︽ᠹᠧᠩᠵᠧᠨ ᠬᠤᠲᠠ ᠶᠢᠨ ᠬᠥᠳᠡᠭᠡ ᠲᠣᠰᠬᠤᠨ ᠤ ᠵᠠᠰᠠᠮᠠᠯ ᠵᠠᠮ ᠤᠨ ᠳᠠᠷᠤᠭ᠎ᠠ ᠶᠢᠨ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠬᠦ ᠠᠵᠢᠯ ᠤᠨ ᠲᠥᠰᠦᠯ︾ ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2021/3/30
ᠡᠯ᠎ᠡ ᠰᠢᠶᠠᠩ ᠪᠠᠯᠭᠠᠰᠤ᠂ ᠬᠤᠳᠠ ᠶᠢᠨ ᠡᠮᠦᠨ᠎ᠡ ᠲᠣᠭᠤᠷᠢᠭ ᠤᠨ ᠬᠡᠷᠡᠭ ᠡᠷᠬᠢᠯᠡᠬᠦ ᠭᠠᠵᠠᠷ᠂ ᠬᠤᠲᠠ ᠶᠢᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠲᠤ᠄     ︽ᠹᠧᠩᠵᠧᠨ ᠬᠤᠲᠠ ᠶᠢᠨ ᠬᠥᠳᠡᠭᠡ ᠲᠣᠰᠬᠤᠨ ᠤ ᠵᠠᠰᠠᠮᠠᠯ ᠵᠠᠮ ᠤᠨ ᠳᠠᠷᠤᠭ᠎ᠠ ᠶᠢᠨ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠬᠦ ᠠᠵᠢᠯ ᠤᠨ ᠲᠥᠰᠦᠯ︾ ᠢ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠲᠥᠰᠦᠯ ᠤᠨ ᠱᠠᠭᠠᠷᠳᠠᠯᠭ᠎ᠠ ᠶᠣᠰᠣᠭᠠᠷ ᠬᠢᠨᠠᠮᠠᠭᠠᠶ ᠲᠤᠭᠤᠰᠢᠯᠠᠭᠤᠯᠤᠨ ᠬᠡᠷᠡᠭᠵᠢᠭᠦᠯᠲᠦᠭᠡᠶ᠃                          2020 ᠣᠨ ᠤ 11 ᠰᠠᠷ᠎ᠠ ᠶᠢᠨ 25 ᠤ ᠡᠳᠦᠷ     ᠬᠥᠳᠡᠭᠡ ᠲᠣᠰᠬᠤᠨ ᠤ ᠵᠠᠰᠠᠮᠠᠯ ᠵᠠᠮ ᠤᠨ ᠳᠠᠷᠤᠭ᠎ᠠ ᠶᠢᠨ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠬᠦ ᠠᠵᠢᠯ ᠤᠨ ᠲᠥᠰᠦᠯ     ︽ᠥᠪᠡᠷᠲᠡᠭᠡᠨ ᠵᠠᠰᠠᠬᠤ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠳᠠᠷᠤᠭ᠎ᠠ ᠶᠢᠨ ᠲᠦᠷᠢᠮ ᠢ ᠪᠥᠬᠦ ᠲᠠᠯ᠎ᠠ ᠪᠠᠷ ᠬᠡᠷᠡᠭᠵᠢᠭᠦᠯᠬᠦ ᠶᠢᠨ ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ᠤᠨ ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠬᠤᠲᠠ ᠶᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠲᠣᠰ ᠠᠵᠢᠯ ᠤᠨ ᠲᠥᠰᠦᠯ ᠢ ᠤᠨᠴᠠᠭᠠᠶᠢᠯᠠᠨ ᠲᠣᠭᠲᠠᠭᠠᠪᠠ᠃      ᠨᠢᠭᠡ᠂ ᠵᠢᠯᠣᠭᠤᠳᠬᠤ ᠦᠵᠡᠯ ᠰᠠᠨᠠᠭ᠎ᠠ      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠤᠨ ᠰᠢ ᠶᠢᠨ ᠫᠢᠩ ᠶᠡᠷᠦᠩᠬᠡᠶ ᠱᠦᠵᠢ ᠶᠢᠨ ︽ᠳᠥᠷᠪᠡᠨ ᠰᠠᠶᠢᠨ ᠬᠥᠳᠡᠭᠡ ᠲᠣᠰᠬᠤᠨ ᠤ ᠵᠠᠮ︾ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠦ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠭᠤᠣᠯ ᠱᠤᠭᠤᠮ ᠪᠣᠯᠭᠠᠵᠤ᠂ ᠦᠨᠳᠦᠰᠦᠨ ᠱᠠᠲᠤᠨ ᠤ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠪᠠᠷ ᠤᠳᠤᠷᠢᠳᠤᠮᠵᠢ ᠪᠣᠯᠭᠠᠵᠤ᠂ ᠵᠠᠰᠠᠭ ᠤᠨ ᠣᠷᠳᠣᠨ ᠢᠶᠠᠷ ᠭᠤᠤᠯᠯᠠᠭᠤᠯᠬᠤ᠂ ᠬᠠᠷᠢᠶ᠎ᠠ ᠣᠷᠣᠨ ᠨᠢ ᠬᠠᠮᠢᠶᠠᠷᠬᠤ᠂ ᠱᠠᠲᠤ ᠬᠤᠪᠢᠶᠠᠨ ᠬᠠᠷᠢᠭᠤᠴᠠᠬᠤ᠂ ᠰᠠᠯᠠᠭ᠎ᠠ ᠮᠥᠴᠢᠷ ᠤᠳ ᠬᠠᠮᠵᠢᠯᠴᠠᠬᠤ᠂ ᠨᠡᠶᠢᠭᠡᠮ ᠢᠶᠠᠷ ᠢᠶᠠᠨ ᠣᠷᠣᠯᠴᠠᠬᠤ ᠵᠠᠷᠴᠢᠮ ᠢ ᠪᠠᠷᠢᠮᠲᠠᠯᠠᠨ᠂ ᠬᠥᠳᠡᠭᠡ ᠲᠣᠰᠬᠤᠨ ᠤ ᠵᠠᠰᠠᠮᠠᠯ ᠵᠠᠮ ᠤᠨ ᠳᠠᠷᠤᠭ᠎ᠠ ᠶᠢᠨ ᠲᠦᠷᠢᠮ ᠢ ᠪᠥᠬᠦ ᠲᠠᠯ᠎ᠠ ᠪᠠᠷ ᠬᠡᠷᠡᠭᠵᠢᠭᠦᠯᠵᠦ᠂ ᠬᠤᠷᠴᠠ ᠴᠢᠳᠠᠮᠠᠭᠠᠶ ᠥᠨᠳᠥᠷ ᠦᠷ᠎ᠡ ᠪᠦᠲᠦᠮᠵᠢᠲᠡᠶ᠂ ᠲᠤᠰᠬᠠᠶ ᠪᠠ ᠬᠠᠪᠰᠤᠷᠭᠠᠨ ᠬᠠᠷᠢᠭᠤᠴᠠᠬᠤ ᠶᠢ ᠤᠶᠠᠯᠳᠤᠭᠤᠯᠤᠭᠰᠠᠨ᠂ ᠲᠤᠰᠬᠠᠶ ᠠᠵᠢᠯ ᠢᠶᠠᠷ ᠭᠤᠤᠯ ᠪᠣᠯᠭᠠᠭᠰᠠᠨ ᠬᠠᠮᠢᠶᠠᠷᠤᠯᠲᠠ ᠶᠢᠨ ᠰᠢᠰᠲ᠋ᠧᠮᠵᠢ ᠶᠢ ᠪᠠᠶᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠦᠢᠯᠡᠴᠢᠯᠡᠬᠦ ᠪᠠᠶᠢᠯᠳᠤᠬᠤ ᠪᠣᠳᠣᠯᠭ᠎ᠠ ᠶᠢᠨ ᠳᠤᠮᠳᠠᠬᠢ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠲᠤᠯᠭᠠᠭᠤᠷᠢᠯᠠᠬᠤ ᠦᠢᠯᠡᠳᠦᠯ ᠢ ᠬᠦᠢᠴᠡᠳ ᠪᠠᠳᠠᠷᠠᠭᠤᠯᠬᠤ ᠳᠤ ᠪᠠᠶᠢᠭᠤᠯᠤᠯ ᠲᠣᠭᠲᠠᠴᠠ ᠶᠢᠨ ᠬᠦᠴᠦᠲᠡᠶ ᠪᠠᠲᠤᠯᠠᠭ᠎ᠠ ᠬᠠᠩᠭᠠᠨ᠎ᠠ᠃       ᠬᠤᠶᠠᠷ᠂ ᠠᠵᠢᠯ ᠤᠨ ᠬᠠᠷᠠᠯᠲᠠ       2022 ᠣᠨ ᠤ ᠵᠢᠯ ᠤᠨ ᠰᠡᠭᠦᠯᠴᠢ ᠠᠴᠠ ᠡᠮᠦᠨ᠎ᠡ᠂ ᠬᠥᠳᠡᠭᠡ ᠲᠣᠰᠬᠤᠨ ᠤ ᠵᠠᠰᠠᠮᠠᠯ ᠵᠠᠮ ᠤᠨ ᠳᠠᠷᠤᠭ᠎ᠠ ᠶᠢᠨ ᠲᠦᠷᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠠᠷᠢᠭᠤᠴᠠᠯᠭ᠎ᠠ ᠲᠣᠳᠣᠷᠬᠠᠶ᠂ ᠵᠣᠬᠢᠴᠠᠩᠭᠤᠶ ᠪᠥᠭᠡᠳ ᠡᠮᠬᠢ ᠵᠢᠷᠤᠮ ᠲᠠᠢ᠂ ᠬᠢᠨᠠᠯᠲᠠ ᠬᠠᠮᠢᠶᠠᠷᠤᠯᠲᠠ ᠴᠢᠩᠭ᠎ᠠ᠂ ᠬᠠᠮᠠᠭᠠᠯᠠᠯᠲᠠ ᠬᠦᠴᠦᠲᠡᠶ ᠵᠠᠮ ᠤᠨ ᠳᠠᠷᠤᠭ᠎ᠠ ᠶᠢᠨ ᠵᠣᠬᠢᠶᠠᠨ ᠪᠠᠶᠢᠭᠤᠯᠤᠯᠲᠠ ᠶᠢᠨ ᠰᠢᠰᠲ᠋ᠧᠮᠵᠢ ᠬᠢᠭᠡᠳ ᠠᠵᠢᠯᠯᠠᠭᠠᠨ ᠤ ᠲᠣᠭᠲᠠᠴᠠ ᠶᠢ ᠪᠠᠶᠢᠭᠤᠯᠵᠤ᠂ ᠬᠥᠳᠡᠭᠡ ᠲᠣᠰᠬᠤᠨ ᠤ ᠵᠠᠰᠠᠮᠠᠯ ᠵᠠᠮ ᠤᠨ ᠵᠠᠰᠠᠯᠲᠠ ᠶᠢᠨ ᠴᠢᠳᠠᠪᠤᠷᠢ ᠬᠢᠭᠡᠳ ᠦᠢᠯᠡᠴᠢᠯᠡᠭᠡᠨ ᠤ ᠬᠢᠷᠢ ᠬᠡᠮᠵᠢᠶ᠎ᠡ ᠶᠢ ᠢᠯᠡᠳᠲᠡ ᠳᠡᠭᠡᠭᠰᠢᠯᠡᠭᠦᠯᠵᠦ᠂ ︽ᠳᠥᠷᠪᠡᠨ ᠰᠠᠶᠢᠨᠲᠠᠶ ᠬᠥᠳᠡᠭᠡ ᠲᠣᠰᠬᠤᠨ ᠤ ᠵᠠᠮ︾ ᠤᠨ ᠪᠥᠲᠥᠭᠡᠨ ᠪᠠᠶᠢᠭᠤᠯᠤᠯᠲᠠ ᠳᠤ ᠪᠣᠳᠠᠲᠤ ᠦᠷ᠎ᠡ ᠪᠦᠲᠦᠮᠵᠢ ᠣᠯᠵᠤ᠂ ᠠᠷᠠᠳ ᠣᠯᠠᠨ ᠤ ᠰᠡᠳᠬᠢᠯ ᠬᠠᠨᠤᠮᠵᠢᠲᠠᠶ ᠪᠠᠶᠢᠬᠤ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃      ᠭᠤᠷᠪᠠ᠂ ᠵᠣᠬᠢᠶᠠᠨ ᠪᠠᠶᠢᠭᠤᠯᠤᠯᠲᠠ ᠶᠢᠨ ᠬᠡᠯᠪᠡᠷᠢ      ︽ᠰᠢᠶᠠᠨ ᠤ ᠵᠠᠮ ᠢ ᠰᠢᠶᠠᠨ ᠠᠴᠠ ᠬᠠᠮᠢᠶᠠᠷᠬᠤ᠂ ᠰᠢᠶᠠᠩ ᠤᠨ ᠵᠠᠮ ᠢ ᠰᠢᠶᠠᠩ ᠠᠴᠠ ᠬᠠᠮᠢᠶᠠᠷᠬᠤ᠂ ᠲᠣᠰᠬᠤᠨ ᠤ ᠵᠠᠮ ᠢ ᠲᠣᠰᠬᠤᠨ ᠠᠴᠠ ᠬᠠᠮᠢᠶᠠᠷᠬᠤ︾ ᠱᠠᠳᠤ ᠬᠤᠪᠢᠶᠠᠨ ᠬᠠᠮᠢᠶᠠᠷᠴᠤ ᠲᠡᠵᠢᠭᠡᠬᠦ ᠵᠠᠷᠴᠢᠮ ᠶᠣᠰᠣᠭᠠᠷ᠂ ᠵᠠᠰᠠᠭ ᠤᠨ ᠣᠷᠳᠣᠨ ᠤ ᠬᠤᠳᠠ ᠶᠢᠨ ᠳᠠᠷᠤᠭ᠎ᠠ ᠪᠠᠷ ᠶᠡᠷᠦᠩᠬᠡᠶ ᠵᠠᠮ ᠤᠨ ᠳᠠᠷᠤᠭ᠎ᠠ ᠶᠢᠨ ᠲᠤᠰᠢᠶᠠᠯ ᠢ ᠡᠭᠦᠷᠭᠡᠯᠡᠭᠦᠯᠬᠦ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶᠠᠨ ᠤ ᠳᠠᠷᠤᠭ᠎ᠠ ᠪᠠᠷ ᠰᠢᠶᠠᠨ ᠤ ᠵᠠᠮ ᠤᠨ ᠳᠠᠷᠤᠭ᠎ᠠ ᠪᠣᠯᠭᠠᠬᠤ᠂ ᠡᠯ᠎ᠡ ᠰᠢᠶᠠᠩ ᠪᠠᠯᠭᠠᠰᠤᠨ ᠤ ᠳᠠᠷᠤᠭ᠎ᠠ ᠪᠠᠷ ᠰᠢᠶᠠᠩ ᠤᠨ ᠵᠠᠮ ᠤᠨ ᠳᠠᠷᠤᠭ᠎ᠠ ᠪᠣᠯᠭᠠᠬᠤ᠂ ᠵᠠᠰᠠᠭ ᠵᠠᠬᠢᠷᠭᠠᠨ ᠤ ᠲᠣᠰᠬᠤᠨ ᠤ ᠡᠷᠬᠢᠯᠡᠭᠴᠢ ᠪᠠᠷ ᠲᠣᠰᠬᠤᠨ ᠤ ᠵᠠᠮ ᠤᠨ ᠳᠠᠷᠤᠭ᠎ᠠ ᠪᠣᠯᠭᠠᠬᠤ ︽ᠲᠦᠷᠪᠡᠨ ᠳᠠᠷᠤᠭ᠎ᠠ︾ ᠶᠢᠨ ᠬᠠᠷᠢᠭᠤᠴᠠᠬᠤ ᠲᠦᠷᠢᠮ ᠢ ᠪᠠᠶᠢᠭᠤᠯᠤᠨ᠎ᠠ᠃ ᠡᠯ᠎ᠡ ᠱᠠᠲᠤᠨ ᠤ ᠵᠠᠮ ᠤᠨ ᠳᠠᠷᠤᠭ᠎ᠠ ᠨᠢ ᠬᠠᠷᠢᠶ᠎ᠠ ᠣᠷᠣᠨ ᠤ ᠪᠠᠨ ᠬᠥᠳᠡᠭᠡ ᠲᠣᠰᠬᠤᠨ ᠤ ᠵᠠᠰᠠᠮᠠᠯ ᠵᠠᠮ ᠢ ᠪᠦᠲᠦᠭᠡᠨ ᠪᠠᠶᠢᠭᠤᠯᠬᠤ᠂ ᠬᠠᠮᠢᠶᠠᠷᠬᠤ᠂ ᠠᠷᠠᠴᠢᠯᠠᠨ ᠬᠠᠮᠠᠭᠠᠯᠠᠬᠤ᠂ ᠡᠵᠡᠩᠨᠡᠬᠦ ᠪᠠ ᠵᠠᠮ ᠤᠨ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠡᠷᠦᠩᠬᠡᠶ ᠬᠠᠷᠢᠭᠤᠴᠠᠯᠭᠠᠲᠠᠨ ᠪᠣᠯᠤᠨ᠎ᠠ᠃ ᠬᠤᠲᠠ ᠶᠢᠨ ᠵᠠᠰᠠᠭ ᠤᠨ ᠣᠷᠳᠣᠨ ᠳᠤ ᠵᠠᠮ ᠤᠨ ᠳᠠᠷᠤᠭ᠎ᠠ ᠶᠢᠨ ᠠᠯᠪᠠᠨ ᠬᠡᠷ ᠭᠠᠷᠭᠠᠵᠤ᠂ ᠪᠣᠳᠠᠲᠠᠶ ᠠᠵᠢᠯ ᠢ ᠵᠠᠮ ᠲᠡᠭᠡᠭᠡᠪᠦᠷᠢ ᠶᠢᠨ ᠲᠣᠪᠴᠢᠶ᠎ᠠ ᠠᠴᠠ ᠡᠭᠦᠷᠭᠡᠯᠡᠵᠦ᠂ ᠵᠠᠮ ᠲᠡᠭᠡᠭᠡᠪᠦᠷᠢ ᠶᠢᠨ ᠲᠣᠪᠴᠢᠶ᠎ᠠ ᠶᠢᠨ ᠳᠠᠷᠤᠭ᠎ᠠ ᠱᠢ ᠴᠢᠶᠠᠩ ᠠᠯᠪᠠᠨ ᠬᠡᠷ ᠤᠨ ᠡᠷᠬᠢᠯᠡᠭᠴᠢ ᠶᠢᠨ ᠲᠤᠰᠢᠶᠠᠯ ᠢ ᠡᠭᠦᠷᠭᠡᠯᠡᠵᠦ᠂ ᠪᠦᠷᠢᠯᠳᠦᠬᠦᠨ ᠨᠢᠭᠡᠴᠡ ᠶᠢ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠢᠶᠠᠷ ᠪᠦᠷᠢᠯᠳᠦᠭᠦᠯᠦᠨ᠎ᠡ︔ ᠡᠯ᠎ᠡ ᠰᠢᠶᠠᠩ ᠪᠠᠯᠭᠠᠰᠤ᠂ ᠬᠤᠳᠠ ᠶᠢᠨ ᠡᠮᠦᠨ᠎ᠡ ᠲᠣᠭᠤᠷᠢᠭ ᠤᠨ ᠬᠡᠷᠡᠭ ᠡᠷᠬᠢᠯᠡᠬᠦ ᠭᠠᠵᠠᠷ ᠤᠨ ᠳᠣᠣᠷ᠎ᠠ ᠵᠠᠮ ᠤᠨ ᠳᠠᠷᠤᠭ᠎ᠠ ᠶᠢᠨ ᠠᠯᠪᠠᠨ ᠭᠡᠷ ᠭᠠᠷᠭᠠᠬᠤ ᠶᠢᠨ ᠬᠠᠮᠲᠤ ᠪᠣᠳᠠᠲᠠᠶ ᠪᠠᠶᠢᠭᠤᠯᠤᠮᠵᠢ ᠶᠢ ᠵᠢᠭᠠᠨ ᠲᠣᠭᠲᠠᠭᠠᠵᠤ ᠠᠯᠪᠠᠨ ᠭᠡᠷ ᠤᠨ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠭᠦᠯᠦᠨ᠎ᠡ᠃      ᠳᠥᠷᠪᠡ᠂ ᠬᠠᠷᠢᠭᠤᠴᠠᠯᠭ᠎ᠠ ᠶᠢᠨ ᠬᠤᠪᠢᠶᠠᠷᠢᠯᠠᠯ      ︵ᠨᠢᠭᠡ︶ ᠵᠠᠮ ᠤᠨ ᠶᠡᠷᠦᠩᠬᠡᠶ ᠳᠠᠷᠤᠭ᠎ᠠ      ᠪᠦᠬᠦ ᠬᠤᠲᠠ ᠶᠢᠨ ᠬᠥᠳᠡᠭᠡ ᠲᠣᠰᠬᠤᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ᠂ ᠬᠠᠮᠢᠶᠠᠷᠤᠯᠲᠠ᠂ ᠠᠷᠠᠴᠢᠯᠠᠯᠲᠠ᠂ ᠡᠵᠡᠩᠨᠡᠯᠲᠡ ᠪᠠ ᠵᠠᠮ ᠤᠨ ᠣᠷᠴᠢᠨ ᠲᠣᠭᠤᠷᠢᠨ ᠤ ᠵᠠᠰᠠᠯᠲᠠ ᠶᠢᠨ ᠶᠡᠷᠦᠩᠬᠡᠶ ᠬᠠᠷᠢᠭᠤᠴᠠᠯᠭᠠᠲᠠᠨ᠂ ᠬᠤᠲᠠ ᠶᠢᠨ ᠳᠣᠲᠣᠷᠠᠬᠢ ᠬᠥᠳᠡᠭᠡ ᠲᠣᠰᠬᠤᠨ ᠤ ᠵᠠᠰᠠᠮᠠᠯ ᠵᠠᠮ ᠤᠨ ᠠᠵᠢᠯ ᠢ ᠵᠣᠬᠢᠶᠠᠨ ᠪᠠᠶᠢᠭᠤᠯᠬᠤ᠂ ᠳᠣᠭᠢᠷᠠᠭᠤᠯᠬᠤ᠂ ᠬᠠᠮᠢᠶᠠᠷᠬᠤ ᠪᠠ ᠬᠢᠨᠠᠯᠲᠠ ᠲᠠᠯᠪᠢᠬᠤ ᠵᠡᠷᠭᠡ ᠶᠢ ᠬᠠᠷᠢᠭᠤᠴᠠᠵᠤ᠂ ᠬᠥᠳᠡᠭᠡ ᠲᠣᠰᠬᠤᠨ ᠤ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ᠂ ᠬᠠᠮᠢᠶᠠᠷᠴᠤ ᠲᠡᠵᠢᠭᠡᠬᠦ᠂ ᠡᠵᠡᠩᠨᠡᠬᠦ ᠪᠠ ᠵᠠᠮ ᠤᠨ ᠴᠠᠷᠠᠭ᠎ᠠ ᠶᠢᠨ ᠣᠷᠴᠢᠨ ᠲᠣᠭᠤᠷᠢᠨ ᠢ ᠴᠡᠭᠴᠡᠯᠡᠨ ᠵᠠᠰᠠᠬᠤ ᠵᠠᠷᠤᠳᠠᠯ ᠢ ᠨᠠᠶᠢᠳᠠᠪᠤᠷᠢᠵᠢᠭᠤᠯᠤᠨ᠂ ︽ᠳᠥᠷᠪᠡᠨ ᠰᠠᠶᠢᠨᠲᠠᠶ ᠬᠥᠳᠡᠭᠡ ᠲᠣᠰᠬᠤᠨ ᠤ ᠵᠠᠮ︾ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠳᠤᠮᠳᠠᠬᠢ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠵᠦ᠂ ᠳᠣᠤᠷᠠᠳᠤ ᠱᠠᠲᠤᠨ ᠤ ᠵᠠᠮ ᠤᠨ ᠳᠠᠷᠤᠭ᠎ᠠ ᠪᠣᠯᠤᠨ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠪᠠᠨ ᠬᠦᠢᠴᠡᠳᠭᠡᠭᠦ ᠶᠢ ᠰᠢᠮᠳᠠᠭᠤᠯᠤᠨ ᠵᠢᠯᠣᠭᠤᠳᠤᠨ᠎ᠠ᠃       ︵ᠬᠤᠶᠠᠷ︶ ᠰᠢᠶᠠᠨ ᠤ ᠵᠠᠮ ᠤᠨ ᠳᠠᠷᠤᠭ᠎ᠠ       ᠰᠢᠶᠠᠨ ᠤ ᠵᠠᠮ ᠤᠨ ᠠᠷᠠᠴᠢᠯᠠᠨ ᠬᠠᠮᠠᠭᠠᠯᠠᠬᠤ ᠬᠠᠮᠢᠶᠠᠷᠤᠯᠲᠠ ᠪᠠ ᠵᠠᠮ ᠤᠨ ᠬᠡᠪᠴᠢᠶᠡᠨ ᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠤᠨ ᠨᠢᠭᠡᠳᠦᠭᠡᠷ ᠬᠠᠷᠢᠭᠤᠴᠠᠯᠭᠠᠲᠠᠨ ᠳᠤ ᠪᠥᠬᠦ ᠬᠤᠲᠠ ᠶᠢᠨ ᠰᠢᠶᠠᠨ ᠤ ᠵᠠᠮ ᠤᠨ ᠬᠠᠮᠢᠶᠠᠷᠴᠤ ᠠᠷᠠᠴᠢᠯᠠᠨ ᠬᠠᠮᠠᠭᠠᠯᠠᠬᠤ᠂ ᠵᠠᠮ ᠤᠨ ᠭᠠᠷᠤᠯᠲᠠ ᠵᠠᠮ ᠤᠨ ᠡᠷᠬᠡ ᠶᠢ ᠬᠠᠮᠠᠭᠠᠯᠠᠬᠤ᠂ ᠪᠠᠴᠢᠮ ᠪᠠᠶᠢᠳᠠᠯ ᠢ ᠠᠷᠭᠠᠴᠠᠬᠤ ᠬᠡᠷᠡᠭ ᠢ ᠵᠣᠬᠢᠴᠠᠭᠤᠯᠤᠨ ᠰᠢᠢᠳᠪᠦᠷᠢᠯᠡᠬᠦ ᠪᠠ ᠵᠠᠮ ᠤᠨ ᠬᠡᠪᠴᠢᠶᠡᠨ ᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠰᠠᠶᠢᠲᠤᠷ ᠬᠢᠬᠦ ᠶᠢ ᠬᠠᠷᠢᠭᠤᠴᠠᠨ᠎ᠠ᠃       ︵ᠭᠤᠷᠪᠠ︶ ᠰᠤᠮᠤᠨ ᠤ ᠵᠠᠮ ᠤᠨ ᠳᠠᠷᠤᠭ᠎ᠠ       ᠰᠢᠶᠠᠩ ᠤᠨ ᠵᠠᠮ ᠢ ᠬᠠᠮᠢᠶᠠᠷᠴᠤ ᠠᠷᠠᠴᠢᠯᠠᠨ ᠬᠠᠮᠠᠭᠠᠯᠠᠬᠤ ᠪᠠ ᠵᠠᠮ ᠤᠨ ᠬᠡᠪᠴᠢᠶᠡᠨ ᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠨᠢᠭᠡᠳᠦᠭᠡᠷ ᠬᠠᠷᠢᠭᠤᠴᠠᠯᠭᠠᠲᠠᠨ ᠳᠤ ᠰᠢᠶᠠᠩ ᠪᠠᠯᠭᠠᠰᠤ ᠶᠢᠨ ᠬᠠᠷᠢᠶ᠎ᠠ ᠣᠷᠣᠨ   ᠤ ᠰᠢᠶᠠᠩ ᠤᠨ ᠵᠠᠮ ᠢ ᠬᠠᠮᠢᠶᠠᠷᠴᠤ ᠠᠷᠠᠴᠢᠯᠠᠨ ᠬᠠᠮᠠᠭᠠᠯᠠᠬᠤ᠂ ᠵᠠᠮ ‍ᠤᠨ‌ᠦᠢᠯᠡᠳᠪᠦᠷᠢᠯᠡᠯ ᠵᠠᠮ ᠤᠨ ᠡᠷᠬᠡ ᠶᠢ ᠬᠠᠮᠠᠭᠠᠯᠠᠬᠤ᠂ ᠪᠠᠴᠢᠮ ᠪᠠᠶᠢᠳᠠᠯ ᠢ ᠠᠷᠭᠠᠴᠠᠬᠤ ᠬᠡᠷᠡᠭ ᠢ ᠵᠣᠬᠢᠴᠠᠭᠤᠯᠤᠨ ᠰᠢᠢᠳᠪᠦᠷᠢᠯᠡᠬᠦ ᠪᠠ ᠵᠠᠮ ᠤᠨ ᠬᠡᠪᠴᠢᠶᠡᠨ ᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠰᠠᠶᠢᠲᠤᠷ ᠬᠢᠬᠦ ᠶᠢ ᠬᠠᠷᠢᠭᠤᠴᠠᠨ᠎ᠠ᠃       ︵ᠲᠦᠷᠪᠡ︶ ᠭᠠᠴᠠᠭᠠᠨ ᠤ ᠵᠠᠮ ᠤᠨ ᠳᠠᠷᠤᠭ᠎ᠠ       ᠲᠣᠰᠬᠤᠨ ᠤ ᠵᠠᠮ ᠢ ᠬᠠᠮᠢᠶᠠᠷᠴᠤ ᠠᠷᠠᠴᠢᠯᠠᠨ ᠬᠠᠮᠠᠭᠠᠯᠠᠬᠤ ᠪᠠ ᠵᠠᠮ ᠤᠨ ᠬᠡᠪᠴᠢᠶᠡᠨ ᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠨᠢᠭᠡᠳᠦᠭᠡᠷ ᠬᠠᠷᠢᠭᠤᠴᠠᠯᠭᠠᠲᠠᠨ ᠳᠤ ᠬᠠᠷᠢᠶ᠎ᠠ ᠣᠷᠣᠨ   ᠤ ᠲᠣᠰᠬᠤᠨ ᠤ ᠵᠠᠮ ᠢ ᠬᠠᠮᠢᠶᠠᠷᠴᠤ ᠠᠷᠠᠴᠢᠯᠠᠨ ᠬᠠᠮᠠᠭᠠᠯᠠᠬᠤ᠂ ᠵᠠᠮ ᠤᠨ ᠦᠢᠯᠡᠳᠪᠦᠷᠢᠯᠡᠯ ᠵᠠᠮ ᠤᠨ ᠡᠷᠬᠡ ᠶᠢ ᠬᠠᠮᠠᠭᠠᠯᠠᠬᠤ᠂ ᠪᠠᠴᠢᠮ ᠪᠠᠶᠢᠳᠠᠯ ᠢ ᠠᠷᠭᠠᠴᠠᠬᠤ ᠬᠡᠷᠡᠭ ᠢ ᠵᠣᠬᠢᠴᠠᠭᠤᠯᠤᠨ ᠰᠢᠢᠳᠪᠦᠷᠢᠯᠡᠬᠦ ᠪᠠ ᠵᠠᠮ ᠤᠨ ᠬᠡᠪᠴᠢᠶᠡᠨ ᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ  ᠢ ᠰᠠᠶᠢᠲᠤᠷ ᠬᠢᠬᠦ ᠶᠢ ᠬᠠᠷᠢᠭᠤᠴᠠᠨ᠎ᠠ᠃        ︵ᠲᠠᠪᠤ︶ ᠵᠠᠮ ᠤᠨ ᠳᠠᠷᠤᠭ᠎ᠠ ᠶᠢᠨ ᠠᠯᠪᠠᠨ ᠭᠡᠷ ᠤᠨ ᠡᠭᠦᠷᠭᠡ ᠬᠠᠷᠢᠭᠤᠴᠠᠯᠭ᠎ᠠ   ᠵᠠᠮ ᠤᠨ ᠳᠠᠷᠤᠭ᠎ᠠ ᠶᠢ ᠬᠠᠪᠰᠤᠷᠤᠨ ᠡᠳᠦᠷ ᠲᠤᠳᠤᠮ ᠤᠨ ᠬᠡᠷᠡᠭ ᠶᠠᠪᠤᠳᠠᠯ ᠢ ᠨᠢ ᠰᠢᠢᠳᠪᠦᠷᠢᠯᠡᠵᠦ᠂ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠤᠨ ᠳᠠᠷᠤᠭ᠎ᠠ ᠶᠢᠨ ᠲᠥᠷᠢᠮ ᠪᠣᠯᠤᠨ ᠬᠠᠮᠢᠶᠠᠷᠤᠯᠲᠠ ᠶᠢᠨ ᠲᠥᠷᠢᠮ ᠢ ᠲᠣᠭᠲᠠᠭᠠᠨ ᠂ ᠵᠠᠮ ᠤᠨ ᠳᠠᠷᠤᠭ᠎ᠠ ᠶᠢᠨ ᠬᠡᠷᠡᠭ ᠵᠥᠪᠯᠡᠬᠦ ᠲᠥᠷᠢᠮ ᠪᠣᠯᠤᠨ ᠬᠠᠮᠢᠶ᠎ᠠ ᠪᠥᠬᠦᠢ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠨᠢᠭᠡᠳᠦᠯᠲᠡᠶ ᠲᠥᠯᠥᠪᠯᠡᠨ ᠵᠣᠬᠢᠴᠠᠭᠤᠯᠬᠤ᠂ ᠰᠢᠮᠳᠠᠭᠤᠯᠤᠨ ᠨᠠᠶᠢᠳᠠᠪᠤᠷᠢᠵᠢᠭᠤᠯᠬᠤ ᠵᠡᠷᠭᠡ ᠠᠵᠢᠯ ᠤᠨ ᠲᠣᠭᠲᠠᠴᠠ ᠶᠢ ᠪᠠᠶᠢᠭᠤᠯᠤᠨ᠂ ᠵᠠᠮ ᠤᠨ ᠳᠠᠷᠤᠭ᠎ᠠ ᠶᠢᠨ ᠲᠣᠭᠲᠠᠭᠠᠭᠰᠠᠨ ᠠᠵᠢᠯ ᠤᠨ ᠵᠦᠢᠯ ᠪᠣᠯᠤᠨ ᠠᠵᠢᠯ ᠤᠨ ᠪᠠᠶᠢᠷᠢᠯᠠᠭᠤᠯᠤᠯᠲᠠ ᠶᠢ ᠵᠣᠬᠢᠴᠠᠭᠤᠯᠤᠨ ᠨᠠᠶᠢᠳᠠᠪᠤᠷᠢᠵᠢᠭᠤᠯᠵᠤ᠂ ᠬᠤᠯᠪᠣᠭᠳᠠᠯ ᠪᠥᠬᠦᠢ ᠢᠯᠡᠴᠢᠯᠡᠨ ᠮᠡᠳᠡᠭᠦᠯᠬᠦ ᠪᠠ ᠵᠠᠭᠠᠯᠳᠤᠯᠭ᠎ᠠ ᠶᠢ ᠬᠥᠯᠢᠶᠡᠨ ᠠᠪᠴᠤ  ᠰᠢᠢᠳᠪᠦᠷᠢᠯᠡᠨ᠂ ᠵᠠᠮ ᠤᠨ ᠳᠠᠷᠤᠭ᠎ᠠ ᠳᠤ ᠬᠤᠯᠪᠣᠭᠳᠠᠯ ᠪᠥᠬᠦᠢ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠵᠠᠮ ᠤᠨ ᠳᠠᠷᠤᠭ᠎ᠠ ᠳᠤ ᠬᠠᠷᠢᠭᠤ ᠮᠡᠳᠡᠭᠦᠯᠬᠦ ᠬᠡᠷᠡᠭᠲᠡᠶ᠃          ᠲᠠᠪᠤ᠂ ᠠᠵᠢᠯ ᠤᠨ ᠡᠭᠦᠷᠭᠡ          ︵ᠨᠢᠭᠡ︶ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠤᠨ ᠪᠥᠳᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠶ        ᠡᠯ᠎ᠡ ᠰᠢᠶᠠᠩ ᠪᠠᠯᠭᠠᠰᠤ᠂ ᠡᠮᠦᠨ᠎ᠡ ᠬᠤᠳᠠ ᠲᠣᠭᠤᠷᠢᠭ ᠤᠨ ᠬᠡᠷᠡᠭ ᠡᠷᠬᠢᠯᠡᠬᠦ ᠭᠠᠵᠠᠷ ᠬᠢᠭᠡᠳ ᠬᠤᠯᠪᠣᠭᠳᠠᠯ ᠪᠥᠬᠦᠢ ᠰᠠᠯᠠᠭ᠎ᠠ ᠮᠥᠴᠢᠷ ᠤᠳ ᠲᠠᠷᠢᠶᠠᠯᠠᠬᠤ ᠮᠠᠯᠵᠢᠬᠤ ᠣᠷᠣᠨ ᠤ ᠪᠥᠳᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠡᠮᠦᠨᠡᠬᠢ ᠬᠤᠭᠤᠴᠠᠭ᠎ᠠ᠂ ᠠᠬᠢᠴᠠ᠂ ᠠᠶᠤᠯ ᠥᠭᠡᠢ ᠶᠢᠨ ᠬᠠᠮᠢᠶᠠᠷᠤᠯᠲᠠ ᠵᠡᠷᠭᠡ ᠬᠠᠮᠢᠶ᠎ᠠ ᠪᠥᠬᠦᠢ ᠠᠵᠢᠯ ᠢ ᠰᠠᠶᠢᠲᠤᠷ ᠬᠢᠵᠦ᠂ ᠪᠥᠳᠥᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢ ᠴᠢᠩᠳᠠᠯᠠᠨ᠂ ᠠᠶᠤᠯ ᠥᠭᠡᠢ ᠶᠢᠨ ᠪᠠᠲᠤᠯᠠᠭ᠎ᠠ ᠶᠢ ᠴᠢᠬᠤᠯᠠᠴᠢᠯᠠᠬᠤ ᠬᠡᠷᠡᠭᠲᠡᠶ᠃ ᠵᠠᠮ ᠬᠠᠷᠢᠯᠴᠠᠭ᠎ᠠ ᠲᠡᠭᠡᠭᠡᠪᠦᠷᠢ᠂ ᠪᠠᠶᠢᠭᠠᠯᠢ ᠶᠢᠨ ᠡᠬᠢ ᠪᠠᠶᠠᠯᠢᠭ᠂ ᠠᠮᠢ ᠠᠬᠤᠶ ᠶᠢᠨ ᠣᠷᠴᠢᠨ ᠲᠣᠭᠤᠷᠢᠨ ᠵᠡᠷᠭᠡ ᠰᠠᠯᠠᠭ᠎ᠠ ᠮᠥᠴᠢᠷ ᠤᠨ ᠠᠵᠢᠯ ᠤᠨ ᠬᠠᠮᠵᠢᠯᠴᠠᠬᠤ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠵᠡᠷᠭᠡᠪᠡᠷ ᠠᠳᠬᠤᠨ ᠬᠠᠮᠲᠤᠪᠠᠷ ᠬᠠᠮᠢᠶᠠᠷᠬᠤ ᠶᠢ ᠪᠠᠷᠢᠮᠲᠠᠯᠠᠨ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠶᠢᠨ ᠶᠠᠰᠤ ᠴᠢᠨᠠᠷ ᠪᠠ ᠠᠮᠤᠷ ᠲᠦᠪᠰᠢᠨ ᠤ ᠬᠢᠷᠢ ᠬᠡᠮᠵᠢᠶ᠎ᠡ ᠶᠢ ᠪᠥᠬᠦ ᠬᠦᠴᠦᠨ ᠢᠶᠠᠷ ᠢᠶᠠᠨ ᠳᠡᠭᠡᠭᠰᠢᠯᠡᠭᠦᠯᠬᠦ ᠬᠡᠷᠡᠭᠲᠡᠶ᠃           ︵ᠬᠤᠶᠠᠷ︶ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠠᠷᠠᠴᠢᠯᠠᠨ ᠬᠠᠮᠠᠭᠠᠯᠠᠬᠤ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠶ      ᠪᠥᠬᠦ ᠬᠤᠲᠠ ᠶᠢᠨ ᠨᠢᠭᠡᠳᠦᠯᠲᠡᠶ ᠬᠠᠤᠯᠢ ᠬᠡᠷᠡᠭᠵᠢᠭᠦᠯᠬᠦ᠂ ᠡᠯ᠎ᠡ ᠰᠢᠶᠠᠩ ᠪᠠᠯᠭᠠᠰᠤ᠂ ᠬᠤᠳᠠ ᠶᠢᠨ ᠡᠮᠦᠨ᠎ᠡ ᠲᠣᠭᠤᠷᠢᠭ ᠤᠨ ᠬᠡᠷᠡᠭ ᠡᠷᠬᠢᠯᠡᠬᠦ ᠭᠠᠵᠠᠷ ᠵᠢᠴᠢ ᠡᠯ᠎ᠡ ᠵᠠᠰᠠᠭ ᠵᠠᠬᠢᠷᠭᠠᠨ ᠤ ᠲᠣᠰᠬᠤᠨ ᠤ ᠬᠠᠮᠵᠢᠯᠴᠠᠨ ᠬᠠᠤᠯᠢ ᠬᠡᠷᠡᠭᠵᠢᠭᠦᠯᠬᠦ ᠠᠵᠢᠯ ᠤᠨ ᠵᠠᠭᠪᠤᠷ ᠢ ᠢᠳᠡᠪᠬᠢᠲᠡᠶ ᠪᠠᠷ ᠠᠬᠢᠭᠤᠯᠵᠤ᠂ ᠵᠠᠮ ᠤᠨ ᠦᠢᠯᠡᠳᠪᠦᠷᠢᠯᠡᠯ ᠵᠠᠮ ᠤᠨ ᠡᠷᠬᠡ ᠶᠢ ᠦᠨᠡᠨᠬᠦ ᠬᠠᠮᠠᠭᠠᠯᠠᠨ᠎ᠠ᠃ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠲᠠᠢ ᠤᠶᠠᠯᠳᠤᠭᠤᠯᠤᠨ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠣᠷᠴᠢᠨ ᠲᠣᠭᠤᠷᠢᠨ ᠢ ᠶᠡᠬᠡᠪᠡᠷ ᠴᠡᠭᠴᠡᠯᠡᠨ ᠵᠠᠰᠠᠵᠤ᠂ ᠵᠠᠮ ᠤᠨ ᠴᠠᠭᠳᠠᠭ᠎ᠠ ᠶᠢᠨ ᠬᠠᠮᠲᠤᠷᠠᠨ ᠬᠠᠤᠯᠢ ᠬᠡᠷᠡᠭᠵᠢᠭᠦᠯᠵᠦ ᠵᠠᠰᠠᠬᠤ ᠶᠢ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠬᠤ ᠶᠢ ᠠᠬᠢᠭᠤᠯᠤᠨ᠎ᠠ᠃ ᠬᠤᠯᠪᠣᠭᠳᠠᠯ ᠪᠥᠬᠦᠶ ᠱᠠᠭᠠᠷᠳᠠᠯᠭ᠎ᠠ ᠶᠣᠰᠣᠭᠠᠷ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠮᠡᠷᠭᠡᠵᠢᠯ ᠤᠨ ᠪᠠᠶᠢᠳᠠᠯ ᠢ ᠦᠨᠡᠯᠡᠨ ᠲᠣᠭᠲᠠᠭᠠᠬᠤ ᠶᠢ ᠴᠠᠭ ᠲᠤᠨᠢ ᠳᠣᠭᠢᠷᠠᠭᠤᠯᠤᠨ ᠵᠣᠬᠢᠶᠠᠨ ᠪᠠᠶᠢᠭᠤᠯᠤᠨ ᠥᠷᠨᠢᠭᠦᠯᠵᠦ᠂ ᠰᠢᠨᠵᠢᠯᠡᠬᠦ ᠤᠬᠠᠭᠠᠨᠴᠢ ᠪᠠᠷ ᠠᠷᠠᠴᠢᠯᠠᠨ ᠬᠠᠮᠠᠭᠠᠯᠠᠬᠤ᠂ ᠡᠳᠦᠷ ᠲᠤᠲᠤᠮ ᠤᠨ ᠠᠷᠠᠴᠢᠯᠠᠨ ᠬᠠᠮᠠᠭᠠᠯᠠᠬᠤ ᠶᠢ ᠦᠨᠡᠨᠬᠦ ᠪᠡᠶᠡᠯᠡᠭᠦᠯᠬᠦ ᠬᠡᠷᠡᠭᠲᠡᠶ᠃ ᠬᠡᠷᠡᠭᠯᠡᠭᠰᠡᠨ ᠴᠠᠭ ᠨᠢ ᠣᠷᠳᠣ᠂ ᠬᠥᠭᠦᠷᠭᠡ ᠶᠢᠨ ᠬᠡᠯᠪᠡᠷᠢ ᠶᠢᠨ ᠪᠦᠲᠦᠴᠡ ᠪᠠ ᠪᠠᠷᠢᠯᠭ᠎ᠠ ᠶᠢᠨ ᠤᠷᠠᠨ ᠳᠠᠷᠬ᠎ᠠ ᠪᠠᠷ ᠬᠤᠴᠣᠷᠤᠩᠭᠤᠶ ᠬᠥᠭᠦᠷᠭᠡ ᠶᠢ ᠮᠥᠷᠳᠡᠵᠦ ᠬᠢᠨᠠᠨ ᠬᠡᠮᠵᠢᠬᠦ ᠶᠢ ᠴᠢᠩᠭᠠᠳᠬᠠᠵᠤ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠨᠤᠷᠠᠬᠤ ᠠᠶᠤᠯᠲᠠᠶ ᠬᠥᠭᠦᠷᠭᠡ ᠶᠢ ᠴᠠᠭ ᠲᠤᠬᠠᠶ ᠳᠤᠨᠢ ᠰᠢᠢᠳᠪᠦᠷᠢᠯᠡᠬᠦ ᠬᠡᠷᠡᠭᠲᠡᠶ᠃ ᠬᠠᠶᠠᠭᠳᠠᠮᠠᠯ ᠬᠠᠭᠤᠴᠢᠨ ᠵᠠᠮ ᠤᠨ ᠭᠠᠳᠠᠷᠭᠤ ᠶᠢᠨ ᠮᠠᠲ᠋ᠧᠷᠢᠶᠠᠯ᠂ ᠳᠤᠭᠤᠶᠢᠯᠠᠪᠤᠷᠢ᠂ ᠪᠠᠷᠢᠯᠭ᠎ᠠ ᠶᠢᠨ ᠬᠤᠭ ᠨᠣᠪᠰᠢ ᠵᠡᠷᠭᠡ ᠬᠠᠶᠠᠭᠳᠠᠮᠠᠯ ᠪᠣᠳᠠᠰ ᠢ ᠣᠷᠴᠢᠯᠳᠤᠭᠤᠯᠤᠨ ᠠᠰᠢᠭᠯᠠᠬᠤ ᠮᠡᠷᠭᠡᠵᠢᠯ ᠢ ᠢᠳᠡᠪᠬᠢᠲᠡᠶ ᠪᠠᠷ ᠳᠡᠯᠭᠡᠷᠡᠭᠦᠯᠦᠨ᠎ᠡ᠃ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠣᠨᠴᠠᠯᠢᠭ ᠲᠤ ᠨᠡᠶᠢᠴᠡᠭᠰᠡᠨ ᠠᠷᠠᠴᠢᠯᠠᠨ ᠬᠠᠮᠠᠭᠠᠯᠠᠬᠤ ᠠᠵᠢᠯ ᠤᠨ ᠬᠠᠮᠢᠶᠠᠷᠤᠯᠲᠠ ᠶᠢᠨ ᠲᠦᠷᠢᠮ ᠢ ᠪᠠᠶᠢᠭᠤᠯᠤᠨ ᠪᠦᠷᠢᠨᠰᠢᠬᠦᠯᠦᠨ᠎ᠠ᠃ ᠡᠯ᠎ᠡ ᠱᠠᠲᠤᠨ ᠤ ᠵᠠᠮ ᠢ ᠴᠡᠪᠡᠷ ᠴᠡᠮᠴᠡᠭᠡᠷ ᠪᠠᠶᠢᠯᠭᠠᠬᠤ ᠶᠢ ᠪᠠᠲᠤᠯᠠᠬᠤ ᠬᠡᠷᠡᠭᠲᠡᠶ᠃ ᠵᠠᠮ ᠤᠨ ᠭᠠᠳᠠᠷᠭᠤ ᠶᠢᠨ ᠰᠠᠭᠠᠳ ᠪᠠ ᠠᠰᠬᠠᠭᠰᠠᠨ ᠪᠣᠳᠠᠰ ᠢ ᠴᠠᠭ ᠲᠤᠬᠠᠶ ᠳᠤᠨᠢ ᠴᠡᠪᠡᠷᠯᠡᠵᠦ᠂ ᠵᠠᠮ ᠤᠨ ᠰᠠᠭᠤᠷᠢ᠂ ᠬᠠᠵᠠᠭᠤ ᠶᠢᠨ ᠬᠠᠵᠠᠭᠤ ᠶᠢᠨ ᠬᠡᠪᠴᠢᠶᠡᠨ ᠳᠣᠲᠣᠷᠠᠬᠢ ᠣᠪᠣᠭᠠᠯᠠᠭᠰᠠᠨ ᠪᠣᠳᠠᠰ ᠢ ᠴᠡᠪᠡᠷᠯᠡᠨ ᠠᠷᠢᠯᠭᠠᠬᠤ ᠬᠡᠷᠡᠭᠲᠡᠶ᠃ ᠬᠠᠮᠢᠶᠠᠷᠤᠯᠲᠠ ᠶᠢᠨ ᠬᠡᠰᠡᠭ ᠤᠨ ᠵᠠᠮ ᠱᠤᠭᠤᠮ᠂ ᠰᠠᠭᠤᠭᠠᠯᠢ ᠡᠷᠦᠬᠡ᠂ ᠳᠡᠯᠭᠡᠭᠦᠷ᠂ ᠠᠵᠤ ᠠᠬᠤᠶᠢᠯᠠᠯ ᠪᠣᠯᠤᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠵᠠᠷ ᠤᠨ ᠬᠠᠮᠢᠶᠠᠷᠤᠯᠲᠠ ᠶᠢ ᠴᠢᠩᠭᠠᠳᠬᠠᠵᠤ᠂ ᠵᠠᠰᠠᠮᠠᠯ ᠵᠠᠮ ᠵᠢᠴᠢ ᠵᠠᠰᠠᠮᠠᠯ ᠵᠠᠮ ᠤᠨ ᠬᠡᠷᠡᠭᠯᠡᠬᠦ ᠭᠠᠵᠠᠷ ᠢ ᠡᠵᠡᠯᠡᠨ ᠡᠳ᠋ ᠣᠪᠣᠭᠠᠯᠠᠵᠤ ᠮᠠᠲ᠋ᠧᠷᠢᠶᠠᠯ ᠲᠠᠯᠪᠢᠬᠤ ᠶᠢ ᠴᠠᠭᠠᠵᠠᠯᠠᠵᠤ᠂ ᠵᠠᠮ ᠤᠨ ᠨᠢᠭᠤᠷ ᠤᠷᠤᠭᠤ ᠤᠰᠤ ᠵᠠᠯᠠᠬᠤ᠂ ᠪᠣᠬᠢᠷᠲᠤᠯ ᠭᠠᠳᠠᠭᠰᠢᠯᠠᠭᠤᠯᠬᠤ ᠶᠢ ᠴᠠᠭᠠᠵᠠᠯᠠᠵᠤ᠂ ᠵᠠᠰᠠᠮᠠᠯ ᠵᠠᠮ ᠢ ᠠᠰᠢᠭᠯᠠᠨ ᠠᠮᠤ ᠪᠤᠳᠠᠭ᠎ᠠ ᠬᠠᠳᠠᠬᠤ ᠶᠢ ᠬᠤᠷᠢᠭᠯᠠᠨ ᠵᠣᠭᠰᠣᠭᠠᠵᠤ᠂ ᠬᠠᠯᠬᠠᠪᠴᠢ ᠬᠡᠷᠡᠰᠬᠡ᠂ ᠨᠣᠭᠤᠭᠠᠷᠠᠭᠤᠯᠤᠯᠲᠠ ᠶᠢᠨ ᠪᠦᠰᠡ ᠵᠡᠷᠭᠡ ᠪᠡᠯᠡᠳᠬᠡᠮᠵᠢ ᠳᠡᠭᠡᠷ᠎ᠡ ᠬᠠᠳᠠᠬᠤ ᠶᠢ ᠬᠤᠷᠢᠭᠯᠠᠨ ᠵᠣᠭᠰᠣᠭᠠᠵᠤ᠂ ᠵᠠᠰᠠᠮᠠᠯ ᠵᠠᠮ ᠤᠨ ᠲᠡᠮᠳᠡᠭ ᠤᠨ ᠫᠠᠶᠢᠰᠠ ᠪᠠᠷ ᠪᠦᠷᠢᠯᠳᠦᠭᠰᠡᠨ ᠰᠠᠭᠠᠳ ᠪᠣᠳᠠᠰ ᠢ ᠴᠡᠪᠡᠷᠯᠡᠨ ᠠᠷᠢᠯᠭᠠᠵᠤ᠂ ᠵᠠᠰᠠᠮᠠᠯ ᠵᠠᠮ ᠤᠨ ᠤᠰᠤᠨ ᠳᠤ ᠡᠪᠳᠡᠭᠳᠡᠭᠰᠡᠨ᠂ ᠵᠠᠮ ᠤᠨ ᠨᠢᠭᠤᠷ ᠡᠪᠳᠡᠷᠡᠭᠰᠡᠨ᠂ ᠪᠡᠯᠡᠳᠬᠡᠮᠵᠢ ᠳᠤᠲᠠᠭᠳᠠᠭᠰᠠᠨ ᠪᠠᠶᠢᠬᠤ ᠶᠢ ᠣᠯᠵᠤ ᠮᠡᠳᠡᠪᠡᠯ ᠵᠣᠬᠢᠬᠤ ᠬᠠᠷᠢᠭᠤᠴᠠᠯᠭᠠᠲᠠᠨ ᠳᠤ ᠴᠠᠭ ᠲᠤᠬᠠᠶ ᠳᠤᠨᠢ ᠮᠡᠳᠡᠭᠳᠡᠵᠦ ᠪᠦᠲᠦᠮᠵᠢᠲᠡᠶ  ᠰᠢᠢᠳᠪᠦᠷᠢᠯᠡᠬᠦᠯᠬᠦ ᠬᠡᠷᠡᠭᠲᠡᠶ᠃ ᠵᠠᠰᠠᠮᠠᠯ ᠵᠠᠮ ᠤᠨ ᠬᠤᠶᠠᠷ ᠬᠠᠵᠠᠭᠤ ᠶᠢᠨ ᠨᠣᠭᠤᠭᠠᠷᠠᠭᠤᠯᠤᠯᠲᠠ᠂ ᠭᠤᠶᠤᠵᠢᠭᠤᠯᠤᠯᠲᠠ ᠶᠢ ᠴᠢᠩᠭᠠᠳᠬᠠᠵᠤ᠂ ᠵᠠᠮ ᠳᠠᠭᠠᠭᠰᠠᠨ ᠮᠣᠳᠣ ᠶᠢ ᠳᠤᠷ᠎ᠠ ᠪᠠᠷ ᠢᠶᠠᠨ ᠣᠭᠲᠣᠯᠬᠤ ᠶᠢ ᠴᠢᠩᠭ᠎ᠠ ᠴᠠᠭᠠᠵᠠᠯᠠᠨ᠎ᠠ᠃ ᠵᠠᠰᠠᠮᠠᠯ ᠵᠠᠮ ᠳᠠᠭᠠᠤ ᠶᠢᠨ ᠡᠵᠡᠮᠳᠡᠯ ᠤᠨ ᠣᠷᠣᠨ ᠳᠤ ᠡᠭᠦᠷᠢᠳᠡ ᠶᠢᠨ ᠴᠢᠨᠠᠷᠲᠠᠶ ᠪᠠᠷᠢᠯᠭ᠎ᠠ ︵ᠵᠠᠰᠠᠮᠠᠯ ᠵᠠᠮ ᠳᠠᠭᠠᠤ ᠶᠢᠨ ᠬᠡᠪᠴᠢᠶᠡᠨ ᠳᠠᠬᠢ ᠤᠯᠤᠰ ᠤᠨ ᠵᠠᠮ ᠢ 20 ᠮᠧᠲᠷ ᠠᠴᠠ ᠳᠤᠲᠠᠭᠤ ᠥᠬᠡᠶ᠂ ᠮᠤᠵᠢ ᠶᠢᠨ ᠵᠠᠮ ᠢ 15 ᠮᠧᠲᠷ ᠠᠴᠠ ᠳᠤᠲᠠᠭᠤ ᠥᠬᠡᠶ᠂ ᠰᠢᠶᠠᠨ ᠤ ᠵᠠᠮ ᠢ 10 ᠮᠧᠲᠷ ᠠᠴᠠ ᠳᠤᠲᠠᠭᠤ ᠥᠬᠡᠶ᠂ ᠬᠥᠳᠡᠭᠡ ᠲᠣᠰᠬᠤᠨ ᠤ ᠵᠠᠮ ᠢ 5 