷᠭᠤ ᠶᠢᠨ | ᠦᠢᠯᠡᠴᠢᠯᠡᠭᠡ᠂ ᠠᠵᠢᠯ ᠤᠨ ᠰᠠᠬᠢᠯᠭ᠎ᠠ ᠪᠠᠲᠤ᠂ ᠬᠠᠤᠯᠢ ᠪᠠᠷᠢᠬᠤ ᠣᠪᠣᠷ ᠰᠤᠷᠲᠠᠯ ᠵᠡᠷᠭᠡ ᠲᠠᠯ᠎ᠠ ᠶᠢᠨ ᠠᠵᠢᠯ ᠲᠠᠢ | ᠭᠤᠤᠯᠳᠠᠯᠭ᠎ᠠ ᠲᠠᠢ ᠪᠠᠷ ᠤᠶᠠᠯᠳᠤᠭᠤᠯᠤᠨ᠂ ᠰᠡᠳᠬᠢᠯ ᠢᠶᠠᠨ ᠳᠡᠯᠭᠡᠵᠦ᠂ ᠪᠤᠳᠤᠭᠰᠠᠨ ᠢᠶᠠᠨ ᠠᠭᠤᠵᠢᠷᠠᠲᠠᠯ᠎ᠠ ᠶᠠᠷᠢᠵᠤ᠂ | ᠬᠠᠤᠯᠢ ᠪᠠᠷᠢᠬᠤ ᠦᠢᠯᠡ ᠠᠵᠢᠯᠯᠠᠭ᠎ᠠ ᠶᠢ ᠵᠢᠷᠤᠮᠵᠢᠭᠤᠯᠬᠤ᠂ ᠬᠠᠤᠯᠢ ᠪᠠᠷᠢᠬᠤ ᠴᠢᠳᠠᠪᠤᠷᠢ ᠶᠢ ᠳᠡᠭᠡᠭᠰᠢᠯᠡᠭᠦᠯᠬᠦ ᠲᠠᠯ᠎ᠠ ᠠᠴᠠ | ᠲᠣᠰ ᠲᠣᠰ ᠤᠨ ᠰᠠᠨᠠᠯ ᠰᠠᠨᠠᠭᠤᠯᠭ᠎ᠠ ᠪᠠᠨ ᠳᠤᠷᠠᠳᠪᠠ᠃ | | ᠰᠢᠭᠦᠬᠦ ᠬᠤᠷᠢᠶᠠᠨ ᠤ ᠬᠤᠯᠪᠣᠭᠳᠠᠯ ᠪᠦᠬᠦᠢ ᠬᠠᠷᠢᠭᠤᠴᠠᠯᠭᠠᠲᠠᠨ ᠳ᠋ᠦᠩᠨᠡᠯᠳᠡ ᠶᠢᠨ ᠶᠠᠷᠢᠶᠠᠨ ᠳᠤ ᠪᠠᠨ | ᠢᠯᠡᠷᠬᠡᠶᠢᠯᠡᠭᠰᠡᠨ ᠨᠢ᠂ ᠲᠥᠯᠥᠭᠡᠯᠡᠭᠴᠢᠳ ᠤᠨ ᠰᠠᠨᠠᠯ ᠰᠠᠨᠠᠭᠤᠯᠭ᠎ᠠ ᠶᠢ ᠨᠠᠷᠢᠨ ᠬᠢᠨᠠᠮᠠᠭᠠᠢ ᠡᠮᠬᠢᠯᠡᠵᠦ᠂ ᠠᠰᠠᠭᠤᠳᠠᠯ ᠤᠨ | ᠨᠠᠷᠢᠨ ᠳᠠᠩᠰᠠ ᠶᠢ ᠵᠢᠭᠰᠠᠭᠠᠵᠤ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠲᠣᠭᠲᠠᠭᠠᠵᠤ᠂ ᠴᠡᠭᠴᠡᠯᠡᠨ | ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠬᠤ ᠠᠵᠢᠯ ᠢ ᠴᠢᠩᠭ᠎ᠠ ᠠᠳᠬᠤᠵᠤ᠂ ᠬᠥᠮᠦᠵᠢᠭᠦᠯᠦᠨ ᠴᠡᠭᠴᠡᠯᠡᠬᠦ ᠳᠤ ᠤᠯᠠᠨ | ᠲᠦᠮᠡᠨ ᠢ ᠣᠷᠣᠯᠴᠠᠭᠤᠯᠵᠤ᠂ ᠤᠯᠠᠨ ᠲᠦᠮᠡᠨ ᠤ ᠬᠢᠨᠠᠯᠲᠠ ᠶᠢ ᠬᠦᠯᠢᠶᠡᠵᠦ᠂ ᠤᠯᠠᠨ ᠲᠦᠮᠡᠨ ᠢᠶᠠᠷ ᠦᠨᠡᠯᠡᠭᠦᠯᠬᠦ ᠶᠢ ᠡᠷᠡᠰ | ᠪᠡᠶᠡᠯᠡᠭᠦᠯᠵᠦ᠂ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡ ᠶᠢᠨ ᠬᠥᠮᠦᠵᠢᠯ ᠴᠡᠭᠴᠡᠯᠡᠯᠲᠡ ᠳᠤ ᠦᠨᠡᠨ ᠪᠣᠳᠠᠲᠠᠢ ᠦᠷ᠎ᠡ | ᠪᠦᠲᠦᠮᠵᠢ ᠤᠯᠬᠤ ᠶᠢ ᠠᠬᠢᠭᠤᠯᠵᠤ᠂ ᠲᠦᠢᠯ ᠤᠨ ᠦᠨᠡᠨᠴᠢ ᠰᠢᠳᠤᠷᠭᠤ᠂ ᠨᠠᠮ ᠢ ᠰᠠᠨᠠᠭ᠎ᠠ ᠠᠮᠤᠷ᠂ ᠠᠷᠠᠳ ᠲᠦᠮᠡᠨ ᠢ | ᠰᠡᠳᠬᠢᠯ ᠬᠠᠨᠤᠮᠵᠢᠲᠠᠢ ᠪᠣᠯᠭᠠᠬᠤ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡ ᠶᠢ ᠴᠢᠷᠮᠠᠶᠢᠨ ᠪᠠᠶᠢᠭᠤᠯᠤᠨ᠎ᠠ᠃ | | | ᠨᠠᠶᠢᠷᠠᠭᠤᠯᠤᠭᠴᠢ᠄ ᠯᠢ ᠰᠧ ᠬᠤᠢ | ᠤᠷᠴᠢᠭᠤᠯᠤᠭᠴᠢ᠄ ᠬᠠᠨ ᠰᠢᠶᠤᠤ ᠿᠦᠩ | ᠬᠢᠨᠠᠭᠴᠢ᠄ ᠼᠦᠢ ᠶᠢᠩ |