| ᠲᠦᠷᠦᠭᠦᠬᠡᠨ᠂ ᠬᠤᠲᠠ ᠶᠢᠨ ᠡᠮᠡᠭᠲᠡᠶᠢᠴᠦᠳ ᠤᠨ ᠬᠤᠯᠪᠣᠭ᠎ᠠ ᠬᠤᠲᠠ ᠶᠢᠨ ᠬᠢᠲᠠᠳ ᠮᠣᠩᠭᠤᠯ ᠡᠮᠨᠡᠯᠭᠡ ᠶᠢᠨ | ᠬᠤᠷᠢᠶ᠎ᠠ ᠲᠠᠢ ᠬᠠᠮᠲᠤᠷᠠᠨ ᠶᠤᠸᠠᠨ ᠱᠠᠨ ᠽᠢ ᠰᠢᠶᠠᠩ ᠤᠨ ᠱᠧᠨ ᠵᠢᠶᠠ ᠺᠦ᠋ ᠯᠢᠶᠠᠨ ᠲᠣᠰᠬᠤᠨ ᠳᠤ ︽ᠡᠮᠴᠢᠯᠡᠭᠡ ᠬᠦᠷᠭᠡᠬᠦ᠂ | ᠡᠮ ᠬᠦᠷᠭᠡᠬᠦ᠂ ᠡᠷᠡᠭᠦᠯ ᠮᠡᠨᠳᠦ ᠬᠦᠷᠭᠡᠬᠦ︾ ᠠᠵᠢᠯᠯᠠᠭ᠎ᠠ ᠶᠢ ᠭᠦᠨᠵᠡᠭᠡᠶ ᠥᠷᠨᠢᠭᠦᠯᠪᠡ᠃ | | ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠬᠤᠳᠠ ᠶᠢᠨ ᠡᠮᠡᠭᠲᠡᠶᠢᠴᠦᠳ ᠤᠨ ᠬᠤᠯᠪᠣᠭ᠎ᠠ ᠲᠣᠰᠬᠤᠨ ᠤ | ᠡᠮᠡᠭᠲᠡᠶᠢᠴᠦᠳ ᠲᠤ ᠡᠯ᠎ᠡ ᠵᠦᠢᠯ ᠤᠨ ᠮᠡᠳᠡᠯᠭᠡ ᠶᠢᠨ ᠨᠣᠮ ᠪᠢᠴᠢᠭ ᠬᠦᠷᠭᠡᠭᠰᠡᠨ ᠪᠥᠭᠡᠳ ᠲᠡᠳᠡᠨ ᠳᠤ ︽ᠭᠡᠷ ᠪᠦᠯᠢ ᠶᠢᠨ | ᠬᠦᠴᠦᠷᠬᠡᠭᠯᠡᠯ ᠢ ᠡᠰᠡᠷᠭᠦᠴᠡᠬᠦ ᠭᠠᠷ ᠠᠪᠤᠯᠭ᠎ᠠ︾᠂ ︽ᠡᠮᠡᠭᠲᠡᠶᠢᠴᠦᠳ ᠤᠨ ᠬᠤᠶᠠᠷ ᠥᠮᠡᠨ ᠢ ᠰᠡᠷᠭᠡᠶᠢᠯᠡᠨ ᠵᠠᠰᠠᠬᠤ | ᠤᠬᠠᠭᠤᠯᠭ᠎ᠠ ᠶᠢᠨ ᠭᠠᠷ ᠠᠪᠤᠯᠭ᠎ᠠ︾ ᠵᠡᠷᠭᠡ ᠤᠬᠠᠭᠤᠯᠭ᠎ᠠ ᠶᠢᠨ ᠮᠠᠲ᠋ᠧᠷᠢᠶᠠᠯ ᠢ ᠲᠠᠷᠬᠠᠭᠠᠪᠠ︔ ᠬᠢᠲᠠᠳ ᠮᠣᠩᠭᠤᠯ | ᠡᠮᠨᠡᠯᠭᠡ ᠶᠢᠨ ᠬᠤᠷᠢᠶᠠᠨ ᠤ ᠡᠮᠴᠢ ᠰᠤᠪᠢᠯᠠᠭᠴᠢᠳ ᠡᠷᠡᠭᠦᠯ ᠮᠡᠨᠳᠦ ᠶᠢᠨ ᠲᠦᠷᠭᠡᠨ ᠲᠡᠷᠭᠡ ᠶᠢ ᠠᠰᠢᠭᠯᠠᠨ᠂ | ᠡᠮᠡᠭᠲᠡᠶᠢᠴᠦᠳ ᠲᠤ ᠡᠯ᠎ᠡ ᠵᠦᠢᠯ ᠤᠨ ᠡᠮᠡᠭᠲᠡᠶ ᠶᠢᠨ ᠰᠠᠯᠠᠭᠠᠨ ᠤ ᠪᠠᠶᠢᠴᠠᠭᠠᠯᠲᠠ ᠬᠢᠵᠦ᠂ ᠡᠮᠡᠭᠲᠡᠶᠢᠴᠦᠳ ᠤᠨ ᠡᠷᠡᠭᠦᠯ | ᠮᠡᠨᠳᠦ ᠶᠢᠨ ᠮᠡᠳᠡᠯᠭᠡ ᠵᠢᠴᠢ ᠡᠮᠡᠭᠲᠡᠶ ᠶᠢᠨ ᠰᠠᠯᠠᠭᠠᠨ ᠤ ᠪᠠᠶᠢᠩᠭᠤ ᠲᠣᠬᠢᠶᠠᠯᠳᠤᠳᠠᠭ ᠡᠪᠡᠳᠴᠢᠨ ᠢ ᠤᠷᠢᠳᠴᠢᠯᠠᠨ ᠰᠡᠷᠭᠡᠶᠢᠯᠡᠬᠦ | ᠪᠠ ᠡᠮᠨᠡᠨ ᠵᠠᠰᠠᠬᠤ ᠶᠢ ᠣᠯᠠᠨ ᠳᠤ ᠵᠢᠭᠠᠵᠤ ᠦᠭᠪᠡ᠃ ᠲᠣᠰ ᠠᠵᠢᠯᠯᠠᠭ᠎ᠠ ᠨᠢ ᠲᠤᠬᠠᠶ ᠶᠢᠨ ᠲᠠᠯᠠᠪᠤᠷ ᠲᠤ ᠤᠬᠠᠭᠤᠯᠤᠨ | ᠯᠠᠪᠯᠠᠬᠤ ᠪᠠ ᠠᠯᠪᠠᠨ ᠵᠢᠷᠤᠮ ᠤᠨ ᠡᠮᠴᠢᠯᠡᠭᠡ ᠬᠢᠬᠦ ᠠᠷᠭ᠎ᠠ ᠮᠠᠶ᠋ᠢᠭ ᠢᠶᠠᠷ ᠳᠠᠮᠵᠢᠭᠤᠯᠤᠨ᠂ ᠥᠷᠭᠡᠨ ᠣᠯᠠᠨ | ᠡᠮᠡᠭᠲᠡᠶᠢᠴᠦᠳ ᠤᠨ ᠡᠷᠬᠡ ᠪᠠᠨ ᠬᠠᠮᠠᠭᠠᠯᠠᠬᠤ ᠤᠬᠠᠮᠰᠠᠷ ᠪᠠ ᠥᠪᠡᠷ ᠢ ᠪᠠᠨ ᠡᠷᠡᠭᠦᠯᠵᠢᠭᠦᠯᠬᠦ ᠤᠬᠠᠮᠰᠠᠷ ᠢ ᠤᠯᠠᠮ ᠨᠢᠭᠡ | ᠠᠯᠬᠤᠮ ᠳᠡᠭᠡᠭᠰᠢᠯᠡᠭᠦᠯᠵᠦ᠂ ᠥᠷᠭᠡᠨ ᠣᠯᠠᠨ ᠡᠮᠡᠭᠲᠡᠶᠢᠴᠦᠳ ᠤᠨ ᠬᠦᠷᠢᠶᠡᠯᠡᠯ ᠢ ᠤᠯᠪᠠ᠃ | | | | ᠤᠷᠴᠢᠭᠤᠯᠤᠭᠴᠢ᠄ ᠬᠠᠨ ᠰᠢᠶᠤᠤ ᠿᠦᠩ | ᠬᠢᠨᠠᠭᠴᠢ᠄ ᠼᠦᠢ ᠶᠢᠩ |