—— ᠹᠧᠩᠵᠧᠨ ᠬᠤᠲᠠ ᠶᠢᠨ ᠭᠠᠯ ᠤᠨᠳᠠᠷᠠᠭᠠᠨ ᠠᠪᠤᠷᠠᠨ ᠲᠤᠰᠠᠯᠠᠬᠤ ᠶᠡᠭᠡ ᠠᠩᠭᠢ | ᠳᠠᠷᠤᠭ᠎ᠠ ᠪᠠᠶᠢᠯᠳᠤᠭᠴᠢᠳ ᠢ ᠵᠣᠬᠢᠶᠠᠨ ᠪᠠᠶᠢᠭᠤᠯᠵᠤ ᠯᠧᠢ ᠹᠧᠩ ᠠᠴᠠ ᠰᠤᠷᠤᠯᠴᠠᠬᠤ ᠠᠵᠢᠯᠯᠠᠭ᠎ᠠ ᠶᠢ ᠥᠷᠨᠢᠭᠦᠯᠪᠡ | | ᠯᠸᠢ ᠹᠧᠩ ᠤᠨ ᠵᠣᠷᠢᠭ ᠰᠠᠨᠠᠭ᠎ᠠ ᠶᠢ ᠤᠯᠠᠮᠵᠢᠯᠠᠨ ᠪᠠᠳᠠᠷᠠᠭᠤᠯᠬᠤ ᠶᠢᠨ ᠲᠥᠯᠥᠭᠡ᠂ ᠥᠷᠭᠡᠨ ᠣᠯᠠᠨ ᠵᠢᠯᠣᠭᠤᠳᠣᠭᠴᠢ | ᠪᠠᠶᠢᠯᠳᠤᠭᠴᠢᠳ ᠤᠨ ᠵᠣᠷᠢᠯᠲᠠ ᠶᠢᠨ ᠤᠬᠠᠮᠰᠠᠷ ᠪᠣᠯᠤᠨ ᠦᠢᠯᠡᠴᠢᠯᠡᠭᠡᠨ ᠤ ᠤᠬᠠᠮᠰᠠᠷ ᠢ ᠲᠠᠰᠤᠷᠠᠯᠲᠠ ᠦᠭᠡᠶ ᠴᠢᠩᠭᠠᠳᠬᠠᠬᠤ | ᠬᠡᠷᠡᠭᠲᠡᠶ᠃ ᠯᠧᠢ ᠹᠧᠩ ᠠᠴᠠ ᠰᠤᠷᠤᠯᠴᠠᠬᠤ ᠰᠠᠷ᠎ᠠ ᠶᠢᠨ ᠠᠵᠢᠯᠯᠠᠭ᠎ᠠ ᠶᠢᠨ ᠬᠤᠭᠤᠴᠠᠭᠠᠨ ᠳᠤ ᠹᠧᠩᠵᠧᠨ ᠬᠤᠲᠠ ᠶᠢᠨ ᠭᠠᠯ | ᠤᠨᠳᠠᠷᠠᠭᠠᠨ ᠠᠪᠤᠷᠠᠨ ᠲᠤᠰᠠᠯᠠᠬᠤ ᠶᠡᠭᠡ ᠠᠩᠭᠢ ᠪᠦᠭᠦ ᠳᠠᠷᠤᠭ᠎ᠠ ᠪᠠᠶᠢᠯᠳᠤᠭᠴᠢᠳ ᠢ ᠵᠣᠬᠢᠶᠠᠨ ᠪᠠᠶᠢᠭᠤᠯᠵᠤ ︽ᠯᠧᠢ ᠹᠧᠩ︾ | ᠭᠡᠬᠦ ᠺᠢᠨᠣ᠋ ᠶᠢ ᠰᠣᠨᠢᠷᠬᠠᠭᠤᠯᠪᠠ᠃ ᠲᠤᠰ ᠺᠢᠨᠣ᠋ ᠳᠤ ᠯᠧᠢ ᠹᠧᠩ ᠤᠨ ᠡᠩ ᠤᠨ ᠨᠢᠭᠡ ᠪᠠᠶᠢᠯᠳᠤᠭᠴᠢ ᠪᠠᠶᠢᠭᠰᠠᠨ ᠠᠴᠠ ᠪᠠᠨ | ᠪᠦᠬᠦ ᠴᠡᠷᠢᠭ ᠪᠦᠬᠦ ᠤᠯᠤᠰ ᠤᠨ ᠠᠷᠠᠳ ᠲᠦᠮᠡᠨ ᠤ ᠬᠠᠮᠲᠤ ᠪᠠᠷ ᠰᠤᠷᠤᠯᠴᠠᠬᠤ ᠦᠯᠢᠭᠡᠷ ᠳᠠᠭᠤᠷᠢᠶᠠᠯ ᠪᠣᠯᠤᠭᠰᠠᠨ | ᠥᠩᠭᠡᠷᠡᠯᠲᠡ ᠶᠢ ᠶᠠᠷᠢᠵᠤ᠂ ᠲᠡᠭᠦᠨ ᠤ ᠥᠪᠡᠷ ᠤᠨ ᠪᠡᠶ᠎ᠡ ᠪᠠᠨ ᠦᠷᠡᠭᠳᠡᠭᠦᠯᠬᠦ᠂ ᠬᠠᠷᠠᠮ ᠦᠭᠡᠶ ᠵᠣᠷᠢᠭᠤᠯᠬᠤ ᠵᠣᠷᠢᠭ | ᠰᠠᠨᠠᠭ᠎ᠠ ᠨᠢ ᠬᠢᠵᠠᠭᠠᠯᠠᠰᠢ ᠦᠭᠡᠶ ᠬᠠᠯᠠᠭᠤᠨ ᠳᠤᠯᠠᠭᠠᠨ ᠢᠳᠡᠪᠬᠢ ᠬᠦᠴᠦᠨ ᠢ ᠳᠠᠮᠵᠢᠭᠤᠯᠵᠤ᠂ ᠭᠠᠯ ᠤᠨᠲᠠᠷᠠᠭᠠᠭᠴᠢ | ᠨᠢᠭᠡᠪᠦᠷᠢ ᠶᠢᠨ ᠰᠡᠳᠬᠢᠯ ᠢ ᠲᠤᠬᠳᠤᠯᠤᠭᠤᠯᠤᠨ᠂ ᠯᠸᠢ ᠹᠧᠩ ᠤᠨ ᠵᠣᠷᠢᠭ ᠰᠠᠨᠠᠭᠠᠨ ᠤ ᠴᠠᠭ ᠦᠶ᠎ᠡ ᠶᠢᠨ ᠦᠨ᠎ᠡ ᠥᠷᠲᠡᠭ ᠢ | ᠣᠯᠠᠨ ᠳᠤ ᠤᠯᠠᠮ ᠨᠢᠭᠡ ᠠᠯᠬᠤᠮ ᠲᠠᠨᠢᠭᠤᠯᠵᠤ᠂ ᠠᠷᠠᠳ ᠲᠦᠮᠡᠨ ᠢ ᠬᠠᠶᠢᠷᠠᠯᠠᠬᠤ᠂ ᠠᠷᠠᠳ ᠲᠦᠮᠡᠨ ᠳᠤ ᠦᠢᠯᠡᠴᠢᠯᠡᠬᠦ᠂ | ᠰᠢᠳᠤᠷᠭᠤ ᠬᠠᠮᠠᠭᠠᠯᠠᠭᠴᠢ ᠪᠣᠯᠬᠤ ᠪᠠᠷ ᠴᠢᠷᠮᠠᠶᠢᠬᠤ ᠢᠲᠡᠭᠡᠯ ᠵᠣᠷᠢᠭ ᠢ ᠨᠢ ᠪᠠᠳᠤᠳᠬᠠᠪᠠ᠃ ᠬᠤᠶᠢᠰᠢᠳᠠ ᠶᠢᠨ ᠠᠵᠢᠯ ᠤᠨ | ᠳᠤᠮᠳᠠ ᠪᠠᠨ ᠠᠷᠠᠳ ᠲᠦᠮᠡᠨ ᠳᠤ ᠦᠢᠯᠡᠴᠢᠯᠡᠬᠦ ᠵᠣᠷᠢᠯᠲᠠ ᠶᠢ ᠪᠠᠲᠤ ᠴᠡᠭᠡᠵᠢᠯᠡᠵᠦ᠂ ᠯᠸᠢ ᠹᠧᠩ ᠤᠨ ᠵᠣᠷᠢᠭ ᠰᠠᠨᠠᠭ᠎ᠠ ᠶᠢ | ᠭᠦᠢᠴᠡᠳ ᠪᠠᠳᠠᠷᠠᠭᠤᠯᠵᠤ᠂ ᠠᠷᠠᠳ ᠲᠦᠮᠡᠨ ᠤ ᠰᠡᠳᠬᠢᠯ ᠬᠠᠨᠤᠮᠵᠢᠲᠠᠢ ᠭᠠᠯ ᠤᠨᠲᠠᠷᠠᠭᠠᠬᠤ ᠡᠩᠨᠡᠭᠡ ᠶᠢ ᠪᠠᠶᠢᠭᠤᠯᠤᠨ᠎ᠠ ᠭᠡᠵᠦ | ᠤᠯᠠᠨ ᠢᠶᠠᠷ ᠢᠶᠠᠨ ᠢᠯᠡᠳᠬᠡᠵᠡᠭᠡᠪᠡ᠃ | | ᠹᠧᠩᠵᠧᠨ ᠬᠤᠲᠠ ᠶᠢᠨ ᠭᠠᠯ ᠤᠨᠲᠠᠷᠠᠭᠠᠨ ᠠᠪᠤᠷᠠᠨ ᠲᠤᠰᠠᠯᠠᠬᠤ ᠠᠩᠭᠢ ᠪᠠᠰᠠ ᠪᠦᠬᠦ ᠵᠢᠯᠣᠭᠤᠳᠣᠭᠴᠢ | ᠪᠠᠶᠢᠯᠳᠤᠭᠴᠢᠳ ᠢ ᠵᠣᠬᠢᠶᠠᠨ ᠪᠠᠶᠢᠭᠤᠯᠵᠤ ᠨᠠᠰᠤᠲᠠᠨ ᠢ ᠠᠰᠠᠷᠠᠬᠤ ᠬᠦᠷᠢᠶᠡᠯᠡᠩ ᠳᠤ ᠣᠴᠢᠭᠤᠯᠤᠨ ᠯᠸᠢ ᠹᠧᠩ ᠠᠴᠠ | ᠰᠤᠷᠤᠯᠴᠠᠬᠤ ᠭᠤᠣᠯ ᠰᠡᠳᠦᠪᠲᠦ ᠦᠢᠯᠡᠳᠦᠯᠭᠡ ᠶᠢᠨ ᠠᠵᠢᠯᠯᠠᠭ᠎ᠠ ᠥᠷᠨᠢᠭᠦᠯᠵᠦ᠂ ᠨᠠᠰᠤᠲᠠᠨ ᠢ ᠠᠰᠠᠷᠠᠬᠤ ᠬᠦᠷᠢᠶᠡᠯᠡᠩ ᠤᠨ | ᠨᠠᠰᠤᠲᠠᠶᠢᠴᠤᠳ ᠲᠤ ᠭᠡᠷ ᠪᠠᠶᠢᠰᠢᠩ᠂ ᠬᠦᠷᠢᠶ᠎ᠡ ᠬᠠᠰᠢᠶ᠎ᠠ ᠶᠢ ᠨᠢ ᠴᠡᠪᠡᠷᠯᠡᠵᠦ᠂ ᠡᠭᠦᠳᠡ ᠴᠣᠩᠬᠤ ᠶᠢ ᠨᠢ ᠠᠷᠴᠢᠵᠤ | ᠥᠭᠬᠦ ᠶᠢᠨ ᠬᠠᠮᠲᠤ ᠨᠠᠰᠤᠲᠠᠶᠢᠴᠤᠳ ᠲᠠᠢ ᠳᠣᠲᠣᠨᠣ ᠪᠠᠷ ᠬᠠᠷᠢᠯᠴᠠᠵᠤ᠂ ᠬᠠᠯᠠᠭᠤᠨ ᠳᠤᠯᠠᠭᠠᠨ ᠢ ᠨᠢ ᠬᠠᠯᠠᠮᠵᠢᠯᠠᠨ | ᠠᠰᠠᠭᠤᠵᠤ᠂ ᠬᠥᠮᠦᠯᠢᠭ ᠰᠣᠶᠣᠯ ᠤᠨ ᠬᠠᠶᠢᠷ᠎ᠠ ᠬᠠᠯᠠᠮᠵᠢ ᠪᠠᠷ ᠪᠢᠯᠬᠠᠵᠤ᠂ ᠨᠠᠰᠤᠲᠠᠶᠢᠴᠤᠳ ᠲᠤ ᠨᠡᠶᠢᠭᠡᠮ ᠤᠨ ᠲᠣᠮᠣ ᠭᠡᠷ | ᠪᠦᠯᠢ ᠶᠢᠨ ᠬᠠᠶᠢᠷ᠎ᠠ ᠬᠠᠯᠠᠮᠵᠢ ᠶᠢ ᠬᠦᠷᠳᠡᠭᠡᠪᠡ᠃ | | | ᠤᠷᠴᠢᠭᠤᠯᠤᠭᠴᠢ᠄ ᠬᠠᠨ ᠰᠢᠶᠤᠤ ᠿᠦᠩ | ᠬᠢᠨᠠᠭᠴᠢ᠄ ᠼᠦᠢ ᠶᠢᠩ |