| ᠲᠦᠷᠦᠭᠦᠬᠡᠨ᠂ ᠬᠤᠲᠠ ᠶᠢᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠨᠠᠮ ᠤᠨ ᠲᠡᠤᠬᠡ ᠶᠢᠨ | ᠰᠤᠷᠤᠯᠴᠠᠯᠭ᠎ᠠ ᠬᠥᠮᠦᠵᠢᠯ ᠤᠨ ᠳᠠᠶᠢᠴᠢᠯᠠᠯᠲᠠ ᠶᠢᠨ ᠬᠤᠷᠠᠯ ᠬᠤᠷᠠᠯᠳᠤᠭᠤᠯᠪᠠ᠃ ᠬᠤᠲᠠ ᠶᠢᠨ ᠨᠠᠮ ᠤᠨ ᠬᠤᠷᠢᠶᠠᠨ ᠤ | ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠳ᠋ᠧᠩ ᠰᠢᠶᠤᠤ ᠯᠢ ᠬᠤᠷᠠᠯ ᠳᠤ | ᠣᠷᠣᠯᠴᠠᠭᠰᠠᠨ ᠪᠥᠭᠡᠳ ᠳᠠᠶᠢᠴᠢᠯᠠᠯᠲᠠ ᠶᠢᠨ ᠶᠠᠷᠢᠶ᠎ᠠ ᠲᠠᠯᠪᠢᠪᠠ᠃ | | ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ | ᠳᠠᠶᠢᠴᠢᠯᠠᠯᠲᠠ ᠶᠢᠨ ᠶᠡᠭᠡ ᠬᠤᠷᠠᠯ ᠪᠠ ᠠᠷᠪᠠᠨ ᠭᠤᠷᠪᠠᠳᠤᠭᠠᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠤ ᠥᠪᠥᠷ ᠮᠣᠩᠭᠤᠯ ᠤᠨ | ᠲᠥᠯᠥᠭᠡᠯᠡᠭᠴᠢᠳ ᠤᠨ ᠪᠦᠯᠬᠦᠮ ᠤᠨ ᠬᠢᠨᠠᠨ ᠶᠠᠷᠢᠯᠴᠠᠬᠤ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ | ᠰᠠᠨᠠᠭ᠎ᠠ ᠶᠢ ᠤᠯᠠᠮᠵᠢᠯᠠᠨ ᠰᠤᠷᠤᠯᠴᠠᠭᠰᠠᠨ ᠪᠥᠭᠡᠳ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠲᠤᠬᠠᠶ | ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠠ᠃ | ᠳ᠋ᠧᠩ ᠰᠢᠶᠤᠤ ᠯᠢ ᠵᠢᠭᠠᠵᠤ ᠭᠠᠷᠭᠠᠭᠰᠠᠨ ᠨᠢ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ | ᠪᠣᠯ ᠮᠠᠨ ᠤ ᠨᠠᠮ ᠤᠨ ᠵᠠᠭᠤᠨ ᠵᠢᠯ ᠤᠨ ᠲᠡᠦᠬᠡ ᠶᠢᠨ ᠰᠢᠨ᠎ᠡ ᠡᠬᠢᠯᠡᠯᠲᠡ ᠳᠤ ᠰᠠᠭᠤᠷᠢᠯᠠᠵᠤ᠂ ᠳᠤᠮᠳᠠᠳᠤ ᠶᠢᠨ | ᠦᠨᠳᠦᠰᠦᠲᠡᠨ ᠤ ᠠᠭᠤᠤ ᠶᠡᠭᠡ ᠰᠡᠷᠭᠦᠯᠲᠡ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠶᠢᠨ | ᠵᠠᠶᠢᠯᠠᠰᠢ ᠦᠭᠡᠢ ᠱᠠᠭᠠᠷᠳᠠᠯᠭ᠎ᠠ ᠪᠣᠯᠤᠨ᠎ᠠ᠃ ᠡᠶᠢᠨᠬᠦ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ | ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠪᠦᠬᠦ ᠵᠢᠯ ᠤᠨ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠬᠤ | ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠲᠡᠦᠬᠡ ᠶᠢᠨ | ᠰᠤᠷᠤᠯᠴᠠᠯᠭ᠎ᠠ ᠬᠥᠮᠦᠵᠢᠯ ᠤᠨ ᠲᠠᠶᠢᠴᠢᠯᠠᠯᠳᠠ ᠶᠢᠨ ᠶᠡᠭᠡ ᠬᠤᠷᠠᠯ ᠳᠡᠭᠡᠷᠡᠬᠢ ᠴᠢᠬᠤᠯᠠ ᠶᠠᠷᠢᠶ᠎ᠠ ᠪᠣᠯᠤᠨ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠢ ᠲᠠᠢ ᠹᠧᠩ ᠱᠦᠵᠢ ᠶᠢᠨ ᠥᠪᠡᠷᠲᠡᠭᠡᠨ ᠵᠠᠰᠠᠬᠤ ᠣᠷᠣᠨ ᠤ | ᠲᠠᠶᠢᠴᠢᠯᠠᠯᠳᠠ ᠶᠢᠨ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ | ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶ᠎ᠠ ᠪᠣᠯᠤᠨ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ᠂ ᠤᠯᠠᠭᠠᠨᠴᠠᠪ ᠬᠤᠳᠠ ᠶᠢᠨ ᠨᠠᠮ ᠤᠨ ᠬᠤᠷᠢᠶ᠎ᠠ ᠵᠢᠴᠢ ᠹᠧᠩᠵᠧᠨ ᠬᠤᠳᠠ ᠶᠢᠨ | ᠨᠠᠮ ᠤᠨ ᠬᠤᠷᠢᠶ᠎ᠠ ᠶᠢᠨ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠪᠣᠯᠤᠨ ᠠᠵᠢᠯ ᠤᠨ ᠲᠤᠬᠢᠷᠠᠭᠤᠯᠤᠯᠳᠠ | ᠯᠤᠭ᠎ᠠ ᠦᠨᠡᠨᠬᠦ ᠨᠢᠭᠡᠳᠬᠡᠬᠦ ᠬᠡᠷᠡᠭᠲᠡᠢ︔ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ | ᠬᠡᠯᠲᠡᠰ ᠤᠨ ᠤᠳᠤᠷᠢᠳᠬᠤ ᠪᠠᠭ ᠠᠴᠠ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠭᠤᠣᠯ ᠴᠣᠭᠴᠠ ᠪᠠ | ᠤᠯᠤᠰ ᠲᠦᠷᠦ ᠶᠢᠨ ᠬᠠᠷᠢᠭᠤᠴᠠᠯᠭ᠎ᠠ ᠪᠠᠨ ᠡᠭᠦᠷᠭᠡᠯᠡᠵᠦ᠂ ᠲᠤᠰ ᠲᠤᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠵᠦ | ᠂ ᠨᠢᠭᠲᠠ ᠬᠠᠮᠵᠢᠯᠴᠠᠵᠤ᠂ ᠲᠣᠭᠲᠠᠭᠰᠠᠨ ᠬᠥᠳᠡᠯᠭᠡᠭᠡᠨ ᠢ ᠪᠣᠳᠠᠲᠠᠢ ᠳᠤ ᠨᠠᠶᠢᠳᠠᠪᠤᠷᠢᠵᠢᠭᠤᠯᠵᠤ᠂ ᠥᠪᠡᠷ ᠢᠶᠠᠨ | ᠰᠣᠩᠭᠤᠭᠰᠠᠨ ᠬᠥᠳᠡᠯᠭᠡᠭᠡᠨ ᠢ ᠥᠪᠡᠷᠮᠢᠴᠡ ᠣᠨᠴᠠᠯᠢᠭ ᠲᠠᠢ ᠪᠠᠶᠢᠯᠭᠠᠬᠤ ᠶᠢ ᠪᠠᠲᠤᠯᠠᠬᠤ ᠬᠡᠷᠡᠭᠲᠡᠢ︔ ᠨᠢᠭᠡᠳᠦᠮᠡᠯ | ᠹᠷᠣᠨᠲ ᠤᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠶᠢ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠤᠨ ᠬᠥᠮᠦᠵᠢᠯ ᠢ ᠪᠠᠲᠤ ᠴᠣᠭᠴᠠᠯᠠᠬᠤ᠂ ᠦᠨᠳᠦᠰᠦᠲᠡᠨ ᠤ ᠠᠵᠢᠯ ᠢ | ᠴᠢᠩᠭᠠᠳᠬᠠᠨ ᠰᠠᠶᠢᠵᠢᠷᠠᠭᠤᠯᠬᠤ ᠲᠠᠢ ᠨᠢᠭᠲᠠ ᠤᠶᠠᠯᠳᠤᠭᠤᠯᠵᠤ᠂ ᠥᠪᠥᠷ ᠮᠣᠩᠭᠤᠯ᠂ ᠤᠯᠠᠭᠠᠨᠴᠠᠪ ᠬᠤᠳᠠ᠂ | ᠹᠧᠩᠵᠧᠨ ᠬᠤᠳᠠ ᠶᠢᠨ ᠬᠤᠪᠢᠰᠬᠠᠯ ᠤᠨ ᠡᠬᠢ ᠪᠠᠶᠠᠯᠢᠭ ᠢ ᠭᠦᠢᠴᠡᠳ ᠠᠰᠢᠭᠯᠠᠵᠤ᠂ ᠨᠠᠮ ᠤᠨ ᠲᠡᠦᠬᠡ ᠶᠢᠨ | ᠰᠤᠷᠤᠯᠴᠠᠯᠭ᠎ᠠ ᠬᠥᠮᠦᠵᠢᠯ ᠢ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠢ ᠥᠷᠨᠢᠭᠦᠯᠵᠦ᠂ ᠰᠤᠷᠤᠯᠴᠠᠯᠭ᠎ᠠ | ᠬᠥᠮᠦᠵᠢᠯ ᠤᠨ ᠯᠠᠪᠳᠠᠭᠤᠨ ᠪᠠᠲᠤᠲᠠᠢ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ᠃ | | | ᠤᠷᠴᠢᠭᠤᠯᠤᠭᠴᠢ᠄ ᠬᠠᠨ ᠰᠢᠶᠤᠤ ᠿᠦᠩ | ᠬᠢᠨᠠᠭᠴᠢ᠄ ᠼᠦᠢ ᠶᠢᠩ |