| 3 ᠰᠠᠷ᠎ᠠ ᠶᠢᠨ 23 ᠤ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠤᠬᠠᠭᠤᠯᠬᠤ | ᠬᠡᠯᠲᠡᠰ ᠤᠨ ᠳᠠᠷᠤᠭ᠎ᠠ ᠸᠧᠶ ᡁᠢ ᠵᠢᠶᠦ᠋ᠨ ᠰᠠᠨ ᠢ ᠴᠢᠤᠸᠠᠨ ᠪᠠᠯᠭᠠᠰᠤᠨ ᠳᠤ ᠭᠦᠨᠵᠡᠭᠡᠶᠢᠷᠡᠨ ᠰᠢᠨ᠎ᠡ ᠴᠠᠭ | ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠲᠥᠪ ᠥᠷᠲᠡᠭᠡ ᠶᠢᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠳᠤ | ᠪᠠᠶᠢᠴᠠᠭᠠᠨ ᠰᠤᠳᠤᠯᠤᠯᠲᠠ ᠬᠢᠪᠠ᠃ | | ᠸᠧᠢ ᡁᠢ ᠵᠢᠶᠦ᠋ᠨ ᠤᠷᠢᠳ ᠬᠤᠵᠢᠳ ᠰᠠᠨ ᠢ ᠴᠢᠤᠸᠠᠨ ᠪᠠᠯᠭᠠᠰᠤ ᠶᠢᠨ ᠰᠢᠨ᠎ᠡ ᠴᠠᠭ ᠦᠶ᠎ᠡ ᠶᠢᠨ ᠪᠣᠯᠪᠠᠰᠤᠨ | ᠦᠢᠯᠡᠳᠦᠯᠭᠡ ᠶᠢᠨ ᠭᠠᠵᠠᠷ᠂ ᠰᠠᠨ ᠢ ᠴᠢᠤᠸᠠᠨ ᠵᠠᠰᠠᠭ ᠵᠠᠬᠢᠷᠭᠠᠨ ᠤ ᠲᠣᠰᠬᠤᠨ᠂ ᠲᠢᠶᠠᠨ ᠳ᠋ᠧ ᠶᠦᠩ ᠵᠠᠰᠠᠭ | ᠵᠠᠬᠢᠷᠭᠠᠨ ᠤ ᠲᠣᠰᠬᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠦᠷᠳᠡᠭᠡ ᠳᠤ ᠬᠦᠷᠴᠦ | ᠪᠠᠶᠢᠴᠠᠭᠠᠨ ᠰᠤᠳᠤᠯᠤᠯᠲᠠ ᠬᠢᠪᠡ᠃ ᠬᠠᠮᠢᠶ᠎ᠠ ᠪᠦᠬᠦᠢ ᠬᠠᠷᠢᠭᠤᠴᠠᠯᠭᠠᠲᠠᠨ ᠤ ᠪᠠᠶᠢᠳᠠᠯ ᠤᠨ ᠬᠠᠷᠢᠭᠤ | ᠮᠡᠳᠡᠭᠦᠯᠦᠯᠲᠡ ᠶᠢ ᠨᠠᠷᠢᠨ ᠬᠢᠨᠠᠮᠠᠭᠠᠢ ᠰᠣᠨᠣᠰᠴᠤ᠂ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠭᠠᠵᠠᠷ᠂ | ᠥᠷᠲᠡᠭᠡᠨ ᠤ ᠵᠢᠭᠰᠠᠭᠠᠯ ᠤᠨ ᠭᠠᠵᠠᠷ ᠤᠨ ᠪᠦᠳᠦᠭᠡᠨ ᠪᠠᠶᠢᠭᠤᠯᠤᠯᠲᠠ ᠶᠢᠨ ᠪᠠᠶᠢᠳᠠᠯ᠂ ᠰᠠᠶᠢᠨ ᠳᠤᠷ᠎ᠠ ᠶᠢᠨ | ᠦᠢᠯᠡᠴᠢᠯᠡᠭᠡᠨ ᠤ ᠡᠩᠨᠡᠭᠡ ᠶᠢᠨ ᠪᠦᠳᠦᠭᠡᠨ ᠪᠠᠶᠢᠭᠤᠯᠤᠯᠲᠠ ᠶᠢᠨ ᠪᠠᠶᠢᠳᠠᠯ ᠵᠢᠴᠢ ᠰᠠᠶᠢᠨ ᠳᠤᠷ᠎ᠠ ᠶᠢᠨ | ᠦᠢᠯᠡᠴᠢᠯᠡᠭᠡᠨ ᠤ ᠠᠵᠢᠯᠯᠠᠭ᠎ᠠ ᠶᠢ ᠥᠷᠨᠢᠭᠦᠯᠦᠭᠰᠡᠨ ᠪᠠᠶᠢᠳᠠᠯ ᠵᠡᠷᠭᠡ ᠶᠢ ᠭᠦᠨᠵᠡᠭᠡᠢ ᠪᠦᠭᠡᠳ ᠨᠠᠷᠢᠨ ᠣᠶᠢᠯᠠᠭᠠᠪᠠ᠃ | ᠸᠧᠢ ᡁᠢ ᠵᠢᠶᠦ᠋ᠨ ᠪᠠᠶᠢᠴᠠᠭᠠᠨ ᠰᠤᠳᠤᠯᠤᠯᠲᠠ ᠬᠢᠬᠦ ᠳᠡᠭᠡᠨ᠂ ᠰᠢᠨ᠎ᠡ ᠴᠠᠭ ᠦᠶ᠎ᠡ ᠶᠢᠨ ᠪᠣᠯᠪᠠᠰᠤᠨ | ᠦᠢᠯᠡᠳᠦᠯᠭᠡ ᠶᠢᠨ ᠲᠥᠪ ᠢ ᠪᠠᠶᠢᠭᠤᠯᠬᠤ ᠪᠣᠯ ᠨᠠᠮ ᠤᠨ ᠲᠥᠪ ᠬᠤᠷᠢᠶ᠎ᠠ ᠠᠴᠠ ᠦᠵᠡᠯ ᠰᠠᠨᠠᠭ᠎ᠠ ᠰᠣᠶᠣᠯ ᠪᠣᠯᠤᠨ | ᠤᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠵᠢᠯ ᠢ ᠤᠬᠠᠭᠤᠯᠬᠤ ᠳᠤ ᠬᠢᠭᠰᠡᠨ ᠨᠢᠭᠡ ᠤᠳᠠᠭ᠎ᠠ ᠶᠢᠨ ᠴᠢᠬᠤᠯᠠ | ᠪᠠᠶᠢᠷᠢᠯᠠᠭᠤᠯᠤᠯᠲᠠ ᠪᠣᠯᠤᠨ᠎ᠠ᠂ ᠪᠢᠳᠡ ᠵᠠᠪᠠᠯ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠲᠥᠪ ᠭᠡᠬᠦ | ᠡᠨᠡᠬᠦ ᠴᠢᠬᠤᠯᠠ ᠵᠢᠭᠰᠠᠭᠠᠯ ᠤᠨ ᠭᠠᠵᠠᠷ ᠢ ᠰᠠᠶᠢᠲᠤᠷ ᠪᠠᠶᠢᠭᠤᠯᠵᠤ᠂ ᠰᠠᠶᠢᠲᠤᠷ ᠠᠰᠢᠭᠯᠠᠵᠤ᠂ ᠰᠠᠶᠢᠲᠤᠷ ᠨᠡᠶᠢᠳᠬᠡᠵᠦ᠂ | ᠤᠯᠠᠨ ᠲᠦᠮᠡᠨ ᠢ ᠤᠬᠠᠭᠤᠯᠤᠨ ᠬᠥᠮᠦᠵᠢᠭᠦᠯᠬᠦ ᠪᠠ ᠬᠠᠯᠠᠮᠵᠢᠯᠠᠨ ᠦᠢᠯᠡᠴᠢᠯᠡᠬᠦ ︽ᠡᠴᠦᠰ ᠤᠨ ᠨᠢᠭᠡ ᠺᠢᠯᠣᠮᠧᠲᠷ︾ | ᠢ ᠨᠡᠪᠲᠡᠷᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠰᠠᠨ ᠢ ᠴᠢᠤᠸᠠᠨ ᠲᠣᠰᠬᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠥᠷᠲᠡᠭᠡᠨ ᠳᠤ᠂ | ᠸᠧᠶ ᡁᠢ ᠵᠢᠶᠦ᠋ᠨ ᠰᠠᠨ ᠢ ᠴᠢᠤᠸᠠᠨ ᠰᠣᠶᠣᠯ ᠤᠨ ᠬᠦᠷᠢᠶᠡᠯᠡᠩ ᠤᠨ ᠮᠠᠰᠢ ᠥᠪᠡᠷᠮᠢᠴᠡ ᠣᠨᠴᠠᠯᠢᠭ ᠲᠠᠢ ᠪᠠᠶᠢᠬᠤ ᠶᠢ | ᠬᠠᠷᠠᠭᠠᠳ᠂ ᠡᠲᠡᠭᠡᠷ ᠲᠠᠪᠴᠠᠩ ᠪᠠ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠰᠣᠶᠣᠯ ᠤᠨ ᠨᠠᠷᠠᠲᠤ ᠬᠥᠮᠦᠰ ᠪᠠ | ᠤᠳᠬ᠎ᠠ ᠤᠷᠠᠯᠢᠭ ᠤᠨ ᠵᠣᠬᠢᠶᠠᠨ ᠪᠦᠲᠦᠭᠡᠭᠴᠢ ᠶᠢ ᠤᠷᠢᠵᠤ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ | ᠥᠷᠲᠡᠭᠡ ᠳᠤ ᠣᠷᠣᠭᠤᠯᠤᠨ᠂ ᠥᠪᠡᠷᠮᠢᠴᠡ ᠣᠨᠴᠠᠯᠢᠭ ᠲᠠᠢ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠶᠢ | ᠪᠠᠶᠢᠭᠤᠯᠵᠤ᠂ ᠨᠢᠭᠡ ᠪᠦᠯᠦᠭ ᠣᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠶ ᠰᠣᠶᠣᠯ ᠤᠷᠠᠯᠢᠭ ᠤᠨ | ᠪᠦᠲᠦᠭᠡᠯ ᠢ ᠵᠣᠬᠢᠶᠠᠨ ᠪᠠᠶᠢᠭᠤᠯᠤᠨ᠂ ᠵᠣᠬᠢᠶᠠᠨ ᠪᠦᠲᠦᠭᠡᠵᠦ᠂ ᠣᠯᠠᠨ ᠲᠦᠮᠡᠨ ᠤ ᠰᠣᠶᠣᠯ ᠤᠨ ᠠᠮᠢᠳᠤᠷᠠᠯ ᠢ | ᠲᠠᠰᠤᠷᠠᠯᠲᠠ ᠥᠬᠡᠶ ᠪᠠᠶᠠᠯᠢᠭᠵᠢᠭᠤᠯᠵᠤ ᠪᠣᠯᠤᠨ᠎ᠠ ᠭᠡᠵᠦ ᠴᠢᠬᠤᠯᠠᠴᠢᠯᠠᠪᠠ᠃ | ᠪᠠᠶᠢᠴᠠᠭᠠᠨ ᠰᠤᠳᠤᠯᠤᠯᠲᠠ ᠶᠢᠨ ᠳᠤᠮᠳᠠ᠂ ᠰᠠᠨ ᠢ ᠴᠢᠤᠸᠠᠨ ᠪᠠᠯᠭᠠᠰᠤᠨ ᠤ ᠭᠤᠤᠯ ᠬᠠᠷᠢᠭᠤᠴᠠᠯᠭᠠᠲᠠᠨ | ᠢᠯᠡᠷᠭᠡᠶᠢᠯᠡᠭᠰᠡᠨ ᠨᠢ᠂ ᠪᠥᠲᠥᠭᠡᠨ ᠪᠠᠶᠢᠭᠤᠯᠤᠯᠲᠠ ᠶᠢᠨ ᠪᠠᠷᠢᠮᠵᠢᠶ᠎ᠠ ᠪᠠ ᠱᠠᠭᠠᠷᠳᠠᠯᠭ᠎ᠠ ᠶᠣᠰᠣᠭᠠᠷ᠂ ᠪᠣᠳᠠᠲᠤ ᠪᠠᠶᠢᠳᠠᠯ | ᠪᠠ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠲᠠᠢ ᠨᠢᠭᠲᠠ ᠤᠶᠠᠯᠳᠤᠭᠤᠯᠤᠨ᠂ ᠵᠣᠷᠢᠭᠲᠠᠶ ᠪᠠᠷ | ᠦᠢᠯᠡᠳᠦᠯᠬᠡᠵᠢᠬᠦᠯᠵᠦ᠂ ᠪᠦᠲᠦᠮᠵᠢᠲᠡᠶ ᠪᠠᠷ ᠰᠢᠨ᠎ᠡ ᠶᠢ ᠡᠭᠦᠳᠴᠦ᠂ ᠰᠢᠨ᠎ᠡ ᠴᠠᠭ ᠦᠶ᠎ᠡ ᠶᠢᠨ ᠪᠣᠯᠪᠠᠰᠤᠨ | ᠦᠢᠯᠡᠳᠦᠯᠭᠡ ᠶᠢᠨ ᠭᠠᠵᠠᠷ ᠢ ᠣᠯᠠᠨ ᠲᠦᠮᠡᠨ ᠲᠠᠢ ᠨᠢᠭᠲᠠ ᠬᠠᠷᠢᠯᠴᠠᠬᠤ᠂ ᠦᠵᠡᠯ ᠰᠠᠨᠠᠭ᠎ᠠ ᠰᠣᠶᠣᠯ ᠤᠨ | ᠤᠬᠠᠭᠤᠯᠭ᠎ᠠ ᠶᠢ ᠴᠢᠩᠭᠠᠳᠬᠠᠬᠤ᠂ ᠣᠯᠠᠨ ᠲᠦᠮᠡᠨ ᠳᠤ ᠶᠡᠷᠦᠩᠬᠡᠶᠢᠯᠡᠨ ᠦᠢᠯᠡᠴᠢᠯᠡᠬᠦ ᠲᠠᠪᠴᠠᠩ ᠪᠠ ᠬᠤᠯᠪᠣᠭᠠᠰᠤ | ᠪᠣᠯᠭᠠᠨ ᠪᠥᠲᠥᠭᠡᠨ ᠪᠠᠶᠢᠭᠤᠯᠤᠨ᠎ᠠ᠃ | | | ᠨᠠᠶᠢᠷᠠᠭᠤᠯᠤᠭᠴᠢ᠄ ᠯᠢ ᠰᠧ ᠬᠤᠢ | ᠤᠷᠴᠢᠭᠤᠯᠤᠭᠴᠢ᠄ ᠬᠠᠨ ᠰᠢᠶᠤᠤ ᠿᠦᠩ | ᠬᠢᠨᠠᠭᠴᠢ᠄ ᠼᠦᠢ ᠶᠢᠩ |