| 3 ᠰᠠᠷ᠎ᠠ ᠶᠢᠨ 22 ᠤᠨ ᠡᠳᠦᠷ᠂ ᠪᠥᠬᠦ ᠬᠤᠲᠠ ᠶᠢᠨ ᠣᠷᠣᠨ ᠰᠠᠭᠤᠴᠠ ᠶᠢᠨ ᠪᠥᠲᠥᠭᠡᠨ ᠪᠠᠶᠢᠭᠤᠯᠤᠯᠲᠠ᠂ | ᠬᠤᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠦᠯᠲᠡ ᠶᠢᠨ ᠬᠠᠮᠢᠶᠠᠷᠤᠯᠲᠠ ᠪᠠ ᠣᠷᠴᠢᠨ ᠲᠣᠭᠤᠷᠢᠨ ᠤ ᠡᠷᠡᠭᠦᠯ | ᠬᠠᠮᠠᠭᠠᠯᠠᠯ ᠠᠷᠢᠭᠤᠨ ᠴᠡᠪᠡᠷ ᠤᠨ ᠠᠵᠢᠯ ᠤᠨ ᠬᠤᠷᠠᠯ ᠬᠤᠷᠠᠯᠳᠤᠪᠠ᠃ ᠬᠤᠲᠠ ᠶᠢᠨ ᠨᠠᠮ ᠤᠨ ᠬᠤᠷᠢᠶᠠᠨ ᠤ | ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠬᠤᠲᠠ ᠶᠢᠨ ᠳᠠᠷᠤᠭ᠎ᠠ ᠯᠢ ᠱᠦ ᠸᠧᠶ ᠬᠤᠷᠠᠯ ᠳᠤ | ᠣᠷᠣᠯᠴᠠᠭᠰᠠᠨ ᠪᠥᠭᠡᠳ ᠠᠵᠢᠯ ᠤᠨ ᠪᠠᠶᠢᠷᠢᠯᠠᠭᠤᠯᠤᠯᠲᠠ ᠬᠢᠪᠡ᠃ | | ᠬᠤᠷᠠᠯ ᠠᠴᠠ ᠵᠢᠭᠠᠵᠤ ᠭᠠᠷᠭᠠᠭᠰᠠᠨ ᠨᠢ᠂ 2020 ᠣᠨ ᠳᠤ ᠪᠦᠬᠦ ᠬᠤᠳᠠ ᠶᠢᠨ ᠣᠷᠣᠨ ᠰᠠᠭᠤᠴᠠ ᠪᠠ | ᠬᠤᠳᠠ ᠬᠥᠳᠡᠭᠡ ᠶᠢᠨ ᠪᠦᠳᠦᠭᠡᠨ ᠪᠠᠶᠢᠭᠤᠯᠤᠯᠲᠠ᠂ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠦᠯᠲᠡ᠂ ᠣᠷᠴᠢᠨ | ᠲᠣᠭᠤᠷᠢᠨ ᠤ ᠡᠷᠡᠭᠦᠯ ᠬᠠᠮᠠᠭᠠᠯᠠᠯ ᠤᠨ ᠰᠢᠰᠲ᠋ᠧᠮ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ | ᠪᠠᠶᠢᠳᠠᠯ ᠤᠨ ᠲᠠᠭᠠᠷᠢᠯᠲᠠ ᠪᠠ ᠠᠵᠤ ᠠᠬᠤᠢ ᠶᠢᠨ ᠪᠠᠭᠤᠷᠠᠯᠲᠠ ᠶᠢᠨ ᠳᠠᠷᠤᠯᠲᠠ ᠶᠢ ᠴᠢᠷᠮᠠᠶᠢᠨ ᠲᠡᠪᠴᠢᠵᠦ᠂ ᠠᠮᠢ | ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠶᠢᠨ ᠬᠠᠮᠢᠶ᠎ᠠ ᠪᠦᠬᠦᠢ ᠱᠠᠭᠠᠷᠳᠠᠯᠭ᠎ᠠ ᠶᠣᠰᠣᠭᠠᠷ | ᠂ ᠵᠢᠷᠭᠤᠳᠤᠭᠠᠷ ᠬᠤᠭᠤᠴᠠᠭᠠᠨ ᠤ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠬᠤᠳᠠ ᠶᠢ ᠴᠢᠷᠮᠠᠶᠢᠨ | ᠪᠠᠶᠢᠭᠤᠯᠬᠤ ᠪᠠᠷ ᠬᠠᠷᠠᠯᠲᠠ ᠪᠣᠯᠭᠠᠨ᠂ ︽ᠬᠤᠳᠠ ᠶᠢᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠲᠤᠰᠬᠠᠢ | ᠴᠡᠭᠴᠡᠯᠡᠨ ᠵᠠᠰᠠᠵᠤ ᠳᠡᠭᠡᠭᠰᠢᠯᠡᠭᠦᠯᠬᠦ ᠣᠨ︾ ᠭᠡᠬᠦ ᠠᠵᠢᠯᠯᠠᠭ᠎ᠠ ᠶᠢ ᠥᠷᠨᠢᠭᠦᠯᠬᠦ ᠪᠠᠷ ᠭᠠᠷᠳᠠᠴᠠ ᠪᠣᠯᠭᠠᠵᠤ᠂ ᠡᠯ᠎ᠡ | ᠵᠦᠢᠯ ᠤᠨ ᠠᠵᠢᠯ ᠢᠯᠡᠳᠲᠡ ᠦᠷ᠎ᠡ ᠪᠦᠲᠦᠮᠵᠢ ᠤᠯᠪᠠ᠃ ᠨᠢᠭᠡ ᠵᠢᠯ ᠤᠨ ᠲᠤᠷᠰᠢ᠂ ᠮᠠᠨ ᠤ ᠬᠤᠲᠠ ᠤᠷᠢᠳ | ᠬᠤᠵᠢᠳ ᠵᠢᠷᠭᠤᠳᠤᠭᠠᠷ ᠬᠤᠭᠤᠴᠠᠭᠠᠨ ᠤ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠬᠤᠲᠠ ᠶᠢ ᠡᠭᠦᠳᠦᠨ | ᠪᠠᠶᠢᠭᠤᠯᠬᠤ ᠠᠩᠬᠠᠨ ᠤ ᠵᠢᠯ ᠤᠨ ᠰᠢᠯᠭᠠᠨ ᠲᠣᠭᠲᠠᠭᠠᠯᠲᠠ᠂ ᠥᠪᠡᠷᠲᠡᠭᠡᠨ ᠵᠠᠰᠠᠬᠤ ᠣᠷᠣᠨ ᠤ ᠬᠠᠷᠰᠢ ᠰᠠᠭᠠᠳ | ᠥᠬᠡᠶ ᠣᠷᠴᠢᠨ ᠲᠣᠭᠤᠷᠢᠨ ᠢ ᠡᠭᠦᠳᠦᠨ ᠪᠠᠶᠢᠭᠤᠯᠬᠤ ᠪᠠ ᠬᠤᠲᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ | ᠰᠢᠯᠭᠠᠨ ᠪᠠᠶᠢᠴᠠᠭᠠᠯᠲᠠ ᠶᠢ ᠤᠷᠤᠭᠰᠢᠲᠠᠶ ᠥᠩᠭᠡᠷᠡᠭᠦᠯᠪᠡ᠃ | ᠬᠤᠷᠠᠯ ᠠᠴᠠ ᠴᠢᠬᠤᠯᠠᠴᠢᠯᠠᠭᠰᠠᠨ ᠨᠢ᠂ ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠰᠡᠳᠬᠢᠴᠡ ᠪᠠᠨ | ᠡᠮᠬᠢᠯᠡᠵᠦ᠂ ᠲᠦᠷᠦᠯ ᠵᠦᠢᠯ ᠪᠣᠯᠤᠨ ᠲᠦᠷᠦ ᠶᠢᠨ ᠪᠤᠳᠤᠯᠭ᠎ᠠ ᠶᠢᠨ ᠳᠡᠮᠵᠢᠯᠭᠡ ᠶᠢ ᠤᠯᠬᠤ ᠪᠠᠷ ᠢᠳᠡᠪᠬᠢᠲᠡᠢ | ᠴᠢᠷᠮᠠᠶᠢᠵᠤ᠂ 2021 ᠣᠨ ᠤ ᠡᠯ᠎ᠡ ᠵᠦᠢᠯ ᠤᠨ ᠠᠵᠢᠯ ᠪᠣᠯᠤᠨ ᠪᠤᠰᠤᠳ ᠲᠠᠯ᠎ᠠ ᠶᠢᠨ ᠠᠵᠢᠯ ᠢ ᠪᠦᠬᠦ | ᠬᠦᠴᠦᠨ ᠢᠶᠠᠷ ᠢᠶᠠᠨ ᠰᠠᠶᠢᠲᠤᠷ ᠪᠡᠶᠡᠯᠡᠭᠦᠯᠬᠦ ᠬᠡᠷᠡᠭᠲᠡᠢ︔ ᠲᠤᠰ ᠪᠡᠶ᠎ᠡ ᠶᠢᠨ ᠪᠠᠶᠢᠭᠤᠯᠤᠯᠲᠠ ᠪᠠᠨ ᠲᠠᠰᠤᠷᠠᠯᠲᠠ ᠦᠭᠡᠢ | ᠴᠢᠩᠭᠠᠳᠬᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠴᠥᠬᠦᠷᠡᠰᠢ ᠦᠭᠡᠢ ᠪᠠᠷᠢᠮᠲᠠᠯᠠᠵᠤ᠂ ᠡᠭᠦᠷᠭᠡ | ᠬᠠᠷᠢᠭᠤᠴᠠᠯᠭ᠎ᠠ ᠪᠠᠨ ᠡᠭᠦᠷᠭᠡᠯᠡᠨ ᠭᠦᠢᠴᠡᠳᠬᠡᠵᠦ᠂ ᠡᠯ᠎ᠡ ᠵᠦᠢᠯ ᠤᠨ ᠠᠵᠢᠯ ᠢᠶᠠᠨ ᠪᠡᠶᠡᠯᠡᠭᠦᠯᠬᠦ ᠳᠤ ᠪᠠᠲᠤ ᠴᠢᠩᠭ᠎ᠠ | ᠪᠠᠲᠤᠯᠠᠭ᠎ᠠ ᠬᠠᠩᠭᠠᠬᠤ ᠬᠡᠷᠡᠭᠲᠡᠢ᠃ | | | ᠤᠷᠴᠢᠭᠤᠯᠤᠭᠴᠢ᠄ ᠬᠠᠨ ᠰᠢᠶᠤᠤ ᠿᠦᠩ | ᠬᠢᠨᠠᠭᠴᠢ᠄ ᠼᠦᠢ ᠶᠢᠩ |