| 3 ᠰᠠᠷ᠎ᠠ ᠶᠢᠨ 24 ᠤ ᠡᠳᠦᠷ᠂ ᠮᠠᠨ ᠤ ᠬᠤᠲᠠ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ | ᠴᠡᠭᠴᠡᠯᠡᠯᠲᠡ ᠶᠢ ᠡᠷᠬᠢᠯᠡᠨ᠂ ᠬᠤᠲᠠ ᠶᠢᠨ ᠨᠠᠮ ᠤᠨ ᠬᠤᠷᠢᠶᠠᠨ ᠤ ᠱᠦᠵᠢ ᠲᠤᠰᠬᠠᠶ ᠰᠡᠳᠦᠪᠲᠦ ᠨᠠᠮ ᠤᠨ ᠬᠢᠴᠢᠶᠡᠯ | ᠤᠷᠤᠵᠦ᠂ ᠪᠦᠬᠦ ᠬᠤᠳᠠ ᠶᠢᠨ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢ ᠲᠠᠬᠢᠨ | ᠲᠠᠶᠢᠴᠢᠯᠠᠵᠦ᠂ ᠲᠠᠬᠢᠨ ᠪᠠᠶᠢᠷᠢᠯᠠᠭᠤᠯᠵᠤ᠂ ᠲᠠᠬᠢᠨ ᠨᠠᠶᠢᠳᠠᠪᠤᠷᠢᠵᠢᠭᠤᠯᠵᠤ᠂ ᠦᠵᠡᠯ ᠰᠠᠨᠠᠭ᠎ᠠ ᠪᠠ ᠤᠶᠤᠨ ᠰᠠᠨᠠᠭ᠎ᠠ ᠶᠢ | ᠴᠡᠪᠡᠷᠰᠢᠬᠦᠯᠦᠨ᠂ ᠦᠵᠡᠯ ᠰᠠᠨᠠᠭᠠᠨ ᠤ ᠲᠠᠶᠢᠴᠢᠯᠠᠯᠳᠠ ᠶᠢ ᠦᠨᠡᠨᠬᠦ ᠴᠢᠩᠭᠠᠳᠬᠠᠵᠤ᠂ ᠰᠤᠷᠤᠯᠴᠠᠯᠭ᠎ᠠ ᠶᠢ ᠬᠥᠲᠥᠯᠬᠦ᠂ | ᠳᠠᠭᠠᠭᠤᠯᠬᠤ ᠪᠠ ᠠᠬᠢᠭᠤᠯᠬᠤ ᠶᠢ ᠪᠡᠶᠡᠯᠡᠭᠦᠯᠵᠦ᠂ ᠪᠦᠬᠦ ᠬᠤᠳᠠ ᠶᠢᠨ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ | ᠲᠤᠳᠤᠭᠠᠳᠤ ᠳᠤ ᠪᠠᠨᠰᠥ᠋ᠰᠥ ᠵᠣᠷᠢᠭ ᠲᠠᠢ᠂ ︽ᠶᠠᠰᠤ ᠶᠢ ᠨᠢ ᠬᠤᠰᠤᠵᠤ ᠬᠤᠣᠷ ᠢ ᠨᠢ ᠠᠷᠢᠯᠭᠠᠬᠤ︾ ᠡᠷᠡᠰ ᠵᠣᠷᠢᠭ ᠢ | ᠬᠥᠳᠤᠯᠤᠨ ᠵᠢᠯᠣᠭᠤᠳᠴᠤ᠂ ᠬᠥᠮᠦᠵᠢᠯ ᠴᠡᠭᠴᠡᠯᠡᠯᠲᠡ ᠶᠢᠨ ᠠᠵᠢᠯ ᠢ ᠯᠠᠪᠳᠠᠭᠤᠨ ᠪᠠᠲᠤᠲᠠᠢ ᠦᠷᠨᠢᠬᠦᠯᠬᠦ ᠬᠡᠷᠡᠭᠳᠡᠢ︔ | ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠴᠢᠨᠠᠷ ᠰᠠᠶᠢᠲᠠᠢ ᠰᠢᠯᠭᠠᠯᠲᠠ ᠶᠢᠨ | ᠬᠠᠭᠤᠳᠠᠰᠤ ᠶᠢ ᠡᠷᠡᠰ ᠲᠤᠰᠢᠶᠠᠵᠤ᠂ ᠨᠠᠮ ᠪᠠ ᠠᠷᠠᠳ ᠲᠦᠮᠡᠨ ᠤ ᠢᠲᠡᠭᠡᠯ ᠲᠠᠢ᠂ ᠨᠠᠶᠢᠳᠠᠪᠤᠷᠢᠲᠠᠢ᠂ ᠰᠠᠨᠠᠭ᠎ᠠ ᠠᠮᠤᠷ | ᠤᠯᠤᠰ ᠲᠦᠷᠦ ᠬᠠᠤᠯᠢ ᠴᠠᠭᠠᠵᠠ ᠶᠢᠨ ᠲᠡᠮᠤᠷ ᠴᠡᠷᠢᠭ ᠢ ᠴᠢᠷᠮᠠᠶᠢᠨ ᠪᠠᠶᠢᠭᠤᠯᠬᠤ ᠬᠡᠷᠡᠭᠳᠡᠢ ᠭᠡᠪᠡ᠃ ᠬᠤᠲᠠ ᠶᠢᠨ ᠨᠠᠮ ᠤᠨ | ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠼᠤᠤ ᠶᠠᠨ ᠯᠢᠨ ᠬᠤᠷᠠᠯ ᠢ | ᠡᠷᠭᠢᠯᠡᠪᠡ᠃ | | ᠸᠠᠩ ᠵᠧᠨ ᠬᠠᠶ ᠨᠥᠬᠦᠷ ︽ᠬᠥᠮᠦᠵᠢᠯ ᠴᠡᠭᠴᠡᠯᠡᠯᠲᠡ ᠶᠢ ᠯᠠᠪᠳᠠᠭᠤᠨ ᠪᠠᠲᠤᠲᠠᠶ ᠥᠷᠨᠢᠭᠦᠯᠵᠦ᠂ ᠤᠯᠤᠰ ᠲᠥᠷᠥ | ᠬᠠᠤᠯᠢ ᠴᠠᠭᠠᠵᠠ ᠶᠢᠨ ᠪᠠᠲᠤ ᠴᠢᠩᠭ᠎ᠠ ᠲᠡᠮᠦᠷ ᠴᠡᠷᠢᠭ ᠢ ᠪᠤᠶ ᠪᠣᠯᠭᠠᠶ᠎ᠠ︾ ᠭᠡᠬᠦ ᠰᠡᠳᠦᠪ ᠢᠶᠠᠷ ᠲᠤᠰᠬᠠᠶ ᠰᠡᠳᠦᠪᠲᠦ ᠨᠠᠮ ᠤᠨ | ᠬᠢᠴᠢᠶᠡᠯ ᠣᠷᠣᠵᠤ᠂ ᠪᠠᠶᠢᠳᠠᠯ ᠢ ᠣᠨᠣᠪᠴᠢᠲᠠᠶ ᠡᠵᠡᠮᠳᠡᠨ᠂ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ | ᠴᠡᠭᠴᠡᠯᠡᠯᠲᠡ ᠶᠢ ᠥᠷᠨᠢᠭᠦᠯᠬᠦ ᠶᠢᠨ ᠴᠢᠬᠤᠯᠠ ᠴᠢᠨᠠᠷ ᠪᠣᠯᠤᠨ ᠪᠠᠴᠢᠮ ᠲᠤᠯᠭᠠᠮ᠎ᠠ ᠴᠢᠨᠠᠷ ᠢ ᠭᠦᠨᠵᠡᠭᠡᠶ ᠲᠠᠨᠢᠬᠤ ᠬᠡᠷᠡᠭᠲᠡᠶ︔ | ᠣᠷᠣᠰᠢᠵᠤ ᠪᠠᠶᠢᠭ᠎ᠠ ᠠᠰᠠᠭᠤᠳᠠᠯ ᠳᠤ ᠵᠥᠪ ᠢᠶᠠᠷ ᠬᠠᠨᠳᠤᠵᠤ᠂ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ | ᠢᠯᠵᠠᠷᠠᠯ ᠢ ᠡᠰᠡᠷᠭᠦᠴᠡᠨ ᠬᠤᠪᠢᠷᠠᠬᠤ ᠶᠢ ᠰᠡᠷᠭᠡᠶᠢᠯᠡᠬᠦ ᠢᠯᠭᠠᠨ ᠲᠠᠨᠢᠬᠤ ᠴᠢᠳᠠᠪᠤᠷᠢ ᠪᠠ ᠦᠯᠦ ᠬᠠᠯᠳᠠᠭᠠᠬᠤ ᠴᠢᠳᠠᠪᠤᠷᠢ ᠶᠢ | ᠦᠨᠡᠨᠬᠦ ᠴᠢᠩᠭᠠᠳᠬᠠᠬᠤ ᠬᠡᠷᠡᠭᠲᠡᠶ︔ ᠴᠠᠭ ᠢᠮᠠᠭᠲᠠ ᠰᠡᠷᠡᠮᠵᠢ ᠶᠢᠨ ᠬᠤᠩᠬᠤ ᠶᠢ ᠪᠠᠶᠢᠩᠭᠤ ᠳᠤᠤᠭᠠᠷᠭᠠᠵᠤ᠂ ᠤᠯᠤᠰ | ᠲᠦᠷᠦ ᠶᠢᠨ ᠰᠠᠬᠢᠯᠭ᠎ᠠ ᠪᠠᠲᠤ ᠪᠣᠯᠤᠨ ᠤᠯᠤᠰ ᠲᠦᠷᠦ ᠶᠢᠨ ᠶᠣᠰᠣ ᠲᠦᠷᠢᠮ ᠢ ᠪᠠᠲᠤ ᠰᠠᠬᠢᠬᠤ ᠤᠬᠠᠮᠰᠠᠷᠲᠤ ᠴᠢᠨᠠᠷ ᠪᠣᠯᠤᠨ | ᠡᠷᠡᠰ ᠪᠠᠲᠤ ᠴᠢᠨᠠᠷ ᠵᠡᠷᠭᠡ ᠭᠤᠷᠪᠠᠨ ᠲᠠᠯ᠎ᠠ ᠪᠠᠷ ᠠᠮᠢᠳᠤᠯᠢᠭ ᠳᠦᠷᠰᠦᠯᠢᠭ ᠢᠶᠠᠷ ᠨᠠᠮ ᠤᠨ ᠬᠢᠴᠢᠶᠡᠯ ᠵᠢᠭᠠᠪᠠ᠃ | | ᠸᠠᠩ ᠵᠧᠨ ᠬᠠᠢ ᠴᠢᠬᠤᠯᠠᠴᠢᠯᠠᠭᠰᠠᠨ ᠨᠢ᠂ ᠨᠠᠮ ᠤᠨ ᠬᠠᠷᠢᠴᠠᠯᠠᠰᠢᠭᠦᠢ ᠤᠳᠤᠷᠢᠳᠤᠯᠭ᠎ᠠ ᠶᠢ ᠪᠠᠷᠢᠮᠲᠠᠯᠠᠵᠤ᠂ ᠤᠨᠤᠯ ᠢᠶᠠᠷ | ᠵᠡᠪᠰᠡᠭᠯᠡᠬᠦ ᠶᠢ ᠢᠮᠠᠭᠲᠠ ᠴᠢᠩᠭᠠᠳᠬᠠᠵᠤ᠂ ᠤᠯᠤᠰ ᠲᠦᠷᠦ ᠬᠠᠤᠯᠢ ᠴᠠᠭᠠᠵᠠ ᠶᠢᠨ ᠪᠠᠶᠢᠭᠤᠯᠭ᠎ᠠ ᠶᠢᠨ ᠨᠠᠮ ᠤᠨ ᠵᠣᠬᠢᠶᠠᠨ | ᠪᠠᠶᠢᠭᠤᠯᠤᠯᠲᠠ ᠶᠢᠨ ᠴᠣᠭᠴᠠᠯᠠᠯᠲᠠ ᠶᠢ ᠠᠬᠢᠭᠤᠯᠬᠤ ᠬᠡᠷᠡᠭᠲᠡᠢ︔ ᠢᠮᠠᠭᠲᠠ ᠨᠠᠮ ᠳᠠᠭᠠᠨ ᠦᠨᠡᠨᠴᠢ ᠰᠢᠳᠤᠷᠭᠤ ᠪᠠᠶᠢᠬᠤ ᠶᠢ | ᠪᠡᠶᠡᠯᠡᠭᠦᠯᠵᠦ᠂ ᠬᠠᠤᠯᠢ ᠲᠣᠭᠲᠠᠭᠠᠯ ᠶᠣᠰᠣᠭᠠᠷ ᠡᠷᠬᠡ ᠪᠠᠨ ᠬᠡᠷᠡᠭᠯᠡᠬᠦ ᠶᠢ ᠪᠡᠶᠡᠯᠡᠭᠦᠯᠵᠦ᠂ ᠡᠷᠬᠡ ᠶᠢᠨ ᠬᠠᠮᠢᠭ᠎ᠠ ᠠᠴᠠ | ᠢᠷᠡᠭᠰᠡᠨ ᠪᠠ ᠡᠷᠬᠡ ᠪᠠᠨ ᠬᠡᠷᠬᠢᠨ ᠰᠠᠶᠢᠲᠤᠷ ᠬᠡᠷᠡᠭᠯᠡᠬᠦ ᠶᠢ ᠲᠣᠳᠣᠷᠬᠠᠢ ᠮᠡᠳᠡᠵᠦ᠂ ᠳᠣᠲᠣᠭᠠᠳᠤ ᠶᠢᠨ ᠬᠢᠨᠠᠯᠲᠠ ᠪᠠᠨ ᠦᠨᠡᠨᠬᠦ | ᠴᠢᠩᠭᠠᠳᠬᠠᠬᠤ ᠬᠡᠷᠡᠭᠲᠡᠢ︔ ᠤᠯᠤᠰ ᠲᠦᠷᠦ ᠬᠠᠤᠯᠢ ᠴᠠᠭᠠᠵᠠ ᠶᠢᠨ ᠲᠡᠮᠦᠷ ᠵᠠᠮ ᠤᠨ ᠴᠡᠷᠢᠭ ᠢ ᠴᠢᠷᠮᠠᠶᠢᠨ ᠳᠠᠪᠲᠠᠨ | ᠪᠣᠯᠪᠠᠰᠤᠷᠠᠭᠤᠯᠵᠤ᠂ ᠡᠭᠦᠷᠭᠡ ᠪᠠᠨ ᠳᠠᠭᠠᠭᠠᠨ ᠬᠤᠪᠢ ᠨᠡᠮᠡᠷᠢ ᠦᠵᠡᠭᠦᠯᠵᠦ᠂ ᠪᠤᠰᠢᠭᠤ ᠱᠠᠯᠠᠮᠠᠭᠠᠶ ᠠᠵᠢᠯᠯᠠᠵᠤ᠂ ᠭᠠᠷᠮᠠᠭᠠᠶ | ᠪᠦᠲᠦᠭᠡᠯ ᠢ ᠬᠥᠭᠡᠭᠡᠴᠡᠯᠳᠦᠬᠦ ᠬᠡᠷᠡᠭᠲᠡᠶ᠃ | ᠸᠠᠩ ᠵᠧᠨ ᠬᠠᠶ ᠱᠠᠭᠠᠷᠳᠠᠭᠰᠠᠨ ᠨᠢ᠂ ᠪᠦᠬᠦ ᠬᠤᠲᠠ ᠶᠢᠨ ᠥᠷᠭᠡᠨ ᠣᠯᠠᠨ ᠤᠯᠤᠰ ᠲᠥᠷᠥ ᠬᠠᠤᠯᠢ ᠴᠠᠭᠠᠵᠠ ᠶᠢᠨ | ᠺᠠᠳ᠋ᠷᠴᠤᠳ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ | ᠨᠢᠭᠲᠠᠷᠠᠨ ᠪᠦᠯᠬᠦᠮᠳᠡᠵᠦ᠂ ︽ᠳᠥᠷᠪᠡᠨ ᠤᠬᠠᠮᠰᠠᠷ︾ ᠢ ᠪᠠᠲᠤ ᠪᠣᠶ ᠪᠣᠯᠭᠠᠵᠤ᠂ ︽ᠳᠥᠷᠪᠡᠨ ᠢᠲᠡᠭᠡᠯ︾ ᠢ ᠪᠠᠲᠤᠳᠬᠠᠵᠤ᠂ | ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠰᠢᠨ᠎ᠡ ᠴᠠᠭ ᠦᠶ᠎ᠡ ᠶᠢ ᠴᠢᠩᠭ᠎ᠠ ᠳᠠᠭᠠᠵᠤ᠂ ᠰᠢᠨ᠎ᠡ ᠪᠠᠶᠢᠳᠠᠯ ᠢ | ᠲᠣᠳᠣᠷᠬᠠᠶ ᠲᠠᠨᠢᠵᠤ᠂ ᠰᠢᠨ᠎ᠡ ᠱᠠᠭᠠᠷᠳᠠᠯᠭ᠎ᠠ ᠶᠢ ᠡᠵᠡᠮᠳᠡᠨ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠬᠦᠨᠳᠦ | ᠨᠠᠶᠢᠳᠠᠯᠭ᠎ᠠ ᠶᠢ ᠬᠥᠰᠡᠷᠳᠡᠭᠦᠯᠬᠦ ᠥᠬᠡᠶ ᠪᠠᠷ ᠦᠨᠡᠨᠴᠢ ᠰᠢᠳᠤᠷᠭᠤ᠂ ᠠᠷᠢᠭᠤᠨ ᠴᠡᠪᠡᠷ᠂ ᠬᠠᠷᠢᠭᠤᠴᠠᠯᠭ᠎ᠠ ᠲᠠᠢ ᠠᠷᠠᠳ ᠤᠨ | ᠬᠠᠮᠠᠭᠠᠯᠠᠭᠴᠢ ᠪᠣᠯᠵᠣ᠂ ᠪᠥᠬᠦ ᠬᠤᠲᠠ ᠶᠢᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ | ᠬᠦᠴᠦᠲᠡᠶ ᠪᠠᠲᠤᠯᠠᠭ᠎ᠠ ᠬᠠᠩᠭᠠᠬᠤ ᠬᠡᠷᠡᠭᠲᠡᠶ᠃ | | ᠼᠤᠤ ᠶᠠᠨ ᠯᠢᠨ ᠵᠢᠭᠠᠵᠦ ᠭᠠᠷᠭᠠᠬᠰᠠᠨ ᠨᠢ᠂ ᠨᠠᠮ ᠤᠨ ᠬᠢᠴᠢᠶᠡᠯ ᠤᠨ ᠠᠭᠤᠯᠭ᠎ᠠ ᠨᠢ ᠮᠠᠨ ᠤ ᠬᠤᠳᠠ ᠶᠢᠨ ᠪᠣᠳᠠᠲᠤ | ᠪᠠᠶᠢᠳᠠᠯ ᠲᠠᠢ ᠨᠡᠶᠢᠴᠡᠵᠦ᠂ ᠰᠤᠳᠠᠯ ᠤᠨ ᠯᠤᠭᠰᠢᠯᠲᠠ ᠶᠢ ᠣᠨᠣᠪᠴᠢᠲᠠᠢ ᠡᠵᠡᠮᠳᠡᠵᠦ᠂ ᠡᠪᠡᠳᠴᠢᠨ ᠳᠤᠨᠢ ᠲᠠᠭᠠᠷᠠᠭᠤᠯᠵᠤ ᠡᠮ | ᠥᠭᠬᠦ ᠪᠠᠷ ᠪᠠᠷᠠᠬᠤ ᠦᠭᠡᠢ ᠪᠠᠰᠠ ᠤᠨᠤᠯ ᠶᠠᠷᠢᠵᠤ᠂ ᠪᠣᠳᠠᠲᠤ ᠵᠢᠱᠢᠶ᠎ᠡ ᠳᠤᠷᠠᠳᠴᠤ᠂ ᠤᠯᠠᠨ ᠲᠦᠮᠡᠨ ᠤ ᠪᠠᠶᠢᠳᠠᠯ ᠢ | ᠤᠶᠢᠯᠠᠭᠠᠬᠤ ᠬᠡᠷᠡᠭᠳᠡᠢ︔ ᠪᠦᠬᠦ ᠬᠤᠲᠠ ᠶᠢᠨ ᠥᠷᠭᠡᠨ ᠣᠯᠠᠨ ᠤᠯᠤᠰ ᠲᠥᠷᠥ ᠬᠠᠤᠯᠢ ᠴᠠᠭᠠᠵᠠ ᠶᠢᠨ ᠺᠠᠳ᠋ᠷ ᠴᠠᠭᠳᠠᠭ᠎ᠠ | ᠡᠨᠡ ᠤᠳᠠᠭᠠᠨ ᠤ ᠨᠠᠮ ᠤᠨ ᠬᠢᠴᠢᠶᠡᠯ ᠢᠶᠠᠷ ᠲᠣᠬᠢᠶᠠᠯ ᠪᠣᠯᠭᠠᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠲᠠᠢ | ᠨᠢᠭᠲᠠ ᠤᠶᠠᠯᠳᠤᠭᠤᠯᠵᠤ᠂ ︽ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠦᠭᠭᠦᠨ᠎ᠡ︾ ᠭᠡᠬᠦ ᠠᠵᠢᠯᠯᠠᠭ᠎ᠠ ᠶᠢ | ᠭᠦᠨᠵᠡᠭᠡᠶ ᠥᠷᠨᠢᠭᠦᠯᠵᠦ᠂ ᠰᠤᠷᠤᠯᠴᠠᠯᠭ᠎ᠠ ᠬᠥᠮᠦᠵᠢᠯ ᠤᠨ ᠭᠤᠭᠴᠤᠭ᠎ᠠ ᠶᠢ ᠴᠢᠨᠠᠷ ᠰᠠᠶᠢᠲᠠᠢ ᠰᠠᠶᠢᠲᠤᠷ ᠠᠳᠬᠤᠵᠤ᠂ | ᠰᠤᠷᠭᠠᠨ ᠬᠥᠮᠦᠵᠢᠯ ᠤᠨ ᠴᠡᠭᠴᠡᠯᠡᠯᠲᠡ ᠶᠢᠨ ᠠᠵᠢᠯ ᠢ ᠯᠠᠪᠳᠠᠭᠤᠨ ᠪᠠᠲᠤᠲᠠᠢ ᠡᠮᠬᠢ ᠵᠢᠷᠤᠮ ᠲᠠᠢ ᠠᠬᠢᠭᠤᠯᠵᠤ᠂ ᠬᠠᠤᠯᠢ | ᠬᠡᠷᠡᠭᠵᠢᠭᠦᠯᠬᠦ ᠬᠠᠤᠯᠢ ᠪᠠᠷᠢᠬᠤ ᠴᠢᠳᠠᠪᠤᠷᠢ ᠶᠢ ᠴᠢᠨᠠᠭᠰᠢᠳᠠ ᠳᠡᠭᠡᠭᠰᠢᠯᠡᠭᠦᠯᠵᠦ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠨ | ᠠᠵᠢᠯ ᠶᠠᠪᠤᠳᠠᠯ ᠬᠢᠵᠦ᠂ ᠤᠯᠤᠰ ᠤᠨ ᠤᠯᠤᠰ ᠲᠦᠷᠦ ᠶᠢᠨ ᠠᠮᠤᠷ ᠲᠦᠪᠰᠢᠨ ᠢ ᠬᠦᠴᠦᠯᠡᠨ ᠬᠠᠮᠠᠭᠠᠯᠠᠵᠤ᠂ ᠨᠡᠶᠢᠭᠡᠮ ᠤᠨ | ᠶᠡᠭᠡ ᠲᠠᠯ᠎ᠠ ᠶᠢᠨ ᠲᠣᠭᠲᠠᠭᠤᠨ ᠢ ᠪᠠᠲᠤᠯᠠᠵᠤ᠂ ᠨᠡᠶᠢᠭᠡᠮ ᠤᠨ ᠲᠥᠪ ᠭᠤᠣᠯᠴᠢ ᠰᠢᠳᠤᠷᠭᠤ ᠶᠣᠰᠣ ᠶᠢ ᠠᠬᠢᠭᠤᠯᠵᠤ᠂ ᠠᠷᠠᠳ | ᠲᠦᠮᠡᠨ ᠤ ᠠᠮᠤᠷ ᠰᠠᠶᠢᠨ ᠠᠵᠤ ᠲᠦᠷᠦᠭᠦ ᠶᠢ ᠪᠠᠲᠤᠯᠠᠵᠤ᠂ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ᠂ ᠵᠢᠷᠭᠠᠯᠲᠤ | ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠲᠠᠰᠤᠷᠠᠯᠳᠡ ᠦᠭᠡᠢ ᠳᠡᠭᠡᠭᠰᠢᠯᠡᠭᠦᠯᠬᠦ ᠬᠡᠷᠡᠭᠲᠡᠢ︔ ᠬᠤᠲᠠ ᠶᠢᠨ ᠨᠠᠮ ᠤᠨ | ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ᠂ ᠤᠯᠤᠰ ᠲᠥᠷᠥ ᠬᠠᠤᠯᠢ ᠴᠠᠭᠠᠵᠠ ᠶᠢᠨ ᠡᠯ᠎ᠡ | ᠨᠢᠭᠡᠴᠡ ᠨᠦᠭᠦᠳ ᠬᠢᠴᠢᠶᠡᠯ ᠤᠨ ᠳᠠᠷᠠᠭ᠎ᠠ ᠨᠠᠮ ᠤᠨ ᠭᠡᠰᠢᠭᠦᠳ ᠢ ᠵᠣᠬᠢᠶᠠᠨ ᠪᠠᠶᠢᠭᠤᠯᠤᠨ ᠬᠥᠮᠦᠵᠢᠯ ᠴᠡᠭᠴᠡᠯᠡᠯᠲᠡ ᠶᠢᠨ | ᠭᠤᠤᠯ ᠰᠡᠳᠦᠪ ᠤᠨ ᠲᠣᠭᠤᠷᠢᠨ ᠳᠤ ᠶᠠᠷᠢᠯᠴᠠᠭ᠎ᠠ ᠥᠷᠨᠢᠭᠦᠯᠵᠦ᠂ ᠣᠯᠤᠯᠲᠠ ᠲᠥᠷᠥᠭᠳᠡᠯ ᠢᠶᠠᠨ ᠪᠢᠴᠢᠭᠦᠯᠦᠨ᠂ ᠰᠤᠷᠤᠯᠴᠠᠨ | ᠰᠣᠯᠢᠯᠴᠠᠵᠤ᠂ ᠰᠤᠷᠤᠯᠴᠠᠯᠭ᠎ᠠ ᠶᠢᠨ ᠦᠷ᠎ᠡ ᠪᠦᠲᠦᠮᠵᠢ ᠪᠠᠨ ᠭᠦᠨᠵᠡᠭᠡᠶᠢᠷᠡᠭᠦᠯᠬᠦ ᠬᠡᠷᠡᠭᠲᠡᠶ᠃ | | ᠪᠥᠬᠦ ᠬᠤᠲᠠ ᠶᠢᠨ ᠤᠯᠤᠰ ᠲᠥᠷᠥ ᠬᠠᠤᠯᠢ ᠴᠠᠭᠠᠵᠠ ᠶᠢᠨ ᠰᠢᠰᠲ᠋ᠧᠮ ᠤᠨ ᠡᠯ᠎ᠡ ᠨᠢᠭᠡᠴᠡ ᠶᠢᠨ ᠨᠠᠮ ᠤᠨ ᠤᠳᠤᠷᠢᠳᠬᠤ | ᠳᠤᠭᠤᠶᠢᠯᠠᠩ ︵ᠨᠠᠮ ᠤᠨ ᠬᠤᠷᠢᠶ᠎ᠠ︶ ᠤᠨ ᠪᠦᠷᠢᠯᠳᠦᠬᠦᠨ᠂ ᠵᠠᠩᠭᠢᠯᠠᠭ᠎ᠠ ᠶᠢᠨ ᠺᠠᠳ᠋ᠷ᠂ ᠬᠡᠰᠡᠭ ᠤᠯᠤᠰ ᠲᠥᠷᠥ ᠬᠠᠤᠯᠢ | ᠴᠠᠭᠠᠵᠠ ᠶᠢᠨ ᠺᠠᠳ᠋ᠷ ᠴᠠᠭᠳᠠᠭ᠎ᠠ ᠪᠣᠯᠤᠨ ᠡᠯ᠎ᠡ ᠰᠢᠶᠠᠩ ᠪᠠᠯᠭᠠᠰᠤ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠶᠢᠨ | ᠤᠯᠤᠰ ᠲᠥᠷᠥ ᠬᠠᠤᠯᠢ ᠴᠠᠭᠠᠵᠠ ᠶᠢᠨ ᠭᠡᠰᠢᠭᠦᠨ ᠨᠡᠶᠢᠲᠡ 400 ᠭᠠᠷᠤᠶ ᠬᠥᠮᠦᠨ ᠨᠠᠮ ᠤᠨ ᠬᠢᠴᠢᠶᠡᠯ ᠢ ᠰᠤᠨᠤᠰᠪᠠ᠃ | | | ᠤᠷᠴᠢᠭᠤᠯᠤᠭᠴᠢ᠄ ᠬᠠᠨ ᠰᠢᠶᠤᠤ ᠿᠦᠩ | ᠬᠢᠨᠠᠭᠴᠢ᠄ ᠼᠦᠢ ᠶᠢᠩ |