ᠯᠧᠢ ᠷᠦ ᠰᠢᠨ ᠮᠠᠨ ᠤ ᠬᠤᠲᠠ ᠳᠤ ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2021/3/25
    3 ᠰᠠᠷ᠎ᠠ ᠶᠢᠨ 23 ᠤ ᠡᠳᠦᠷ᠂ ᠤᠯᠠᠭᠠᠨᠴᠠᠪ ᠬᠤᠲᠠ ᠶᠢᠨ ᠳᠡᠳ᠋ ᠬᠤᠳᠠ ᠵᠢᠨ‌‍ᠲ᠋ᠠᠷᠤᠭ᠎ᠠ ᠯᠸᠢ ᠷᠦ ᠰᠢᠨ ᠮᠠᠨ ᠤ ᠬᠤᠲᠠ ᠳᠤ ᠴᠢᠬᠤᠯᠠ ᠶᠡᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠬᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠤᠯᠲᠠ ᠬᠢᠪᠠ᠃ ᠮᠠᠨ ᠤ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠬᠤᠲᠠ ᠶᠢᠨ ᠳᠠᠷᠤᠭ᠎ᠠ ᠵᠠᠩ ᠬᠤᠩ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠬᠤᠲᠠ ᠶᠢᠨ ᠳᠠᠷᠤᠭ᠎ᠠ ᠯᠢ ᠱᠦ ᠸᠧᠶ ᠪᠠᠶᠢᠴᠠᠭᠠᠨ ᠰᠤᠳᠤᠯᠤᠯᠲᠠ ᠶᠢᠨ ᠰᠠᠭᠤᠳᠠᠯ ᠤᠨ ᠬᠤᠷᠠᠯ ᠳᠤ ᠣᠷᠣᠯᠴᠠᠪᠠ᠃
   ᠬᠤᠷᠠᠯ ᠳᠡᠭᠡᠷ᠎ᠡ᠂ ᠵᠠᠩ ᠬᠤᠩ ᠮᠠᠨ ᠤ ᠬᠤᠳᠠ ᠶᠢᠨ 2021 ᠣᠨ ᠤ ᠵᠠᠰᠠᠭ ᠤᠨ ᠣᠷᠳᠣᠨ ᠤ ᠪᠡᠯᠡ ᠣᠷᠣᠭᠤᠯᠤᠯᠲᠠ 5000 ᠲᠦᠮᠡᠨ ᠲᠥᠭᠦᠷᠢᠭ ᠠᠴᠠ ᠳᠡᠭᠡᠭᠰᠢ᠂ ᠠᠵᠤ ᠠᠬᠤᠶᠢᠯᠠᠯ ᠤᠨ ᠪᠡᠯᠡ ᠣᠷᠣᠭᠤᠯᠤᠯᠲᠠ ᠶᠢᠨ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠲᠦᠷᠦᠯ ᠵᠦᠢᠯ ᠤᠨ ᠪᠠᠶᠢᠳᠠᠯ ᠤᠨ ᠲᠤᠬᠠᠢ ᠲᠣᠪᠴᠢ ᠬᠠᠷᠢᠭᠤ ᠮᠡᠳᠡᠭᠦᠯᠦᠯᠲᠡ ᠬᠢᠪᠡ᠃ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠠᠴᠠ ᠲᠦᠷᠦᠯ ᠵᠦᠢᠯ ᠤᠨ ᠠᠵᠢᠯ ᠡᠬᠢᠯᠡᠭᠦᠯᠦᠭᠰᠡᠨ ᠪᠠ ᠰᠡᠷᠭᠦᠭᠡᠭᠰᠡᠨ᠂ ᠭᠠᠷᠳᠠᠮ ᠢ ᠭᠦᠢᠴᠡᠳᠬᠡᠭᠰᠡᠨ ᠵᠡᠷᠭᠡ ᠪᠠᠶᠢᠳᠠᠯ ᠤᠨ ᠲᠤᠬᠠᠢ ᠨᠥᠬᠦᠪᠥᠷᠢ ᠲᠣᠳᠣᠷᠬᠠᠶᠢᠯᠠᠯᠲᠠ ᠬᠢᠪᠡ᠃    ᠣᠶᠢᠯᠠᠭᠠᠭᠰᠠᠨ ᠢᠶᠠᠷ᠂ ᠮᠠᠨ ᠤ ᠬᠤᠲᠠ ᠶᠢᠨ 2021 ᠣᠨ ᠳᠤ ᠬᠡᠷᠡᠭᠵᠢᠭᠦᠯᠬᠦ ᠪᠠᠷ ᠲᠥᠯᠥᠪᠯᠡᠵᠦ ᠪᠠᠶᠢᠭ᠎ᠠ ᠵᠠᠰᠠᠭ ᠤᠨ ᠣᠷᠳᠣᠨ ᠤ ᠪᠠᠯᠠ ᠣᠷᠣᠭᠤᠯᠤᠯᠲᠠ 5000 ᠲᠦᠮᠡᠨ ᠲᠥᠭᠦᠷᠢᠭ ᠠᠴᠠ ᠳᠡᠭᠡᠭᠰᠢ᠂ ᠠᠵᠤ ᠠᠬᠤᠶᠢᠯᠠᠯ ᠤᠨ ᠪᠠᠯᠠ ᠣᠷᠣᠭᠤᠯᠤᠯᠲᠠ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠲᠥᠷᠥᠯ ᠵᠦᠢᠯ 17᠂ ᠶᠡᠷᠦᠩᠬᠡᠶ ᠪᠠᠯᠠ ᠣᠷᠣᠭᠤᠯᠤᠯᠲᠠ ᠨᠢ ᠪᠠᠷᠤᠭ 40.45 ᠳ᠋ᠦᠩᠰᠢᠭᠤᠷ ᠲᠥᠭᠦᠷᠢᠭ ᠪᠠᠶᠢᠵᠤ᠂ ᠵᠢᠯ ᠤᠨ ᠪᠠᠯᠠ ᠣᠷᠣᠭᠤᠯᠤᠯᠲᠠ ᠶᠢ 14.83 ᠳ᠋ᠦᠩᠰᠢᠭᠤᠷ ᠲᠥᠭᠦᠷᠢᠭ ᠪᠡᠶᠡᠯᠡᠭᠦᠯᠬᠦ ᠪᠠᠷ ᠲᠥᠯᠥᠪᠯᠡᠵᠦ ᠪᠣᠶ᠂ ᠡᠭᠦᠨ ᠳᠤ᠄ ᠦᠷᠭᠦᠯᠵᠢᠯᠡᠨ ᠪᠠᠶᠢᠭᠤᠯᠬᠤ ᠲᠥᠷᠥᠯ ᠵᠦᠢᠯ 8᠂ ᠶᠡᠷᠦᠩᠬᠡᠶ ᠪᠠᠯᠠ ᠣᠷᠣᠭᠤᠯᠤᠯᠲᠠ ᠨᠢ ᠪᠠᠷᠤᠭ 22.73 ᠳ᠋ᠦᠩᠰᠢᠭᠤᠷ ᠲᠥᠭᠦᠷᠢᠭ ᠪᠠᠶᠢᠵᠤ᠂ ᠵᠢᠯ ᠤᠨ ᠪᠠᠯᠠ ᠣᠷᠣᠭᠤᠯᠤᠯᠲᠠ ᠶᠢ 6.77 ᠳ᠋ᠦᠩᠰᠢᠭᠤᠷ ᠲᠥᠭᠦᠷᠢᠭ ᠪᠡᠶᠡᠯᠡᠭᠦᠯᠬᠦ ᠪᠠᠷ ᠲᠥᠯᠥᠪᠯᠡᠵᠦ ᠪᠣᠶ︔ ᠰᠢᠨ᠎ᠡ ᠪᠠᠷ ᠪᠠᠶᠢᠭᠤᠯᠬᠤ ᠲᠥᠷᠥᠯ ᠵᠦᠢᠯ 9 ᠪᠠᠶᠢᠵᠤ᠂ ᠶᠡᠷᠦᠩᠬᠡᠶ ᠪᠠᠯᠠ ᠣᠷᠣᠭᠤᠯᠤᠯᠲᠠ ᠨᠢ ᠪᠠᠷᠤᠭ 17.72 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠳᠤ 8.06 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠬᠦ ᠪᠠᠷ ᠲᠥᠯᠥᠪᠯᠡᠵᠦ ᠪᠣᠶ᠃             ᠤᠷᠴᠢᠭᠤᠯᠤᠭᠴᠢ᠄ ᠬᠠᠨ ᠰᠢᠶᠤᠤ ᠿᠦᠩ             ᠬᠢᠨᠠᠭᠴᠢ᠄ ᠼᠦᠢ ᠶᠢᠩ
 
ᠢᠷᠡᠯᠲᠡ᠄ ᠠᠮᠢᠵᠢᠷᠠᠯ ᠪᠢᠯᠬᠠᠭᠰᠠᠨ ᠹᠧᠩᠵᠧᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3