| 2021 ᠣᠨ ᠤ 3 ᠰᠠᠷ᠎ᠠ ᠶᠢᠨ 2 ᠤᠨ ᠡᠳᠦᠷ᠂ ᠬᠤᠳᠠ ᠶᠢᠨ ᠬᠤᠶᠢᠳᠤ ᠲᠣᠭᠤᠷᠢᠭ ᠤᠨ ᠵᠡᠭᠡᠯᠢ | ᠭᠤᠳᠤᠮᠵᠢ ᠶᠢᠨ ᠲᠠᠪᠤᠳᠤᠭᠠᠷ ᠳᠠᠪᠬᠤᠷᠯᠢᠭ ᠤᠨ ᠬᠤᠷᠠᠯ ᠤᠨ ᠬᠡᠷ ᠲᠤ ᠭᠤᠷᠪᠠᠨ ᠲᠥᠷᠥᠯ ᠤᠨ ᠨᠢᠭᠡᠳᠦᠯᠲᠡᠶ | ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠶᠢ ᠳᠥᠯᠭᠢᠨ ᠠᠬᠢᠭᠤᠯᠬᠤ ᠪᠠ ᠤᠯᠤᠰ ᠤᠨ ᠨᠡᠶᠢᠳᠡᠮ ᠬᠡᠷᠡᠭᠯᠡᠬᠦ | ᠦᠭᠡ ᠬᠡᠯᠡ ᠥᠰᠥᠭ ᠪᠢᠴᠢᠭ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢ ᠪᠥᠬᠦ ᠲᠠᠯ᠎ᠠ ᠪᠠᠷ ᠴᠢᠩᠭᠠᠳᠬᠠᠬᠤ | ᠠᠵᠢᠯ ᠤᠨ ᠬᠤᠷᠠᠯ ᠬᠤᠷᠠᠯᠳᠤᠭᠤᠯᠵᠤ᠂ ᠬᠡᠷᠡᠭ ᠡᠷᠬᠢᠯᠡᠬᠦ ᠭᠠᠵᠠᠷ ᠤᠨ ᠪᠠᠭ ᠤᠨ ᠪᠦᠷᠢᠯᠳᠦᠬᠦᠨ᠂ ᠪᠠᠶᠢᠭᠤᠯᠭ᠎ᠠ ᠶᠢᠨ | ᠪᠥᠬᠦ ᠪᠦᠷᠢᠯᠳᠦᠬᠦᠨ᠂ ᠡᠯ᠎ᠡ ᠨᠡᠶᠢᠭᠡᠮ ᠲᠣᠭᠤᠷᠢᠭ ᠤᠨ ᠠᠵᠢᠯᠲᠠᠨ ᠨᠠᠷ ᠤᠷᠤᠯᠴᠠᠪᠠ᠃ | | ᠬᠤᠷᠠᠯ ᠠᠴᠠ ᠴᠢᠬᠤᠯᠠᠴᠢᠯᠠᠭᠰᠠᠨ ᠨᠢ᠂ ᠦᠨᠳᠦᠰᠦᠲᠡᠨ ᠤ ᠨᠡᠶᠢᠲᠡᠯᠢᠭ ᠴᠢᠨᠠᠷ ᠪᠣᠯᠤᠨ ᠵᠥᠷᠢᠶᠡᠲᠦ ᠴᠢᠨᠠᠷ ᠤᠨ | ᠬᠠᠷᠢᠴᠠᠭ᠎ᠠ ᠶᠢ ᠵᠥᠪ ᠣᠨᠣᠪᠴᠢᠲᠠᠶ ᠲᠠᠨᠢᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠪᠣᠯ ᠤᠯᠤᠰ ᠤᠨ ᠮᠡᠳᠡᠷᠡᠯ᠂ ᠦᠨᠳᠦᠰᠦᠲᠡᠨ ᠤ ᠠᠭᠤᠰᠤᠯᠴᠠᠯ ᠤᠨ ᠰᠡᠳᠬᠢᠯᠭᠡ ᠶᠢᠨ ᠬᠤᠯᠪᠣᠭᠠᠰᠤ ᠮᠥᠨ᠂ | ᠡᠬᠡ ᠤᠯᠤᠰ ᠤᠨ ᠨᠢᠭᠡᠳᠦᠯ᠂ ᠦᠨᠳᠦᠰᠦᠲᠡᠨ ᠤ ᠪᠦᠯᠬᠦᠮᠳᠡᠯ ᠤᠨ ᠦᠵᠡᠯ ᠰᠠᠨᠠᠭᠠᠨ ᠤ ᠰᠠᠭᠤᠷᠢ ᠮᠥᠨ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠪᠣᠯ | ᠶᠡᠷᠦᠩᠬᠡᠢ ᠱᠦᠵᠢ ᠰᠢ ᠶᠢᠨ ᠫᠢᠩ ᠨᠠᠮ ᠤᠨ ᠦᠨᠳᠦᠰᠦᠲᠡᠨ ᠤ ᠤᠨᠤᠯ ᠳᠤ ᠬᠢᠭᠰᠡᠨ ᠴᠢᠬᠤᠯᠠ ᠶᠡᠭᠡ ᠠᠩᠬᠠᠨ ᠤ | ᠡᠭᠦᠳᠦᠯᠲᠡ ᠶᠢᠨ ᠴᠢᠨᠠᠷᠲᠠᠢ ᠨᠤᠲᠠᠯᠠᠯᠲᠠ ᠮᠥᠨ᠂ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠤᠨ ᠭᠤᠣᠯ | ᠱᠤᠭᠤᠮ ᠮᠥᠨ᠃ | ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ ᠬᠥᠮᠦᠵᠢᠯ ᠢ | ᠲᠦᠭᠡᠮᠡᠯᠵᠢᠭᠦᠯᠬᠦ ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠤᠶᠢᠵᠢᠭᠤᠯᠵᠤ᠂ | ᠰᠣᠶᠣᠯ ᠤᠨ ᠡᠭᠡᠯᠢᠰᠢᠯ ᠪᠠ ᠤᠯᠤᠰ ᠤᠨ ᠡᠭᠡᠯᠢᠰᠢᠯ ᠢ ᠨᠡᠮᠡᠭᠳᠡᠭᠦᠯᠵᠦ᠂ ᠥᠷᠭᠡᠨ ᠳᠡᠯᠭᠡᠷ ᠶᠠᠪᠤᠯᠴᠠᠭ᠎ᠠ᠂ ᠪᠦᠬᠦ | ᠲᠠᠯ᠎ᠠ ᠶᠢᠨ ᠰᠣᠯᠢᠯᠴᠠᠭ᠎ᠠ᠂ ᠭᠦᠨᠵᠡᠭᠡᠢ ᠠᠭᠤᠰᠤᠯᠴᠠᠯ ᠢ ᠠᠬᠢᠭᠤᠯᠬᠤ ᠳᠤ ᠠᠰᠢᠭᠲᠠᠢ ᠪᠠᠶᠢᠵᠤ᠂ | ᠦᠨᠳᠦᠰᠦᠲᠡᠨ ᠨᠦᠭᠦᠳ ᠤᠨ ᠠᠷᠠᠳ ᠲᠦᠮᠡᠨ ᠤ ᠦᠨᠳᠦᠰᠦᠨ ᠠᠰᠢᠭ ᠲᠤᠰᠠ ᠳᠤ ᠨᠡᠶᠢᠴᠡᠨ᠎ᠡ︔ | ᠦᠨᠳᠦᠰᠦᠲᠡᠨ ᠨᠦᠭᠦᠳ ᠤᠨ ᠤᠯᠠᠨ ᠲᠦᠮᠡᠨ ᠤ ᠨᠡᠩ ᠲᠥᠪ ᠭᠤᠣᠯᠴᠢ᠂ ᠨᠡᠩ ᠴᠢᠨᠠᠷ ᠴᠢᠨᠰᠠᠭ᠎ᠠ ᠲᠠᠢ ᠰᠤᠷᠭᠠᠨ | ᠬᠥᠮᠦᠵᠢᠯ ᠢ ᠡᠳ᠋ᠯᠡᠬᠦ ᠳᠤ ᠠᠰᠢᠭᠲᠠᠶ ᠪᠠᠶᠢᠵᠤ᠂ ᠦᠨᠳᠦᠰᠦᠲᠡᠨ ᠨᠦᠭᠦᠳ ᠤᠨ ᠰᠤᠷᠤᠭᠴᠢᠳ ᠤᠨ ᠪᠦᠬᠦ ᠤᠯᠤᠰ ᠲᠤ | ᠣᠴᠢᠵᠤ ᠭᠦᠢᠴᠡᠳ ᠠᠵᠢᠯ ᠤᠯᠬᠤ ᠶᠢ ᠠᠬᠢᠭᠤᠯᠵᠤ᠂ ᠦᠨᠳᠦᠰᠦᠲᠡᠨ ᠨᠦᠭᠦᠳ ᠤᠨ ᠣᠳᠣᠬᠢᠴᠢᠯᠠᠯᠲᠠ ᠲᠡᠰᠢ | ᠤᠷᠤᠭᠰᠢᠯᠠᠬᠤ ᠶᠢ ᠠᠬᠢᠭᠤᠯᠬᠤ ᠳᠤ ᠠᠰᠢᠭᠲᠠᠶ ᠶᠤᠮ᠃ | | ᠤᠷᠴᠢᠭᠤᠯᠤᠬᠴᠢ᠄ ᠬᠠᠨ ᠰᠢᠶᠤᠤ ᠿᠦᠩ | ᠬᠢᠨᠠᠬᠴᠢ᠄ ᠼᠦᠢ ᠶᠢᠩ | |