| 3 ᠰᠠᠷ᠎ᠠ ᠶᠢᠨ 5 ᠤ ᠡᠳᠦᠷ᠂ ᠶᠡᠷᠦᠩᠬᠡᠶ ᠰᠠᠶᠢᠳ ᠯᠢ ᠺᠧ ᠴᠢᠶᠠᠩ ᠵᠠᠰᠠᠭ ᠤᠨ ᠣᠷᠳᠣᠨ ᠤ ᠠᠵᠢᠯ ᠤᠨ | ᠢᠯᠡᠳᠬᠡᠯ ᠬᠢᠪᠡ᠂ ᠭᠤᠣᠯᠳᠠᠯᠭ᠎ᠠ ᠨᠢ ᠳᠣᠣᠷᠠᠬᠢ ᠮᠡᠲᠦ᠄ | ᠨᠢᠭᠡ᠂ ᠨᠢᠳᠤᠨᠤᠨ ᠤ ᠠᠵᠢᠯ ᠤᠨ ᠡᠷᠭᠢᠴᠡᠭᠦᠯᠦᠯ | ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢᠨ ᠦᠷ᠎ᠡ | ᠪᠦᠲᠦᠭᠡᠯ ᠤᠯᠪᠠ | ᠪᠦᠬᠦ ᠪᠥᠮᠪᠥᠷᠴᠡᠭ ᠤᠨ ᠭᠤᠣᠯ ᠪᠣᠯᠬᠤ ᠠᠵᠤ ᠠᠬᠤᠢ ᠶᠢᠨ ᠴᠣᠭᠴᠠ ᠶᠢᠨ ᠳᠣᠲᠣᠷ᠎ᠠ ᠠᠵᠤ ᠠᠬᠤᠢ ᠶᠢᠨ ᠡᠶᠡᠷᠭᠦ | ᠨᠡᠮᠡᠭᠳᠡᠯ ᠢ ᠪᠡᠶᠡᠯᠡᠭᠦᠯᠦᠭᠰᠡᠨ ᠴᠤᠷ ᠤᠨ ᠭᠠᠭᠴᠠ ᠤᠯᠤᠰ ᠪᠣᠯᠪᠠ ᠪᠦᠬᠦ ᠵᠢᠯ ᠤᠨ ᠤᠯᠤᠰ ᠤᠨ ᠳᠣᠲᠣᠭᠠᠳᠤ ᠶᠢᠨ | ᠦᠢᠯᠡᠳᠪᠦᠷᠢᠯᠡᠯ ᠤᠨ ᠶᠡᠷᠦᠩᠬᠡᠢ ᠦᠷᠲᠡᠭ 2.3 % ᠪᠠᠷ ᠨᠡᠮᠡᠭᠳᠡᠪᠡ | ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠳᠠᠷᠤᠭᠠᠰᠤ ᠶᠢ 2.6 ᠲᠦᠮᠡᠨ ᠳ᠋ᠦᠩᠰᠢᠭᠤᠷ ᠲᠥᠭᠦᠷᠢᠭ ᠭᠠᠷᠤᠢ | ᠬᠦᠩᠭᠡᠷᠡᠭᠦᠯᠪᠡ | ᠬᠤᠲᠠ ᠪᠠᠯᠭᠠᠰᠤᠨ ᠤ 1186 ᠲᠦᠮᠡᠨ ᠬᠥᠮᠦᠨ ᠳᠤ ᠰᠢᠨ᠎ᠡ ᠪᠠᠷ ᠠᠵᠢᠯ ᠣᠯᠭᠤᠪᠠ | ᠵᠢᠯ ᠤᠨ ᠡᠬᠢᠨ ᠳᠤ ᠦᠯᠡᠳᠡᠭᠰᠡᠨ 551 ᠲᠦᠮᠡᠨ ᠬᠥᠳᠡᠭᠡ ᠲᠣᠰᠬᠤᠨ ᠤ ᠶᠠᠳᠠᠭᠤ ᠬᠦᠴᠢᠷᠳᠡᠯᠲᠡᠢ ᠬᠥᠮᠦᠨ | ᠠᠮᠠ ᠶᠢ ᠪᠦᠬᠦᠨ ᠢ ᠶᠠᠳᠠᠭᠤ ᠠᠴᠠ ᠠᠩᠭᠢᠵᠢᠷᠠᠭᠤᠯᠵᠤ᠂ 52 ᠶᠠᠳᠠᠭᠤ ᠬᠦᠴᠢᠷᠳᠡᠯᠲᠡᠢ ᠰᠢᠶᠠᠨ ᠢ ᠪᠦᠬᠦᠨ ᠢ | ᠶᠠᠳᠠᠭᠤ ᠠᠴᠠ ᠠᠩᠭᠢᠵᠢᠷᠠᠭᠤᠯᠪᠠ | ᠤᠯᠤᠰ ᠤᠨ ᠳᠣᠲᠣᠭᠠᠳᠤ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠮᠥᠨ ᠬᠦ ᠪᠠᠭᠤᠷᠠᠶ | ᠭᠤᠭᠴᠤᠭ᠎ᠠ ᠤᠷᠤᠰᠢᠵᠤ ᠠᠵᠤ ᠠᠬᠤᠶ ᠶᠢ ᠰᠡᠷᠭᠦᠭᠡᠬᠦ ᠰᠠᠭᠤᠷᠢ ᠬᠠᠷᠠᠬᠠᠨ ᠪᠠᠲᠤ ᠪᠠᠬᠢ ᠪᠢᠰᠢ ᠪᠠᠶᠢᠭᠰᠠᠭᠠᠷ | ᠬᠤᠶᠠᠷ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠭᠤᠤᠯ ᠬᠠᠷᠠᠯᠲᠠ | ᠠᠵᠤ ᠠᠬᠤᠢ ᠶᠢᠨ ᠠᠵᠢᠯᠯᠠᠭᠠᠨ ᠢ ᠢᠮᠠᠭᠲᠠ ᠵᠦᠢ ᠵᠣᠬᠢᠰᠲᠠᠢ ᠣᠷᠣᠨ ᠪᠠᠶᠢᠷᠢ ᠳᠤ ᠪᠠᠶᠢᠯᠭᠠᠨ᠎ᠠ | ᠪᠠᠶᠢᠩᠭᠤ ᠰᠠᠭᠤᠭ᠎ᠠ ᠬᠥᠮᠦᠨ ᠠᠮᠠ ᠶᠢᠨ ᠬᠤᠳᠠ ᠪᠠᠯᠭᠠᠰᠤᠵᠢᠯᠳᠠ ᠶᠢᠨ ᠨᠤᠷᠮ᠎ᠠ ᠶᠢ 65 % ᠬᠦᠷᠲᠡᠯ᠎ᠡ | ᠳᠡᠭᠡᠭᠰᠢᠯᠡᠭᠦᠯᠦᠨ᠎ᠡ | ᠬᠥᠮᠦᠨ ᠳᠤᠮᠳᠠᠴᠢ ᠶᠢᠨ ᠵᠢᠱᠢᠭᠰᠡᠨ ᠨᠠᠰᠤᠨ ᠬᠤᠲᠤᠭ ᠢ ᠳᠠᠬᠢᠨ 1 ᠨᠠᠰᠤ ᠳᠡᠭᠡᠭᠰᠢᠯᠡᠭᠦᠯᠦᠨ᠎ᠡ | ᠬᠤᠲᠠ ᠪᠠᠯᠭᠠᠰᠤᠨ ᠤ ᠪᠠᠶᠢᠴᠠᠭᠠᠭᠰᠠᠨ ᠠᠵᠢᠯ ᠠᠯᠳᠠᠯᠲᠠ ᠶᠢᠨ ᠨᠣᠷᠮ᠎ᠠ ᠶᠢ 5.5% ᠶᠢᠨ ᠳᠣᠲᠣᠷ᠎ᠠ | ᠬᠢᠵᠠᠭᠠᠷᠯᠠᠨ᠎ᠠ | ᠨᠠᠰᠤᠵᠢᠯ ᠤᠨ ᠠᠰᠠᠷᠠᠮᠵᠢ ᠶᠢᠨ ᠦᠨᠳᠦᠰᠦᠨ ᠳᠠᠭᠠᠳᠬᠠᠯ ᠤᠨ ᠳᠠᠭᠠᠳᠬᠠᠯ ᠳᠤ ᠣᠷᠣᠯᠴᠠᠭᠰᠠᠨ ᠨᠣᠷᠮ᠎ᠠ ᠶᠢ | 95% ᠬᠦᠷᠲᠡᠯ᠎ᠡ ᠳᠡᠭᠡᠭᠰᠢᠯᠡᠭᠦᠯᠦᠨ᠎ᠡ | ᠭᠤᠷᠪᠠ᠂ ᠡᠨᠡ ᠵᠢᠯ ᠤᠨ ᠭᠤᠣᠯ ᠬᠠᠷᠠᠯᠲᠠ | ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 6 % ᠠᠴᠠ ᠳᠡᠭᠡᠭᠰᠢ | ᠨᠡᠮᠡᠭᠳᠡᠭᠦᠯᠦᠨ᠎ᠡ | ᠬᠤᠲᠠ ᠪᠠᠯᠭᠠᠰᠤᠨ ᠤ 1100 ᠲᠦᠮᠡ ᠠᠴᠠ ᠳᠡᠭᠡᠭᠰᠢ ᠬᠥᠮᠦᠨ ᠳᠤ ᠰᠢᠨ᠎ᠡ ᠪᠠᠷ ᠠᠵᠢᠯ ᠣᠯᠭᠤᠨ᠎ᠠ | ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠬᠠᠩᠰᠢ ᠶᠢᠨ ᠥᠰᠥᠯᠲᠡ ᠶᠢ 3 % ᠣᠷᠴᠢᠮ ᠪᠠᠶᠢᠯᠭᠠᠨ᠎ᠠ | ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠶᠡᠷᠦᠩᠬᠡᠢ ᠦᠷᠲᠡᠭ ᠤᠨ ᠨᠢᠭᠡᠴᠢ ᠶᠢᠨ ᠡᠨᠧᠷᠭᠢ ᠶᠢᠨ | ᠬᠤᠷᠣᠭᠳᠠᠭᠤᠯᠤᠯ ᠢ 3% ᠣᠷᠴᠢᠮ ᠢᠶᠠᠷ ᠪᠠᠭᠤᠷᠠᠭᠤᠯᠤᠨ᠎ᠠ | ᠠᠮᠤ ᠪᠤᠳᠠᠭᠠᠨ ᠤ ᠤᠨᠠᠯᠲᠠ 1.3 ᠲᠦᠮᠡᠨ ᠳ᠋ᠦᠩᠰᠢᠭᠤᠷ ᠵᠢᠩ ᠠᠴᠠ ᠳᠡᠭᠡᠭᠰᠢ ᠪᠠᠶᠢᠬᠤ ᠶᠢ ᠪᠠᠲᠤᠯᠠᠨ᠎ᠠ | ᠲᠦᠷᠪᠡ᠂ ᠡᠨᠡ ᠵᠢᠯ ᠤᠨ ᠬᠡᠰᠡᠭ ᠭᠤᠣᠯᠳᠠᠯᠭ᠎ᠠ ᠲᠠᠢ ᠠᠵᠢᠯ | ᠡᠳ᠋ ᠤᠨ ᠵᠠᠰᠠᠭ᠄ ᠡᠨᠡ ᠵᠢᠯ ᠤᠨ ᠤᠯᠠᠭᠠᠨ ᠲᠤᠭ᠎ᠠ ᠶᠢᠨ ᠨᠣᠷᠮ᠎ᠠ ᠶᠢ 3.2 % ᠣᠷᠴᠢᠮ ᠢᠶᠠᠷ | ᠲᠣᠬᠢᠷᠠᠭᠤᠯᠬᠤ ᠪᠠᠷ ᠲᠥᠯᠥᠪᠯᠡᠵᠦ ᠪᠠᠶᠢᠨ᠎ᠠ | ᠭᠠᠶᠢᠯᠢ ᠬᠠᠰᠤᠬᠤ᠄ ᠪᠠᠭ᠎ᠠ ᠬᠡᠪᠴᠢᠶᠡᠨ ᠤ ᠭᠠᠶᠢᠯᠢ ᠲᠤᠰᠢᠶᠠᠭᠴᠢ ᠶᠢᠨ ᠥᠷᠲᠡᠭ ᠨᠡᠮᠡᠭᠳᠡᠯ ᠤᠨ ᠭᠠᠶᠢᠯᠢ | ᠲᠠᠲᠠᠪᠤᠷᠢᠯᠠᠬᠤ ᠴᠡᠭ ᠢ ᠰᠠᠷ᠎ᠠ ᠶᠢᠨ ᠪᠣᠷᠣᠯᠠᠭᠤᠯᠭ᠎ᠠ ᠶᠢᠨ ᠲᠤᠭ᠎ᠠ ᠨᠢ 10 ᠲᠦᠮᠡᠨ ᠲᠥᠭᠦᠷᠢᠭ ᠪᠠᠶᠢᠭᠰᠠᠨ ᠠᠴᠠ 15 | ᠲᠦᠮᠡᠨ ᠲᠥᠭᠦᠷᠢᠭ ᠪᠣᠯᠭᠠᠨ ᠳᠡᠭᠡᠭᠰᠢᠯᠡᠭᠦᠯᠦᠨ᠎ᠡ | ᠵᠠᠷᠤᠳᠠᠯ ᠢ ᠪᠠᠭᠤᠷᠠᠭᠤᠯᠬᠤ᠄ ᠳᠤᠮᠳᠠ ᠵᠢᠵᠢᠭ ᠠᠵᠤ ᠠᠬᠤᠶᠢᠯᠠᠯ ᠤᠨ ᠥᠷᠭᠡᠨ ᠪᠦᠰᠡ ᠪᠠ ᠲᠤᠰᠬᠠᠶ | ᠱᠤᠭᠤᠮ ᠤᠨ ᠵᠠᠷᠤᠳᠠᠯ ᠢ ᠳᠤᠮᠳᠠᠴᠢ ᠪᠠᠷ ᠪᠠᠰᠠ 10% ᠪᠠᠷ ᠪᠠᠭᠤᠷᠠᠭᠤᠯᠤᠨ᠎ᠠ | ᠬᠡᠷᠡᠭᠯᠡᠭᠡ᠄ ᠮᠠᠰᠢᠨ ᠲᠡᠷᠭᠡ᠂ ᠭᠡᠷ ᠤᠨ ᠴᠠᠬᠢᠯᠭᠠᠨ ᠬᠡᠷᠡᠭᠰᠡᠯ ᠵᠡᠷᠭᠡ ᠶᠡᠭᠡ ᠬᠡᠮᠵᠢᠶᠡᠨ ᠤ ᠬᠡᠷᠡᠭᠯᠡᠭᠡ ᠶᠢ | ᠲᠣᠭᠲᠠᠭᠤᠨ ᠢᠶᠠᠷ ᠨᠡᠮᠡᠭᠳᠡᠭᠦᠯᠦᠨ᠎ᠡ | ᠰᠢᠨ᠎ᠡ ᠶᠢ ᠡᠭᠦᠳᠬᠦ᠄ ︽ᠠᠷᠪᠠᠨ ᠵᠢᠯ ᠤᠨ ᠰᠢᠷᠭᠠᠭᠤ ᠴᠢᠷᠮᠠᠶᠢᠯᠠᠭ᠎ᠠ︾ ᠶᠢᠨ ᠵᠣᠷᠢᠭ ᠰᠠᠨᠠᠭ᠎ᠠ ᠪᠠᠷ | ᠵᠠᠩᠭᠢᠯᠠᠭ᠎ᠠ ᠶᠢᠨ ᠭᠤᠣᠯᠳᠠᠯᠭ᠎ᠠ ᠲᠠᠢ ᠬᠦᠷᠢᠶᠡᠨ ᠳᠤ ᠴᠢᠬᠤᠯᠠ ᠶᠡᠭᠡ ᠰᠢᠪᠲᠤᠯᠤᠯᠲᠠ ᠭᠠᠷᠭᠠᠨ᠎ᠠ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠄ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠲᠤᠯᠬᠤ ᠳᠠᠶᠢᠯᠠᠯᠳᠤᠭᠠᠨ ᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ ᠶᠢ ᠰᠠᠶᠢᠲᠤᠷ ᠬᠢᠨ᠎ᠠ | ᠨᠡᠭᠡᠭᠡᠯᠲᠡ᠄ ᠣᠷᠣᠨ ᠪᠦᠰᠡ ᠶᠢᠨ ᠪᠦᠬᠦ ᠲᠠᠯ᠎ᠠ ᠶᠢᠨ ᠠᠵᠤ ᠠᠬᠤᠢ ᠶᠢᠨ ᠬᠠᠨᠢᠲᠠᠨ ᠤ ᠬᠠᠷᠢᠯᠴᠠᠭ᠎ᠠ ᠶᠢᠨ | ᠬᠡᠯᠡᠯᠴᠡᠭᠡᠷ ᠢ ᠡᠷᠲᠡᠬᠡᠨ ᠬᠦᠴᠦᠨ ᠲᠠᠢ ᠪᠣᠯᠭᠠᠨ ᠬᠡᠷᠡᠭᠵᠢᠭᠦᠯᠵᠦ᠂ ᠳᠤᠮᠳᠠᠳᠤ ᠧᠦ᠋ᠷᠣᠫᠠ ᠶᠢᠨ ᠪᠡᠯᠡ | ᠣᠷᠣᠭᠤᠯᠤᠯᠲᠠ ᠶᠢᠨ ᠬᠡᠯᠡᠯᠴᠡᠭᠡᠷ ᠲᠤ ᠭᠠᠷ ᠤᠨ ᠦᠰᠦᠭ ᠵᠢᠷᠤᠨ᠎ᠠ | ᠣᠷᠴᠢᠨ ᠠᠬᠤᠶ ᠶᠢᠨ ᠬᠠᠮᠠᠭᠠᠯᠠᠯᠲᠠ᠄ ᠤᠮᠠᠷᠠᠲᠤ ᠣᠷᠣᠨ ᠤ ᠴᠡᠪᠡᠷ ᠳᠤᠯᠠᠭᠠᠯᠠᠭ᠎ᠠ ᠶᠢᠨ ᠨᠣᠷᠮ᠎ᠠ ᠶᠢ 70 | % ᠳᠤ ᠬᠦᠷᠭᠡᠨ᠎ᠡ | ᠰᠤᠷᠭᠠᠨ ᠬᠥᠮᠦᠵᠢᠯ᠄ ᠰᠤᠷᠭᠠᠨ ᠬᠥᠮᠦᠵᠢᠯ ᠤᠨ ᠡᠷᠬᠡ ᠲᠡᠭᠰᠢ ᠶᠢᠨ ᠲᠠᠯ᠎ᠠ ᠪᠠᠷ ᠨᠠᠩ ᠶᠡᠭᠡ ᠠᠯᠬᠤᠮ ᠢ | ᠠᠯᠬᠤᠨ᠎ᠠ | ᠡᠮ ᠡᠮᠨᠡᠯᠭᠡ ᠶᠢᠨ ᠳᠠᠭᠠᠳᠬᠠᠯ᠄ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠪᠠ ᠣᠯᠠᠨ | ᠨᠡᠶᠢᠲᠡ ᠶᠢᠨ ᠦᠨᠳᠦᠰᠦᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠵᠠᠷᠤᠳᠠᠯ ᠤᠨ ᠬᠥᠮᠦᠨ ᠳᠤᠮᠳᠠᠴᠢ ᠶᠢᠨ | ᠡᠳ᠋ ᠤᠨ ᠵᠠᠰᠠᠭ ᠤᠨ ᠨᠥᠬᠦᠪᠥᠷᠢ ᠶᠢᠨ ᠪᠠᠷᠢᠮᠵᠢᠶ᠎ᠠ ᠶᠢ ᠲᠣᠰ ᠲᠣᠰ 30 ᠲᠥᠭᠦᠷᠢᠭ ᠪᠠ 5 ᠲᠥᠭᠦᠷᠢᠭ | ᠨᠡᠮᠡᠭᠳᠡᠭᠦᠯᠦᠨ᠎ᠡ | ᠣᠷᠣᠨ ᠰᠠᠭᠤᠴᠠ᠄ ᠲᠣᠮᠣ ᠬᠤᠲᠠ ᠶᠢᠨ ᠣᠷᠣᠨ ᠰᠠᠭᠤᠴᠠ ᠶᠢᠨ ᠲᠣᠪᠤᠶᠢᠮ᠎ᠠ ᠠᠰᠠᠭᠤᠳᠠᠯ ᠢ ᠰᠠᠶᠢᠲᠤᠷ | ᠰᠢᠢᠳᠪᠦᠷᠢᠯᠡᠨ᠎ᠡ᠃ ᠤᠷᠳᠤ ᠬᠤᠭᠤᠴᠠᠭ᠎ᠠ ᠪᠠᠷ ᠲᠦᠷᠢᠶᠡᠰᠦᠯᠡᠬᠦ ᠣᠷᠣᠨ ᠰᠠᠭᠤᠴᠠ ᠶᠢᠨ ᠵᠠᠬ᠎ᠠ ᠳᠡᠯᠭᠡᠭᠦᠷ ᠢ | ᠵᠢᠷᠤᠮᠵᠢᠭᠤᠯᠤᠨ ᠬᠥᠭᠵᠢᠭᠦᠯᠵᠦ᠂ ᠲᠦᠷᠢᠶᠡᠰᠦᠯᠡᠬᠦ ᠣᠷᠣᠨ ᠰᠠᠭᠤᠴᠠ ᠶᠢᠨ ᠭᠠᠶᠢᠯᠢ ᠵᠠᠷᠤᠳᠠᠯ ᠤᠨ ᠳᠠᠷᠤᠭᠠᠰᠤ ᠶᠢ | ᠬᠥᠩᠭᠡᠷᠡᠭᠦᠯᠦᠨ᠎ᠡ᠃ | ᠰᠣᠶᠣᠯ ᠪᠠ ᠪᠡᠶ᠎ᠡ ᠶᠢᠨ ᠲᠠᠮᠢᠷ᠄ ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠪᠡᠶ᠎ᠡ ᠶᠢᠨ ᠲᠠᠮᠢᠷ ᠤᠨ | ᠴᠤᠭᠯᠠᠭᠠᠨ᠂ ᠵᠡᠮᠳᠡᠭᠴᠦᠳ ᠤᠨ ᠡᠪᠦᠯ ᠤᠨ ᠤᠯᠠᠷᠢᠯ ᠤᠨ ᠣᠯᠢᠮᠫᠢᠺ ᠤᠨ ᠪᠡᠶ᠎ᠡ ᠶᠢᠨ ᠲᠠᠮᠢᠷ ᠤᠨ ᠴᠤᠭᠯᠠᠭᠠᠨ ᠢ ᠨᠠᠷᠢᠨ | ᠨᠢᠮᠪᠠᠶ ᠪᠡᠯᠡᠳᠬᠡᠨ ᠡᠷᠭᠢᠯᠡᠨ᠎ᠡ | ᠰᠢᠶᠠᠩᠭᠠᠩ ᠣᠣᠮᠧᠨ ᠲᠠᠶᠢᠸᠠᠨ᠄ ᠵᠠᠰᠠᠭ ᠵᠠᠬᠢᠷᠭᠠᠨ ᠤ ᠣᠨᠴᠠᠭᠠᠶ ᠣᠷᠣᠨ ᠤ ᠦᠨᠳᠦᠰᠦᠨ ᠬᠠᠤᠯᠢ ᠪᠠ ᠭᠤᠤᠯ | ᠬᠠᠤᠯᠢ ᠶᠢ ᠬᠡᠷᠡᠭᠵᠢᠭᠦᠯᠬᠦ ᠲᠠᠢ ᠬᠤᠯᠪᠣᠭᠳᠠᠬᠤ ᠲᠦᠷᠢᠮ ᠪᠠ ᠲᠣᠭᠲᠠᠴᠠ ᠶᠢ ᠲᠡᠭᠦᠯᠳᠡᠷᠵᠢᠭᠦᠯᠦᠨ᠎ᠡ。 | | ᠪᠡᠯᠡᠳᠭᠡᠭᠰᠡᠨ ᠨᠢ᠄ ᠬᠠᠨ ᠰᠢᠶᠤᠤ ᠿᠦᠩ | ᠬᠢᠨᠠᠭᠴᠢ᠄ ᠼᠦᠢ ᠶᠢᠩ | |