ᠮᠠᠨ ᠤ ᠬᠤᠲᠠ ᠶᠢᠨ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠳᠡᠯᠡᠬᠡᠶ ᠶᠢᠨ ᠰᠦᠷᠢᠶ᠎ᠡ ᠡᠪᠡᠳᠴᠢᠨ ᠢ ᠰᠡᠷᠭᠡᠶᠢᠯᠡᠨ ᠵᠠᠰᠠᠬᠤ ᠡᠳᠦᠷ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2021/3/25
3 ᠰᠠᠷ᠎ᠠ ᠶᠢᠨ 24 ᠤ ᠡᠳᠦᠷ ᠪᠣᠯ 26 ᠳ᠋ᠤᠭᠠᠷ ᠳᠡᠯᠡᠬᠡᠶ ᠶᠢᠨ ᠰᠦᠷᠢᠶ᠎ᠡ ᠡᠪᠡᠳᠴᠢᠨ ᠢ ᠰᠡᠷᠭᠡᠶᠢᠯᠡᠨ ᠵᠠᠰᠠᠬᠤ ᠡᠳᠦᠷ ᠪᠣᠯᠤᠨ᠎ᠠ᠂ ᠬᠤᠲᠠ ᠶᠢᠨ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠠᠷᠠᠳ ᠤᠨ ᠴᠡᠴᠡᠷᠯᠢᠭ ᠲᠤ ︽ᠰᠦᠷᠢᠶ᠎ᠡ ᠡᠪᠡᠳᠴᠢᠨ ᠤ ᠳᠡᠯᠭᠡᠷᠡᠬᠦ ᠶᠢ ᠵᠣᠭᠰᠣᠭᠠᠵᠤ᠂ ᠴᠢᠯᠥᠭᠡᠲᠡᠶ ᠪᠥᠭᠡᠳ ᠡᠷᠡᠭᠦᠯ ᠢᠶᠠᠷ ᠠᠮᠢᠰᠬᠤᠶ᠎ᠠ︾ ᠭᠡᠬᠦ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃    ᠤᠬᠠᠭᠤᠯᠭ᠎ᠠ ᠶᠢᠨ ᠠᠵᠢᠯᠯᠠᠭ᠎ᠠ ᠨᠢ ᠤᠬᠠᠭᠤᠯᠭ᠎ᠠ ᠶᠢᠨ ᠯᠠᠪᠯᠠᠯᠭ᠎ᠠ ᠶᠢᠨ ᠴᠡᠭ ᠪᠠᠶᠢᠭᠤᠯᠬᠤ᠂ ᠬᠥᠨᠳᠡᠯᠡᠨ ᠪᠢᠴᠢᠭᠡᠰᠦ ᠡᠯᠭᠦᠬᠦ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠰᠠᠨᠠᠭᠠᠴᠢᠯᠠᠭ᠎ᠠ ᠶᠢᠨ ᠪᠢᠴᠢᠭ ᠲᠠᠷᠬᠠᠭᠠᠬᠤ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ᠂ ᠲᠤᠬᠠᠶ ᠶᠢᠨ ᠲᠠᠯᠠᠪᠤᠷ ᠤᠨ ᠣᠯᠠᠨ ᠲᠦᠮᠡᠨ ᠳᠤ ᠰᠦᠷᠢᠶ᠎ᠡ ᠡᠪᠡᠳᠴᠢᠨ ᠢ ᠰᠡᠷᠭᠡᠶᠢᠯᠡᠨ ᠵᠠᠰᠠᠬᠤ ᠮᠡᠳᠡᠯᠭᠡ ᠶᠢ ᠣᠶᠢᠯᠠᠭᠠᠭᠤᠯᠵᠤ᠂ ᠪᠥᠬᠦ ᠨᠡᠶᠢᠭᠡᠮ ᠢ ᠳᠠᠶᠢᠴᠢᠯᠠᠨ ᠰᠦᠷᠢᠶ᠎ᠡ ᠡᠪᠡᠳᠴᠢᠨ ᠢ ᠡᠵᠡᠮᠳᠡᠬᠦ ᠠᠵᠢᠯ ᠳᠤ ᠣᠷᠣᠯᠴᠠᠭᠤᠯᠬᠤ ᠪᠠ ᠠᠩᠬᠠᠷᠤᠯ ᠲᠠᠯᠪᠢᠭᠤᠯᠤᠨ᠎ᠠ᠃ ᠬᠠᠮᠢᠶ᠎ᠠ ᠪᠥᠬᠦᠶ ᠬᠠᠷᠢᠭᠤᠴᠠᠯᠭᠠᠲᠠᠨ ᠢᠯᠡᠷᠭᠡᠶᠢᠯᠡᠭᠰᠡᠨ ᠨᠢ᠂ ︽3.24︾ ᠤ ᠤᠬᠠᠭᠤᠯᠭ᠎ᠠ ᠶᠢᠨ ᠡᠳᠦᠷ ᠢᠶᠠᠷ ᠠᠵᠠ ᠲᠣᠬᠢᠶᠠᠯ ᠪᠣᠯᠭᠠᠵᠤ᠂ ᠠᠯᠢ ᠣᠯᠠᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠰᠦᠷᠢᠶ᠎ᠡ ᠡᠪᠡᠳᠴᠢᠨ ᠢ ᠰᠡᠷᠭᠡᠶᠢᠯᠡᠨ ᠵᠠᠰᠠᠬᠤ ᠮᠡᠳᠡᠯᠭᠡ ᠶᠢ ᠲᠦᠭ ᠲᠦᠮᠡᠨ ᠡᠷᠦᠬᠡ ᠳᠤ ᠬᠦᠷᠭᠡᠬᠦ ᠶᠢ ᠢᠳᠡᠪᠬᠢᠲᠡᠶ ᠳᠥᠯᠭᠢᠨ ᠠᠬᠢᠭᠤᠯᠵᠤ᠂ ᠠᠷᠠᠳ ᠣᠯᠠᠨ ᠤ ᠰᠦᠷᠢᠶ᠎ᠡ ᠡᠪᠡᠳᠴᠢᠨ ᠤ ᠲᠤᠬᠠᠶ ᠲᠠᠨᠢᠯᠲᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠪᠥᠬᠦ ᠠᠷᠠᠳ ᠤᠨ ᠰᠡᠷᠭᠡᠶᠢᠯᠡᠨ ᠵᠠᠰᠠᠬᠤ ᠤᠬᠠᠮᠰᠠᠷ ᠢ ᠴᠢᠩᠭᠠᠷᠠᠭᠤᠯᠤᠨ᠎ᠠ᠃                 ᠤᠷᠴᠢᠭᠤᠯᠤᠭᠴᠢ᠄ ᠬᠠᠨ ᠰᠢᠶᠤᠤ ᠿᠦᠩ                 ᠬᠢᠨᠠᠭᠴᠢ᠄ ᠼᠦᠢ ᠶᠢᠩ
 
ᠢᠷᠡᠯᠲᠡ᠄ ᠠᠮᠢᠵᠢᠷᠠᠯ ᠪᠢᠯᠬᠠᠭᠰᠠᠨ ᠹᠧᠩᠵᠧᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3