| 2 ᠰᠠᠷ᠎ᠠ ᠶᠢᠨ 25 ᠤ ᠡᠳᠦᠷ᠂ ᠰᠢᠨ᠎ᠡ ᠬᠤᠳᠠ ᠲᠣᠭᠤᠷᠢᠭ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ | ᠭᠠᠵᠠᠷ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠠᠵᠢᠯ ᠢ ᠠᠬᠢᠭᠤᠯᠬᠤ | ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠦ᠂ ᠰᠢᠨ᠎ᠡ ᠬᠤᠳᠠ ᠲᠣᠭᠤᠷᠢᠭ ᠤᠨ ᠤᠳᠤᠷᠢᠳᠬᠤ ᠪᠠᠭ ᠤᠨ | ᠪᠦᠷᠢᠯᠳᠦᠬᠦᠨ᠂ ᠡᠯ᠎ᠡ ᠨᠡᠶᠢᠭᠡᠮ ᠲᠣᠭᠤᠷᠢᠭ ᠤᠨ ᠨᠠᠮ ᠤᠨ ᠡᠭᠦᠷ ᠤᠨ ᠱᠦᠵᠢ᠂ ᠡᠷᠬᠢᠯᠡᠭᠴᠢ ᠨᠠᠷ ᠤᠷᠤᠯᠴᠠᠪᠠ᠃ | ᠬᠤᠷᠠᠯ ᠳᠡᠭᠡᠷ᠎ᠡ ᠰᠢᠨ᠎ᠡ ᠬᠤᠲᠠ ᠲᠣᠭᠤᠷᠢᠭ ᠤᠨ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶᠠᠨ ᠤ | ᠱᠦᠵᠢ ᠵᠢᠶᠠ ᠵᠥᠩ ᠹᠸᠢ ᠨᠥᠬᠦᠷ ᠳᠡᠭᠡᠳᠦ ᠱᠠᠲᠤᠨ ᠤ ᠭᠤᠷᠪᠠᠨ ᠲᠥᠷᠥᠯ ᠤᠨ ᠨᠢᠭᠡᠳᠦᠯᠲᠡᠶ ᠨᠠᠶᠢᠷᠠᠭᠤᠯᠤᠭᠰᠠᠨ | ᠵᠢᠭᠠᠬᠤ ᠮᠠᠲ᠋ᠧᠷᠢᠶᠠᠯ ᠢ ᠬᠡᠷᠡᠭᠯᠡᠬᠦ ᠪᠠ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ | ᠬᠥᠮᠦᠵᠢᠯ ᠤᠨ ᠠᠵᠢᠯ ᠢ ᠪᠦᠬᠦ ᠲᠠᠯ᠎ᠠ ᠪᠠᠷ ᠴᠢᠩᠭᠠᠳᠬᠠᠬᠤ ᠲᠤᠬᠠᠶ ᠠᠬᠢᠭᠤᠯᠬᠤ ᠬᠤᠷᠠᠯ ᠤᠨ ᠵᠣᠷᠢᠭ ᠰᠠᠨᠠᠭ᠎ᠠ ᠶᠢ | ᠤᠯᠠᠮᠵᠢᠯᠠᠭᠰᠠᠨ ᠤ ᠬᠠᠮᠲᠤ ᠳᠠᠷᠠᠭᠠᠴᠢ ᠶᠢᠨ ᠠᠯᠬᠤᠮ ᠤᠨ ᠠᠵᠢᠯ᠂ ᠡᠯ᠎ᠡ ᠨᠡᠶᠢᠭᠡᠮ ᠲᠣᠭᠤᠷᠢᠭ ᠤᠨ ᠡᠷᠦᠬᠡ ᠶᠢᠨ | ᠭᠡᠷ ᠳᠤ ᠬᠦᠷᠴᠦ ᠰᠤᠷᠪᠤᠯᠵᠢᠯᠠᠬᠤ ᠵᠡᠷᠭᠡ ᠣᠳᠣᠬᠠᠨ ᠤ ᠭᠤᠣᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ | ᠃ ᠬᠤᠷᠠᠯ ᠠᠴᠠ ᠱᠠᠭᠠᠷᠳᠠᠭᠰᠠᠨ ᠨᠢ᠂ ᠪᠥᠬᠦ ᠺᠠᠳ᠋ᠷ ᠠᠵᠢᠯᠲᠠᠨ ᠠᠵᠢᠯᠴᠢᠨ᠂ ᠡᠯ᠎ᠡ ᠨᠡᠶᠢᠭᠡᠮ ᠲᠣᠭᠤᠷᠢᠭ ᠤᠨ ᠬᠤᠶᠠᠷ | ᠵᠥᠪᠯᠡᠯ ᠤᠨ ᠤᠳᠤᠷᠢᠳᠬᠤ ᠪᠠᠭ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠲᠣᠰ ᠪᠡᠶ᠎ᠡ ᠶᠢᠨ | ᠰᠤᠷᠤᠯᠴᠠᠯᠭ᠎ᠠ ᠪᠠᠨ ᠤᠯᠠᠮ ᠨᠢᠭᠡ ᠠᠯᠬᠤᠮ ᠴᠢᠩᠭᠠᠳᠬᠠᠨ᠂ ᠲᠥᠰᠦᠯ ᠤᠨ ᠲᠠᠶᠢᠯᠤᠮᠵᠢ ᠶᠢ ᠨᠢᠬᠳᠠ ᠰᠤᠷᠤᠯᠴᠠᠨ | ᠨᠡᠪᠲᠡᠷᠡᠲᠡᠯ᠎ᠡ ᠣᠶᠢᠯᠠᠭᠠᠵᠤ᠂ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠤᠨ ᠠᠵᠢᠯ ᠢ | ᠬᠡᠷᠡᠭᠵᠢᠭᠦᠯᠬᠦ ᠲᠤᠬᠠᠶ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠰᠠᠶᠢᠳᠤᠷ ᠡᠵᠡᠮᠰᠢᠨ᠂ ᠡᠷᠦᠬᠡ ᠳᠤ ᠬᠦᠷᠴᠦ | ᠰᠤᠷᠪᠤᠯᠵᠢᠯᠠᠬᠤ ᠳᠤ ᠠᠰᠠᠭᠤᠯᠲᠠ ᠪᠠᠶᠢᠪᠠᠯ ᠵᠠᠪᠠᠯ ᠬᠠᠷᠢᠭᠤᠯᠬᠤ ᠶᠢ ᠪᠡᠶᠡᠯᠡᠭᠦᠯᠵᠦ᠂ ᠳᠠᠭᠠᠭᠠᠴᠢᠯᠠᠨ ᠬᠤᠯᠪᠣᠭᠠᠯᠠᠬᠤ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠲᠠᠩᠰᠠ ᠡᠪᠬᠡᠮᠡᠯ ᠪᠠᠶᠢᠭᠤᠯᠬᠤ ᠬᠡᠷᠡᠭᠲᠡᠶ᠃ ᠠᠰᠠᠭᠤᠳᠠᠯ ᠢ ᠣᠯᠵᠤ | ᠮᠡᠳᠡᠪᠡᠯ ᠴᠠᠭ ᠲᠤᠬᠠᠢ ᠳᠤᠨᠢ ᠳᠡᠭᠡᠭᠰᠢ ᠮᠡᠳᠡᠭᠦᠯᠵᠦ᠂ ᠴᠠᠭ ᠲᠤᠬᠠᠢ ᠳᠤᠨᠢ ᠵᠠᠳᠠᠯᠤᠨ ᠰᠤᠳᠤᠯᠵᠤ ᠮᠠᠭᠠᠳᠯᠠᠨ᠂ | ᠨᠡᠪᠲᠡᠷᠡᠯᠴᠡᠬᠦ ᠶᠢ ᠰᠢᠯᠤᠭᠤᠳᠬᠠᠵᠤ᠂ ᠠᠰᠠᠭᠤᠳᠠᠯ ᠢ ᠴᠠᠭ ᠲᠤᠬᠠᠢ ᠳᠤᠨᠢ ᠲᠤᠰᠬᠠᠵᠤ ᠴᠠᠭ ᠲᠤᠬᠠᠢ ᠳᠤᠨᠢ | ᠰᠢᠢᠳᠪᠦᠷᠢᠯᠡᠬᠦ ᠶᠢ ᠪᠠᠲᠤᠯᠠᠬᠤ ᠬᠡᠷᠡᠭᠲᠡᠢ᠃ | | | ᠤᠷᠴᠢᠭᠤᠯᠤᠬᠴᠢ᠄ ᠬᠠᠨ ᠰᠢᠶᠤᠤ ᠿᠦᠩ | ᠬᠢᠨᠠᠬᠴᠢ᠄ ᠼᠦᠢ ᠶᠢᠩ | | |