| ᠲᠣᠮᠢᠯᠠᠭᠰᠠᠨ ᠰᠠᠯᠪᠤᠷᠢ ᠶᠢᠨ ᠡᠯ᠎ᠡ ᠵᠦᠢᠯ ᠤᠨ ᠠᠵᠢᠯ ᠢ ᠤᠯᠠᠮ ᠨᠢᠭᠡ ᠠᠯᠬᠤᠮ ᠴᠢᠩᠭᠠᠳᠬᠠᠨ᠂ ᠤᠯᠠᠨ | ᠲᠦᠮᠡᠨ ᠤ ᠬᠢᠨᠠᠯᠲᠠ ᠶᠢ ᠨᠡᠩ ᠰᠠᠶᠢᠲᠤᠷ ᠬᠦᠯᠢᠶᠡᠵᠦ᠂ ᠴᠠᠭᠳᠠᠭ᠎ᠠ ᠠᠷᠠᠳ ᠤᠨ ᠡᠶ᠎ᠡ ᠵᠣᠬᠢᠴᠠᠩᠭᠤᠢ ᠬᠠᠷᠢᠴᠠᠭ᠎ᠠ ᠶᠢ | ᠠᠬᠢᠭᠤᠯᠵᠤ᠂ ᠬᠠᠷᠢᠶ᠎ᠠ ᠣᠷᠣᠨ ᠤ ᠤᠯᠠᠨ ᠲᠦᠮᠡᠨ ᠤ ᠠᠮᠤᠷ ᠲᠦᠪᠰᠢᠨ ᠤ ᠲᠦᠷᠦᠭᠳᠡᠯ ᠪᠣᠯᠤᠨ ᠬᠠᠨᠤᠮᠵᠢ ᠶᠢᠨ | ᠬᠡᠮᠵᠢᠶ᠎ᠡ ᠶᠢ ᠳᠡᠭᠡᠭᠰᠢᠯᠡᠭᠦᠯᠵᠦ᠂ ᠰᠢᠨ᠎ᠡ ᠴᠠᠭ ᠦᠶ᠎ᠡ ᠶᠢᠨ ︽ᠹᠧᠩᠴᠢᠶᠤᠤ ᠶᠢᠨ ᠲᠤᠷᠰᠢᠯᠭ᠎ᠠ︾ ᠶᠢᠨ ᠲᠣᠮᠢᠯᠠᠭᠰᠠᠨ | ᠰᠠᠯᠪᠤᠷᠢ ᠶᠢᠨ ᠠᠵᠢᠯ ᠤᠨ ᠪᠦᠳᠦᠮᠵᠢᠳᠡᠢ ᠶᠠᠪᠤᠭᠳᠠᠬᠤ ᠶᠢ ᠠᠬᠢᠭᠤᠯᠬᠤ ᠶᠢᠨ ᠲᠦᠯᠦᠭᠡ᠂ ᠪᠦᠬᠦ ᠬᠤᠳᠠ ᠶᠢᠨ ᠤᠯᠤᠰ | ᠲᠦᠷᠦ ᠬᠠᠤᠯᠢ ᠴᠠᠭᠠᠵᠠ ᠶᠢᠨ ᠡᠩᠨᠡᠭᠡ ᠶᠢᠨ ᠬᠥᠮᠦᠵᠢᠯ ᠴᠡᠭᠴᠡᠯᠡᠯᠲᠡ ᠶᠢᠨ ᠠᠵᠢᠯᠯᠠᠭ᠎ᠠ ᠲᠠᠢ ᠤᠶᠠᠯᠳᠤᠭᠤᠯᠵᠤ᠂ 3 | ᠰᠠᠷ᠎ᠠ ᠶᠢᠨ 23 ᠤ ᠡᠳᠦᠷ᠂ ᠰᠢᠨ᠎ᠡ ᠲᠣᠭᠤᠷᠢᠭ ᠤᠨ ᠲᠣᠮᠢᠯᠠᠭᠰᠠᠨ ᠰᠠᠯᠪᠤᠷᠢ ᠶᠢᠨ ᠠᠷᠠᠳ ᠤᠨ ᠴᠠᠭᠳᠠᠭ᠎ᠠ ᠮᠢᠩ ᠵᠦ | ᠨᠡᠶᠢᠭᠡᠮ ᠲᠣᠭᠤᠷᠢᠭ ᠲᠤ ᠬᠦᠷᠴᠦ ᠠᠵᠢᠯ ᠤᠨ ᠰᠠᠭᠤᠳᠠᠯ ᠤᠨ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠪᠠ᠃ | | ᠬᠤᠷᠠᠯ ᠳᠡᠭᠡᠷ᠎ᠡ᠂ ᠨᠡᠶᠢᠭᠡᠮ ᠲᠣᠭᠤᠷᠢᠭ ᠤᠨ ᠠᠷᠠᠳ ᠤᠨ ᠴᠠᠭᠳᠠᠭ᠎ᠠ ᠨᠠᠷ ᠲᠣᠮᠢᠯᠠᠭᠰᠠᠨ ᠰᠠᠯᠪᠤᠷᠢ ᠶᠢᠨ | ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ᠂ ᠬᠠᠷ᠎ᠠ ᠪᠦᠯᠦᠭᠲᠡᠨ ᠬᠠᠷᠭᠢᠰ ᠬᠦᠴᠦᠨ ᠢ | ᠠᠷᠢᠯᠭᠠᠬᠤ ᠲᠤᠰᠬᠠᠶ ᠲᠡᠮᠡᠴᠡᠯ ᠥᠷᠨᠢᠭᠦᠯᠬᠦ᠂ ᠠᠷᠠᠳ ᠲᠦᠮᠡᠨ ᠳᠤ ᠦᠢᠯᠡᠴᠢᠯᠡᠬᠦ ᠵᠡᠷᠭᠡ ᠠᠵᠢᠯ ᠤᠨ ᠪᠠᠶᠢᠳᠠᠯ ᠢ | ᠨᠡᠶᠢᠲᠡᠯᠡᠨ ᠮᠡᠳᠡᠭᠳᠡᠪᠡ᠃ ᠡᠭᠦᠨ ᠤ ᠬᠠᠮᠲᠤ ᠣᠳᠣᠬᠠᠨ ᠤ ᠬᠠᠷᠢᠶ᠎ᠠ ᠣᠷᠣᠨ ᠤ ᠪᠠᠨ ᠠᠮᠤᠷ ᠲᠦᠪᠰᠢᠨ ᠤ | ᠪᠠᠶᠢᠳᠠᠯ ᠲᠠᠢ ᠤᠶᠠᠯᠳᠤᠭᠤᠯᠤᠨ᠂ ᠡᠯ᠎ᠡ ᠲᠥᠷᠥᠯ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠮᠡᠳᠡᠯᠭᠡ ᠶᠢᠨ | ᠤᠬᠠᠭᠤᠯᠭ᠎ᠠ ᠶᠢ ᠣᠯᠠᠨ ᠳᠤ ᠥᠷᠨᠢᠭᠦᠯᠵᠦ᠂ ᠣᠯᠠᠨ ᠲᠦᠮᠡᠨ ᠤ ᠨᠡᠶᠢᠭᠡᠮ ᠤᠨ ᠠᠮᠤᠷ ᠲᠦᠪᠰᠢᠨ ᠤ ᠰᠡᠷᠭᠡᠶᠢᠯᠡᠨ | ᠡᠵᠡᠮᠳᠡᠬᠦ ᠳᠤ ᠢᠳᠡᠪᠬᠢᠲᠡᠶ ᠣᠷᠣᠯᠴᠠᠬᠤ ᠶᠢ ᠵᠣᠷᠢᠭᠵᠢᠭᠤᠯᠤᠨ᠂ ᠡᠯ᠎ᠡ ᠲᠥᠷᠥᠯ ᠤᠨ ᠬᠠᠤᠯᠢ ᠶᠢ ᠵᠥᠷᠢᠴᠡᠭᠰᠡᠨ | ᠶᠠᠯᠠᠲᠤ ᠬᠡᠷᠡᠭ ᠤᠨ ᠰᠦᠪᠡᠭᠴᠢ ᠶᠢ ᠢᠳᠡᠪᠬᠢᠲᠡᠶ ᠪᠠᠷ ᠢᠯᠡᠴᠢᠯᠡᠨ ᠮᠡᠳᠡᠭᠦᠯᠵᠦ᠂ ᠳᠣᠲᠣᠭᠠᠳᠤ ᠶᠢ ᠬᠠᠮᠠᠭᠠᠯᠠᠬᠤ | ᠪᠠᠶᠢᠭᠤᠯᠭ᠎ᠠ ᠶᠢ ᠬᠠᠮᠵᠢᠨ ᠡᠯ᠎ᠡ ᠵᠦᠢᠯ ᠤᠨ ᠬᠠᠤᠯᠢ ᠬᠡᠷᠡᠭᠵᠢᠭᠦᠯᠬᠦ ᠠᠵᠢᠯ ᠢ ᠥᠷᠨᠢᠭᠦᠯᠵᠦ᠂ ᠠᠮᠤᠷ ᠠᠮᠤᠭᠤᠯᠠᠩ | ᠨᠡᠶᠢᠭᠡᠮ ᠲᠣᠭᠤᠷᠢᠭ ᠢ ᠡᠭᠦᠳᠦᠨ ᠪᠠᠶᠢᠭᠤᠯᠬᠤ ᠳᠤ ᠬᠤᠪᠢ ᠨᠡᠮᠡᠷᠢ ᠦᠵᠡᠭᠦᠯᠪᠡ᠃ | ᠰᠠᠭᠤᠳᠠᠯ ᠤᠨ ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠨ ᠤᠯᠠᠨ ᠲᠦᠮᠡᠨ ᠤ ᠲᠥᠯᠥᠭᠡᠯᠡᠭᠴᠢᠳ | ᠢᠳᠡᠪᠬᠢᠲᠡᠢ ᠪᠠᠷ ᠶᠠᠷᠢᠶ᠎ᠠ ᠲᠠᠯᠪᠢᠵᠤ᠂ ᠥᠪᠡᠷ ᠥᠪᠡᠷ ᠤᠨ ᠰᠠᠨᠠᠯ ᠢᠶᠠᠨ ᠶᠠᠷᠢᠵᠤ᠂ ᠰᠢᠨ᠎ᠡ ᠲᠣᠭᠤᠷᠢᠭ ᠤᠨ | ᠲᠣᠮᠢᠯᠠᠭᠰᠠᠨ ᠰᠠᠯᠪᠤᠷᠢ ᠶᠢᠨ ᠡᠯ᠎ᠡ ᠵᠦᠢᠯ ᠤᠨ ᠠᠵᠢᠯ ᠢ ᠭᠦᠢᠴᠡᠳ ᠨᠤᠲᠠᠯᠠᠬᠤ ᠶᠢᠨ ᠬᠠᠮᠲᠤ ᠠᠵᠢᠯ ᠢᠶᠠᠨ | ᠰᠠᠶᠢᠵᠢᠷᠠᠭᠤᠯᠬᠤ ᠰᠠᠨᠠᠯ ᠰᠠᠨᠠᠭᠤᠯᠭ᠎ᠠ ᠳᠤᠷᠠᠳᠪᠠ᠃ ᠤᠯᠠᠨ ᠢᠶᠠᠷ ᠢᠶᠠᠨ ᠥᠩᠭᠡᠷᠡᠭᠰᠡᠨ ᠲᠠᠢ ᠪᠠᠨ ᠠᠳᠠᠯᠢ ᠪᠠᠷ | ᠳᠣᠲᠣᠭᠠᠳᠤ ᠶᠢ ᠬᠠᠮᠠᠭᠠᠯᠠᠬᠤ ᠠᠵᠢᠯ ᠢ ᠳᠡᠮᠵᠢᠵᠦ᠂ ᠬᠠᠷᠢᠶ᠎ᠠ ᠣᠷᠣᠨ ᠤ ᠡᠶ᠎ᠡ ᠵᠣᠬᠢᠴᠠᠩᠭᠤᠢ ᠲᠣᠭᠲᠠᠭᠤᠨ ᠳᠤ | ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠳᠭᠡᠵᠡᠭᠡᠪᠡ᠃ | | | ᠨᠠᠶᠢᠷᠠᠭᠤᠯᠤᠭᠴᠢ᠄ ᠯᠢ ᠰᠧ ᠬᠤᠢ | ᠤᠷᠴᠢᠭᠤᠯᠤᠭᠴᠢ᠄ ᠬᠠᠨ ᠰᠢᠶᠤᠤ ᠿᠦᠩ | ᠬᠢᠨᠠᠭᠴᠢ᠄ ᠼᠦᠢ ᠶᠢᠩ |