ᠮᠧᠲᠷ ᠠᠴᠠ ᠳᠤᠲᠠᠭᠤ ᠥᠬᠡᠶ︶ ᠪᠠᠶᠢᠭᠤᠯᠬᠤ ᠶᠢ ᠴᠢᠩᠭ᠎ᠠ ᠴᠠᠭᠠᠵᠠᠯᠠᠨ᠎ᠠ᠃ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠭ᠎ᠠ ᠪᠠᠶᠢᠳᠠᠯ ᠢ ᠡᠬᠢ ᠡᠭᠦᠰᠦᠯ ᠠᠴᠠ ᠨᠢ ᠵᠠᠰᠠᠬᠤ ᠶᠢ ᠥᠷᠨᠢᠭᠦᠯᠵᠦ᠂ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠭ᠎ᠠ ᠰᠡᠵᠢᠭᠯᠡᠯᠲᠡᠶ ᠲᠡᠷᠭᠡ ᠬᠥᠰᠬᠡ ᠶᠢ ᠣᠯᠵᠤ ᠮᠡᠳᠡᠪᠡᠯ᠂ ᠵᠠᠰᠠᠮᠠᠯ ᠵᠠᠮ ᠤᠨ ᠵᠠᠮ ᠤᠨ ᠶᠠᠪᠤᠳᠠᠯ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠴᠠᠭ ᠲᠤᠬᠠᠶ ᠳᠤᠨᠢ ᠢᠯᠡᠴᠢᠯᠡᠨ ᠮᠡᠳᠡᠭᠦᠯᠬᠦ ᠬᠡᠷᠡᠭᠲᠡᠶ︔ ᠵᠠᠰᠠᠮᠠᠯ ᠵᠡᠮ ᠢ ᠡᠪᠳᠡᠵᠦ ᠪᠣᠬᠢᠷᠲᠤᠭᠤᠯᠤᠭᠰᠠᠨ ᠤᠢᠢᠯᠠ ᠠᠵᠢᠯᠯᠠᠭ᠎ᠠ ᠶᠢ ᠣᠯᠵᠤ ᠮᠡᠳᠡᠪᠡᠯ᠂ ᠲᠤᠬᠠᠶ ᠶᠢᠨ ᠲᠠᠯᠠᠪᠤᠷ ᠢ ᠰᠠᠶᠢᠲᠤᠷ ᠬᠠᠮᠠᠭᠠᠯᠠᠬᠤ ᠶᠢᠨ ᠬᠠᠮᠲᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠲᠤ ᠴᠠᠭ ᠲᠤᠬᠠᠶ ᠳᠤᠨᠢ ᠮᠡᠳᠡᠭᠳᠡᠵᠦ ᠪᠠᠶᠢᠴᠠᠭᠠᠨ ᠰᠢᠢᠳᠪᠦᠷᠢᠯᠡᠬᠦᠯᠬᠦ ᠬᠡᠷᠡᠭᠲᠡᠶ᠃ ᠵᠠᠮ ᠬᠠᠷᠢᠯᠴᠠᠭᠠᠨ ᠤ ᠠᠭᠤᠯᠵᠠᠷ ᠢ ᠳᠤᠷ᠎ᠠ ᠪᠠᠷ ᠢᠶᠠᠨ ᠰᠢᠨ᠎ᠡ ᠪᠠᠷ ᠨᠡᠮᠡᠵᠦ ᠲᠡᠭᠰᠢᠯᠡᠬᠦ ᠶᠢ ᠬᠤᠷᠢᠭᠯᠠᠨ ᠵᠣᠭᠰᠣᠭᠠᠵᠤ᠂ ᠠᠮᠤᠷ ᠲᠦᠪᠰᠢᠨ ᠤ ᠳᠠᠯᠳᠠ ᠭᠡᠮ ᠭᠠᠷᠬᠤ ᠶᠢ ᠰᠡᠷᠭᠡᠶᠢᠯᠡᠨ ᠬᠤᠷᠢᠭᠯᠠᠨ᠎ᠠ᠃        ︵ᠭᠤᠷᠪᠠ︶ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠤᠨ ᠡᠵᠡᠩᠨᠡᠯᠲᠡ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠶ    ᠬᠤᠳᠠ ᠬᠥᠳᠡᠭᠡ ᠶᠢᠨ ᠠᠶᠠᠨᠴᠢᠳ ᠤᠨ ᠲᠡᠭᠡᠭᠡᠪᠦᠷᠢ ᠶᠢ ᠨᠢᠭᠡ ᠴᠤᠭᠴᠠᠵᠢᠭᠤᠯᠬᠤ ᠪᠦᠳᠦᠭᠡᠨ ᠪᠠᠶᠢᠭᠤᠯᠤᠯᠲᠠ ᠶᠢ ᠢᠳᠡᠪᠬᠢᠲᠡᠶ ᠪᠠᠷ ᠲᠦᠯᠬᠢᠨ ᠠᠬᠢᠭᠤᠯᠵᠤ᠂ ᠬᠥᠳᠡᠭᠡ ᠲᠣᠰᠬᠤᠨ ᠤ ᠠᠶᠠᠨᠴᠢᠳ ᠤᠨ ᠲᠡᠭᠡᠭᠡᠪᠦᠷᠢ ᠶᠢᠨ ᠡᠭᠡᠯᠵᠢ ᠶᠢᠨ ᠱᠤᠭᠤᠮ ᠤᠨ ᠨᠡᠪᠲᠡᠷᠡᠬᠦ ᠥᠷᠭᠡᠴᠡ ᠪᠠ ᠭᠦᠨᠴᠡ ᠶᠢ ᠦᠷᠭᠦᠯᠵᠢᠯᠡᠨ ᠳᠡᠭᠡᠭᠰᠢᠯᠡᠭᠦᠯᠵᠦ᠂ ᠬᠥᠳᠡᠭᠡ ᠲᠣᠰᠬᠤᠨ ᠤ ᠠᠶᠠᠨᠴᠢᠳ ᠤᠨ ᠲᠡᠭᠡᠭᠡᠪᠦᠷᠢ ᠶᠢᠨ ᠡᠭᠡᠯᠵᠢ ᠶᠢᠨ ᠱᠤᠭᠤᠮ ᠤᠨ ᠨᠡᠶᠢᠲᠡ ᠶᠢᠨ ᠨᠢᠭᠡ ᠪᠦᠯᠦᠭ ︽ᠤᠯᠠᠨ ᠦᠷᠳᠡᠭᠡ ᠶᠢ ᠨᠢᠭᠡᠳᠬᠡᠭᠰᠡᠨ᠂ ᠨᠢᠭᠡ ᠦᠷᠳᠡᠭᠡ ᠤᠯᠠᠨ ᠴᠢᠳᠠᠪᠤᠷᠢ ᠲᠠᠢ︾ ᠰᠢᠶᠠᠩ ᠪᠠᠯᠭᠠᠰᠤᠨ ᠤ ᠶᠡᠷᠦᠩᠬᠡᠶᠢᠯᠡᠭᠰᠡᠨ ᠲᠡᠭᠡᠭᠡᠪᠦᠷᠢ ᠶᠢᠨ ᠦᠢᠯᠡᠴᠢᠯᠡᠭᠡᠨ ᠤ ᠦᠷᠳᠡᠭᠡ ᠪᠠ ᠵᠠᠮ ᠬᠠᠷᠢᠯᠴᠠᠭᠠᠨ ᠤ ᠠᠮᠤᠷ ᠲᠦᠪᠰᠢᠨ ᠤ ᠢᠳᠬᠠᠨ ᠰᠤᠷᠭᠠᠬᠤ ᠦᠷᠳᠡᠭᠡ ᠶᠢ ᠰᠢᠨ᠎ᠡ ᠪᠠᠷ ᠪᠠᠶᠢᠭᠤᠯᠵᠤ ᠥᠭᠡᠷᠡᠴᠢᠯᠡᠨ ᠪᠠᠶᠢᠭᠤᠯᠵᠤ᠂ ᠡᠬᠢ ᠪᠠᠶᠠᠯᠢᠭ ᠢ ᠪᠦᠷᠢᠯᠭᠡᠨ ᠰᠦᠢᠳᠬᠡᠬᠦ ᠠᠴᠠ ᠵᠠᠶᠢᠯᠠᠰᠬᠢᠨ᠎ᠡ᠃ ᠪᠠᠷᠠᠭᠠᠨ ᠤ   ᠬᠦᠢᠯᠭᠡᠭᠡᠨ ᠤ ᠲᠣᠤᠷ ᠰᠦᠯᠵᠢᠶ᠎ᠡ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠬᠤᠲᠠ ᠳᠤ ᠣᠷᠣᠭᠤᠯᠬᠤ ᠪᠠ ᠠᠵᠤ ᠦᠢᠯᠡᠳᠪᠤᠷᠢ ᠶᠢᠨ ᠪᠦᠲᠦᠭᠡᠭᠳᠡᠬᠦᠨ ᠢ ᠬᠥᠳᠡᠭᠡ ᠪᠠᠭᠤᠯᠭᠠᠬᠤ ᠬᠤᠤᠰ ᠴᠢᠭᠯᠡᠯᠲᠦ ᠬᠦᠢᠯᠭᠡᠭᠡᠨ ᠤ ᠠᠷᠭ᠎ᠠ ᠵᠠᠮ ᠢ ᠰᠠᠭᠠᠳ ᠥᠬᠡᠶᠪᠤᠯᠭᠠᠬᠤ ᠬᠡᠷᠡᠭᠳᠡᠢ᠃     ᠵᠢᠷᠭᠤᠭ᠎ᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ     ︵ᠨᠢᠭᠡ︶ ᠠᠯᠪᠠᠨ ᠵᠠᠷ ᠤᠨ ᠤᠬᠠᠭᠤᠯᠭ᠎ᠠ ᠶᠢ ᠴᠢᠩᠭᠠᠳᠬᠠᠨ᠎ᠠ    ᠬᠠᠮᠢᠶ᠎ᠠ ᠪᠥᠬᠦᠶ ᠵᠠᠭᠤᠴᠢᠯᠠᠭᠤᠷ ᠲᠤ ︽ᠶᠡᠷᠦᠩᠬᠡᠶ ᠵᠠᠮ ᠤᠨ ᠳᠠᠷᠤᠭ᠎ᠠ᠂ ᠵᠠᠮ ᠤᠨ ᠳᠠᠷᠤᠭ᠎ᠠ︾ ᠶᠢᠨ ᠨᠡᠷᠡᠰ ᠢ ᠵᠠᠷᠯᠠᠨ ᠨᠡᠶᠢᠲᠡᠯᠡᠵᠦ᠂ ᠭᠤᠤᠯ ᠪᠣᠯᠬᠤ ᠵᠠᠰᠠᠮᠠᠯ ᠵᠠᠮ ᠤᠨ ᠢᠯᠡ ᠪᠠᠶᠢᠷᠢᠨ ᠳᠤ ᠵᠠᠮ ᠤᠨ ᠳᠠᠷᠤᠭ᠎ᠠ ᠶᠢᠨ ᠢᠯᠡ ᠨᠡᠶᠢᠲᠡᠯᠡᠬᠦ ᠫᠠᠶᠢᠰᠠ ᠳᠣᠭᠢᠷᠠᠭᠤᠯᠤᠨ᠂ ᠵᠠᠮ ᠤᠨ ᠳᠠᠷᠤᠭ᠎ᠠ ᠶᠢᠨ ᠡᠭᠦᠷᠭᠡ ᠬᠠᠷᠢᠭᠤᠴᠠᠯᠭ᠎ᠠ᠂ ᠵᠠᠰᠠᠮᠠᠯ ᠵᠠᠮ ᠤᠨ ᠲᠦᠢᠮᠣ ᠪᠠᠶᠢᠳᠠᠯ᠂ ᠬᠠᠮᠢᠶᠠᠷᠴᠤ ᠬᠠᠮᠠᠭᠠᠯᠠᠬᠤ ᠬᠠᠷᠠᠯᠲᠠ᠂ ᠬᠢᠨᠠᠯᠲᠠ ᠲᠠᠯᠪᠢᠬᠤ ᠳ᠋ᠢᠶᠠᠩᠬᠤᠸᠠ ᠵᠡᠷᠭᠡ ᠠᠭᠤᠯᠭ᠎ᠠ ᠶᠢ ᠲᠣᠳᠣᠷᠬᠠᠶᠢᠯᠠᠵᠤ᠂ ᠨᠡᠶᠢᠭᠡᠮ ᠤᠨ ᠬᠢᠨᠠᠯᠲᠠ ᠶᠢ ᠬᠦᠯᠢᠶᠡᠨ᠎ᠡ᠃ ᠡᠭᠦᠨ ᠤ ᠵᠡᠷᠭᠡᠴᠡᠭᠡᠪᠡᠷ᠂ ᠡᠯ᠎ᠡ ᠰᠢᠶᠠᠩ ᠪᠠᠯᠭᠠᠰᠤ᠂ ᠨᠠᠨᠴᠤᠩ ᠲᠣᠭᠤᠷᠢᠭ ᠤᠨ ᠬᠡᠷᠡᠭ ᠡᠷᠬᠢᠯᠡᠬᠦ ᠭᠠᠵᠠᠷ ᠪᠣᠯᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠵᠠᠮ ᠤᠨ ᠳᠠᠷᠤᠭ᠎ᠠ ᠶᠢᠨ ᠳᠦᠷᠢᠮ ᠤᠨ ᠤᠬᠠᠭᠤᠯᠭ᠎ᠠ ᠶᠢ ᠶᠡᠭᠡ ᠪᠠᠷ ᠥᠷᠨᠢᠭᠦᠯᠵᠦ᠂ ᠠᠵᠢᠯ ᠤᠨ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠵᠤ᠂ ᠥᠷᠭᠡᠨ ᠤᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠬᠥᠳᠡᠭᠡ ᠲᠣᠰᠬᠤᠨ ᠤ ᠵᠠᠰᠠᠮᠠᠯ ᠵᠠᠮ ᠤᠨ ᠬᠠᠮᠢᠶᠠᠷᠤᠯᠲᠠ ᠠᠷᠠᠴᠢᠯᠠᠭ᠎ᠠ ᠳᠤ ᠢᠳᠡᠪᠬᠢᠲᠡᠶ ᠣᠷᠣᠯᠴᠠᠭᠤᠯᠵᠤ᠂ ᠪᠦᠬᠦ ᠨᠡᠶᠢᠭᠡᠮ ᠤᠨ ᠵᠠᠰᠠᠮᠠᠯ ᠵᠠᠮ ᠤᠨ ᠬᠠᠮᠢᠶᠠᠷᠤᠯᠲᠠ ᠠᠷᠠᠴᠢᠯᠠᠭ᠎ᠠ ᠶᠢᠨ ᠬᠠᠷᠢᠭᠤᠴᠠᠯᠭ᠎ᠠ ᠶᠢᠨ ᠤᠬᠠᠮᠰᠠᠷ ᠪᠣᠯᠤᠨ ᠣᠷᠣᠯᠴᠠᠬᠤ ᠤᠬᠠᠮᠰᠠᠷ ᠢ ᠨᠡᠮᠡᠭᠳᠡᠬᠦᠯᠦᠨ᠎ᠡ᠃    ︵ᠬᠤᠶᠠᠷ︶ ᠬᠠᠮᠳᠤᠷᠠᠨ ᠬᠠᠮᠵᠢᠯᠴᠠᠬᠤ ᠶᠢ ᠴᠢᠩᠭᠠᠳᠬᠠᠨ᠎ᠠ    ︽ᠵᠠᠰᠠᠭ ᠤᠨ ᠣᠷᠳᠣᠨ ᠭᠤᠣᠯᠯᠠᠨ ᠤᠳᠤᠷᠢᠳᠬᠤ᠂ ᠡᠯ᠎ᠡ ᠱᠠᠲᠤᠨ ᠤ ᠵᠠᠮ ᠤᠨ ᠳᠠᠷᠤᠭ᠎ᠠ ᠱᠠᠲᠤ ᠬᠤᠪᠢᠶᠠᠨ ᠬᠠᠷᠢᠭᠤᠴᠠᠬᠤ᠂ ᠡᠯ᠎ᠡ ᠰᠠᠯᠠᠭ᠎ᠠ ᠮᠥᠴᠢᠷ ᠲᠤᠰ ᠲᠤᠰ ᠤᠨ ᠬᠠᠷᠢᠭᠤᠴᠠᠯᠭ᠎ᠠ ᠪᠠᠨ ᠭᠦᠢᠴᠡᠳᠬᠡᠬᠦ᠂ ᠪᠦᠬᠦ ᠨᠡᠶᠢᠭᠡᠮ ᠢᠶᠠᠷ ᠢᠶᠠᠨ ᠬᠠᠮᠲᠤ ᠪᠠᠷ ᠣᠷᠣᠯᠴᠠᠬᠤ︾ ᠠᠵᠢᠯ ᠤᠨ ᠲᠣᠭᠲᠠᠴᠠ ᠪᠠ ᠵᠣᠬᠢᠴᠠᠭᠤᠯᠵᠤ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠵᠤ᠂ ᠵᠠᠮ ᠤᠨ ᠳᠠᠷᠤᠭ᠎ᠠ ᠶᠢᠨ ᠲᠦᠷᠢᠮ ᠢ ᠬᠡᠷᠡᠭᠵᠢᠭᠦᠯᠬᠦ ᠶᠢ ᠪᠥᠬᠦ ᠬᠦᠴᠦᠨ ᠢᠶᠠᠷ ᠢᠶᠠᠨ ᠳᠡᠮᠵᠢᠵᠦ᠂ ᠵᠠᠮ ᠤᠨ ᠶᠡᠷᠦᠩᠬᠡᠶ ᠳᠠᠷᠤᠭ᠎ᠠ ᠶᠢᠨ ᠵᠣᠬᠢᠴᠠᠭᠤᠯᠭ᠎ᠠ ᠪᠠ ᠬᠠᠮᠢᠶᠠᠷᠤᠯᠲᠠ ᠶᠢ ᠤᠬᠠᠮᠰᠠᠷ ᠠᠴᠠ ᠪᠠᠨ ᠳᠠᠭᠠᠵᠤ᠂ ᠠᠵᠢᠯᠲᠠᠨ ᠪᠠ ᠪᠠᠯᠠ ᠮᠥᠩᠭᠦ ᠶᠢᠨ ᠣᠷᠣᠭᠤᠯᠤᠯᠲᠠ ᠶᠢ ᠬᠠᠷᠢᠯᠴᠠᠨ ᠤᠶᠠᠯᠳᠤᠭᠤᠯᠤᠭᠰᠠᠨ ᠠᠵᠢᠯ ᠤᠨ ᠪᠠᠲᠤᠯᠠᠭ᠎ᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠵᠠᠰᠠᠮᠠᠯ ᠵᠠᠮ ᠤᠨ ᠬᠠᠮᠢᠶᠠᠷᠤᠯᠲᠠ ᠶᠢᠨ ᠠᠵᠢᠯᠲᠠᠨ ᠤ ᠠᠵᠢᠯ ᠢᠶᠠᠨ ᠥᠷᠨᠢᠭᠦᠯᠬᠦ ᠳᠤ ᠰᠠᠶᠢᠨ ᠰᠠᠶᠢᠬᠠᠨ ᠣᠷᠴᠢᠨ ᠲᠣᠭᠤᠷᠢᠨ ᠢ ᠴᠢᠷᠮᠠᠶᠢᠨ ᠪᠣᠶ ᠪᠣᠯᠭᠠᠬᠤ ᠶᠢᠨ ᠬᠠᠮᠲᠤ᠂ ᠵᠠᠮ ᠤᠨ ᠬᠡᠰᠡᠭ ᠪᠣᠯᠤᠨ ᠵᠠᠮ ᠤᠨ ᠬᠡᠰᠡᠭ ᠤᠨ ᠬᠤᠭᠤᠷᠣᠨᠳᠣ᠂ ᠵᠠᠮ ᠤᠨ ᠬᠡᠰᠡᠭ ᠪᠣᠯᠤᠨ ᠥᠮᠴᠢᠯᠡᠬᠦ ᠡᠷᠬᠡ ᠶᠢᠨ ᠨᠢᠭᠡᠴᠡ ᠶᠢᠨ ᠬᠤᠭᠤᠷᠣᠨᠳᠣ ᠵᠠᠮ ᠤᠨ ᠳᠠᠷᠤᠭ᠎ᠠ ᠶᠢᠨ ᠠᠵᠢᠯ ᠤᠨ ᠬᠠᠷᠢᠯᠴᠠᠬᠤ ᠲᠣᠭᠲᠠᠴᠠ ᠶᠢ ᠪᠠᠶᠢᠭᠤᠯᠵᠤ᠂ ᠬᠠᠷᠢᠯᠴᠠᠨ ᠨᠡᠪᠲᠡᠷᠡᠯᠴᠡᠵᠦ᠂ ᠬᠠᠷᠢᠯᠴᠠᠨ ᠬᠠᠮᠵᠢᠯᠴᠠᠵᠤ᠂ ᠪᠠᠯᠠᠶ ᠣᠷᠣᠨ ᠢ ᠠᠷᠢᠯᠭᠠᠵᠤ᠂ ᠬᠥᠨᠳᠡᠯᠡᠨ ᠴᠢᠭᠯᠡᠯ ᠢᠶᠠᠷ ᠬᠥᠪᠡᠭᠡ ᠬᠢᠵᠠᠭᠠᠷ᠂ ᠭᠤᠯᠳᠤ ᠴᠢᠭᠯᠡᠯ ᠢᠶᠠᠷ ᠡᠴᠦᠰ ᠲᠤᠨᠢ ᠲᠤᠯᠲᠠᠯ᠎ᠠ ᠵᠠᠮ ᠤᠨ ᠳᠠᠷᠤᠭ᠎ᠠ ᠶᠢᠨ ᠬᠢᠨᠠᠯᠲᠠ ᠲᠠᠯᠪᠢᠬᠤ ᠰᠢᠰᠲ᠋ᠧᠮᠵᠢ ᠶᠢ ᠪᠣᠶ  ᠪᠤᠯᠭᠠᠨ᠎ᠠ᠃     ︵ᠭᠤᠷᠪᠠ︶ ᠰᠢᠮᠳᠠᠭᠤᠯᠤᠨ ᠪᠠᠶᠢᠴᠠᠭᠠᠵᠤ ᠰᠢᠯᠭᠠᠨ ᠬᠢᠨᠠᠬᠤ ᠶᠢ ᠴᠢᠩᠭᠠᠳᠬᠠᠨ᠎ᠠ     ᠰᠢᠮᠳᠠᠭᠤᠯᠤᠨ ᠪᠠᠶᠢᠴᠠᠭᠠᠵᠤ ᠰᠢᠮᠳᠠᠭᠤᠯᠤᠨ ᠰᠢᠢᠳᠪᠦᠷᠢᠯᠡᠬᠦ ᠪᠠ ᠰᠢᠯᠭᠠᠨ ᠬᠢᠨᠠᠬᠤ ᠶᠢ ᠴᠢᠩᠳᠠᠯᠠᠵᠤ᠂ ᠬᠤᠲᠠ ᠶᠢᠨ ᠵᠠᠰᠠᠭ ᠤᠨ ᠣᠷᠳᠣᠨ ᠠᠴᠠ ᠴᠠᠭ ᠲᠤᠨᠢ ᠳᠣᠭᠢᠷᠠᠭᠤᠯᠤᠨ ᠰᠢᠯᠭᠠᠨ ᠬᠢᠨᠠᠬᠤ ᠳᠤᠭᠤᠶᠢᠯᠠᠩ ᠪᠠᠶᠢᠭᠤᠯᠵᠤ᠂ ᠡᠯ᠎ᠡ ᠰᠢᠶᠠᠩ ᠪᠠᠯᠭᠠᠰᠤ᠂ ᠨᠠᠨᠴᠤᠩ ᠲᠣᠭᠤᠷᠢᠭ ᠤᠨ ᠬᠡᠷᠡᠭ ᠡᠷᠬᠢᠯᠡᠬᠦ ᠭᠠᠵᠠᠷ ᠪᠣᠯᠤᠨ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠵᠠᠮ ᠤᠨ ᠳᠠᠷᠤᠭ᠎ᠠ ᠶᠢᠨ ᠲᠦᠷᠢᠮ ᠤᠨ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠳᠤ ᠰᠢᠮᠳᠠᠭᠤᠯᠤᠨ ᠪᠠᠶᠢᠴᠠᠭᠠᠬᠤ ᠪᠠ ᠰᠢᠯᠭᠠᠨ ᠬᠢᠨᠠᠨ᠎ᠠ᠃     ᠳᠠᠭᠠᠯᠳᠤᠭᠤᠯᠤᠯ᠄     ᠬᠥᠳᠡᠭᠡ ᠲᠣᠰᠬᠤᠨ ᠤ ᠵᠠᠰᠠᠮᠠᠯ ᠵᠠᠮ ᠤᠨ ᠳᠠᠷᠤᠭ᠎ᠠ ᠶᠢᠨ ᠳᠦᠷᠢᠮ ᠤᠨ ᠪᠦᠷᠢᠯᠳᠦᠬᠦᠨ ᠤ ᠨᠡᠷᠡᠰ     ᠵᠠᠮ ᠤᠨ ᠶᠡᠷᠦᠩᠬᠡᠶ ᠳᠠᠷᠤᠭ᠎ᠠ᠄ ᠸᠠᠩ ᡁᠢ ᠶᠦᠩ  ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠲᠠ ᠶᠢᠨ ᠳᠠᠷᠤᠭ᠎ᠠ     ᠰᠢᠶᠠᠨ ᠤ ᠵᠠᠮ ᠤᠨ ᠳᠠᠷᠤᠭ᠎ᠠ᠄ ᠱᠢ ᠴᠢᠶᠠᠩ   ᠵᠠᠮ ᠲᠡᠭᠡᠭᠡᠪᠦᠷᠢ ᠶᠢᠨ ᠲᠣᠪᠴᠢᠶᠠᠨ ᠤ ᠲᠣᠪᠴᠢᠶᠠᠨ ᠳᠠᠷᠤᠭ᠎ᠠ     ᠰᠢᠶᠠᠩ ᠤᠨ ᠵᠠᠮ ᠤᠨ ᠳᠠᠷᠤᠭ᠎ᠠ᠄ ᠯᠢ ᠰᠢᠨ ᠮᠢᠨ   ᠵᠢᠤᠢ ᠪᠦᠦ ᠵᠤᠸᠠᠩ ᠪᠠᠯᠭᠠᠰᠤᠨ ᠤ ᠪᠠᠯᠭᠠᠰᠤᠨ ᠳᠠᠷᠤᠭ᠎ᠠ         ᠰᠢᠤᠢ ᠳ᠋ᠦᠩ ᠫᠢᠩ   ᠯᠦᠩ ᠱᠧᠩ ᠵᠤᠸᠠᠩ ᠪᠠᠯᠭᠠᠰᠤᠨ ᠤ ᠪᠠᠯᠭᠠᠰᠤᠨ ᠳᠠᠷᠤᠭ᠎ᠠ         ᠶᠤᠸᠠᠨ ᠵᠢᠶᠦ᠋ᠨ ᠭᠠᠩ   ᠰᠠᠨ ᠢ ᠴᠢᠤᠸᠠᠨ ᠪᠠᠯᠭᠠᠰᠤᠨ ᠤ ᠪᠠᠯᠭᠠᠰᠤᠨ ᠳᠠᠷᠤᠭ᠎ᠠ         ᠶᠠᠨ ᠰᠢᠶᠤᠤ ᠯᠢ   ᠾᠧᠢ ᠲᠤ ᠲᠠᠢ ᠪᠠᠯᠭᠠᠰᠤᠨ ᠤ ᠪᠠᠯᠭᠠᠰᠤᠨ ᠳᠠᠷᠤᠭ᠎ᠠ         ᠶᠠᠩ ᠵᠧᠨ ᠬᠤᠸᠠ   ᠬᠤᠩ ᠱᠠ ᠪᠠ ᠪᠠᠯᠭᠠᠰᠤᠨ ᠤ ᠪᠠᠯᠭᠠᠰᠤᠨ ᠳᠠᠷᠤᠭ᠎ᠠ         ᠬᠦᠸᠧ ᡁᠢ ᠢᠦᠢ    ᠬᠤᠨ ᠶᠤᠸᠠᠨ ᠶᠣᠣ ᠰᠢᠶᠠᠩ ᠤᠨ ᠰᠢᠶᠠᠩ ᠤᠨ ᠳᠠᠷᠤᠭ᠎ᠠ         ᠴᠢᠶᠣᠤ ᠰᠢᠶᠤᠤ ᠯᠢ   ᠭᠤᠸᠠᠨ ᠳᠦᠨ ᠪᠦ᠋ ᠰᠢᠶᠠᠩ ᠤᠨ ᠰᠢᠶᠠᠩ ᠤᠨ ᠳᠠᠷᠤᠭ᠎ᠠ         ᠬᠦᠸᠧ ᠯᠢ ᠵᠢᠶᠦ᠋ᠨ   ᠶᠤᠸᠠᠨ ᠱᠠᠨ ᠽᠢ ᠰᠢᠶᠠᠩ ᠤᠨ ᠰᠢᠶᠠᠩ ᠤᠨ ᠳᠠᠷᠤᠭ᠎ᠠ         ᠷᠧᠨ ᠯᠢ ᠱᠧᠩ    ᠬᠤᠳᠠ ᠶᠢᠨ ᠡᠮᠦᠨ᠎ᠡ ᠲᠣᠭᠤᠷᠢᠭ ᠤᠨ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ     ᠲᠣᠰᠬᠤᠨ ᠤ ᠵᠠᠮ ᠤᠨ ᠳᠠᠷᠤᠭ᠎ᠠ᠄ ᠡᠯ᠎ᠡ ᠵᠠᠰᠠᠭ ᠵᠠᠬᠢᠷᠭᠠᠨ ᠤ ᠲᠣᠰᠬᠤᠨ ᠤ ᠡᠷᠬᠢᠯᠡᠭᠴᠢ     ᠵᠠᠮ ᠤᠨ ᠳᠠᠷᠤᠭ᠎ᠠ ᠶᠢᠨ ᠲᠦᠷᠢᠮ ᠤᠨ ᠠᠯᠪᠠᠨ ᠬᠡᠷ ᠤᠨ ᠡᠷᠬᠢᠯᠡᠭᠴᠢ᠄        ᠱᠢ ᠴᠢᠶᠠᠩ   ᠵᠠᠮ ᠲᠡᠭᠡᠭᠡᠪᠦᠷᠢ ᠶᠢᠨ ᠲᠣᠪᠴᠢᠶ᠎ᠠ ᠶᠢᠨ ᠲᠤᠪᠴᠢᠶᠠᠨ ᠳᠠᠷᠤᠭ᠎ᠠ    ᠵᠠᠮ ᠤᠨ ᠳᠠᠷᠤᠭ᠎ᠠ ᠶᠢᠨ ᠲᠦᠷᠢᠮ ᠤᠨ ᠠᠯᠪᠠᠨ ᠬᠡᠷ ᠤᠨ ᠪᠦᠷᠢᠯᠳᠦᠬᠦᠨ᠄        ᠯᠢᠦ ᠬᠦᠢ ᠱᠧᠩ   ᠡᠳ᠋ ᠤᠨ ᠵᠠᠰᠠᠭ ᠤᠨ ᠲᠣᠪᠴᠢᠶᠠᠨ ᠤ ᠲᠤᠪᠴᠢᠶᠠᠨ ᠳᠠᠷᠤᠭ᠎ᠠ        ᠨᠢᠶᠧ ᠬᠠᠶ ᠵᠢᠶᠦ᠋ᠨ   ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ        ᠸᠠᠩ ᠵᠢᠶᠠᠨ ᠰᠢ   ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶᠠᠨ ᠤ ᠲᠤᠪᠴᠢᠶᠠᠨ ᠳᠠᠷᠤᠭ᠎ᠠ        ᠵᠤᠤ ᠶᠢᠨ ᠹᠦ᠋  ᠤᠯᠠᠭᠠᠨᠴᠠᠪ ᠬᠤᠲᠠ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠲᠤᠪᠴᠢᠶ᠎ᠠ ᠶᠢᠨ ᠹᠧᠩᠵᠧᠨ ᠤ ᠬᠤᠪᠢᠶᠠᠷᠢ ᠲᠤᠪᠴᠢᠶ᠎ᠠ ᠶᠢᠨ ᠲᠤᠪᠴᠢᠶᠠᠨ ᠳᠠᠷᠤᠭ᠎ᠠ        ᠸᠠᠩ ᠢᠦᠶ ᠴᠧᠩ   ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶᠠᠨ ᠤ ᠲᠤᠪᠴᠢᠶᠠᠨ ᠳᠠᠷᠤᠭ᠎ᠠ        ᠵᠠᠩ ᠶᠦᠨ ᠹᠧᠩ  ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶᠠᠨ ᠤ ᠲᠤᠪᠴᠢᠶᠠᠨ ᠳᠠᠷᠤᠭ᠎ᠠ        ᠵᠠᠩ ᠸᠧᠶ ᠱᠢ   ᠤᠰᠤᠨ ᠠᠰᠢᠭᠯᠠᠯᠲᠠ ᠶᠢᠨ ᠲᠣᠪᠴᠢᠶᠠᠨ ᠤ ᠲᠤᠪᠴᠢᠶᠠᠨ ᠳᠠᠷᠤᠭ᠎ᠠ        ᠲᠠᠨ ᠵᠢᠶᠦ᠋ᠨ ᠹᠧᠩ  ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶᠠᠨ ᠤ ᠲᠤᠪᠴᠢᠶᠠᠨ ᠳᠠᠷᠤᠭ᠎ᠠ        ᠵᠤᠤ ᠫᠸᠢ ᠵᠢᠶᠦ᠋ᠨ    ᠰᠣᠶᠣᠯ ᠪᠠ ᠵᠢᠭᠤᠯᠴᠢᠯᠠᠯ ᠤᠨ ᠲᠣᠪᠴᠢᠶᠠᠨ ᠤ ᠲᠤᠪᠴᠢᠶᠠᠨ ᠳᠠᠷᠤᠭ᠎ᠠ        ᠪᠠᠶ ᡁᠢ ᠵᠢᠶᠦ᠋ᠨ    ᠶᠠᠳᠠᠭᠤ ᠶᠢ ᠲᠡᠳᠬᠦᠬᠦ ᠠᠯᠪᠠᠨ ᠬᠡᠷ ᠤᠨ ᠡᠷᠬᠢᠯᠡᠭᠴᠢ        ᠰᠦᠩ ᠱᠢ ᠪᠢᠨ   ᠴᠠᠬᠢᠯᠭᠠᠨ ᠬᠠᠩᠭᠠᠬᠤ ᠲᠣᠪᠴᠢᠶᠠᠨ ᠤ ᠲᠤᠪᠴᠢᠶᠠᠨ ᠳᠠᠷᠤᠭ᠎ᠠ        ᠱᠠᠩ ᠵᠢᠩ ᠭᠤᠸᠠᠩ   ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠡᠳ᠋ ᠲᠤᠪᠴᠢᠶᠠᠨ ᠳᠠᠷᠤᠭ᠎ᠠ                                            ᠤᠷᠴᠢᠭᠤᠯᠤᠬᠴᠢ᠄  ᠼᠦᠢ ᠶᠢᠩ    
 
ᠢᠷᠡᠯᠲᠡ᠄ ᠹᠧᠩᠵᠧᠨ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3