ᠭᠤᠸᠠᠨ ᠳᠦᠨ ᠪᠦ᠋ ᠰᠢᠶᠠᠩ ᠭᠤᠤᠯ ᠤᠨ ᠵᠠᠮ ᠤᠨ ︽ᠡᠷᠦᠢ ᠬᠤᠷᠦᠢ ᠪᠠᠶᠢᠳᠠᠯ ᠢ ᠠᠷᠢᠯᠭᠠᠬᠤ︾ ᠴᠡᠭᠴᠡᠯᠡᠨ ᠵᠠᠰᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ
ᠨᠡᠶᠢᠲᠡᠯᠡᠭᠰᠡᠨ ᠴᠠᠭ᠄
2021/4/12
   ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠠᠬᠤᠶ ᠶᠢ ᠴᠡᠭᠴᠡᠯᠡᠨ ᠵᠠᠰᠠᠵᠤ ᠳᠡᠭᠡᠭᠰᠢᠯᠡᠭᠦᠯᠬᠦ ᠲᠠᠪᠤᠨ ᠵᠢᠯ ᠤᠨ ᠠᠵᠢᠯᠯᠠᠭ᠎ᠠ ᠶᠢ ᠦᠷᠭᠦᠯᠵᠢᠯᠡᠨ ᠲᠦᠯᠬᠢᠨ ᠠᠬᠢᠭᠤᠯᠬᠤ ᠶᠢᠨ ᠲᠥᠯᠥᠭᠡ᠂ ᠭᠤᠣᠯ ᠤᠨ ᠵᠠᠮ ᠤᠨ ᠣᠷᠴᠢᠨ ᠠᠬᠤᠶ ᠶᠢ ᠪᠠᠶᠢᠩᠭᠤᠵᠢᠭᠤᠯᠤᠨ ᠵᠠᠰᠠᠬᠤ ᠶᠢ ᠴᠢᠩᠭᠠᠳᠬᠠᠨ᠎ᠠ᠃ ᠣᠶᠢᠷ᠎ᠠ ᠳᠤ᠂ ᠭᠤᠸᠠᠨ ᠳᠦᠨ ᠪᠦ᠋ ᠰᠢᠶᠠᠩ ᠭᠤᠤᠯ ᠤᠨ ᠵᠠᠮ ᠤᠨ ︽ᠡᠷᠦᠢ ᠬᠤᠷᠦᠢ ᠪᠠᠶᠢᠳᠠᠯ ᠢ ᠠᠷᠢᠯᠭᠠᠬᠤ  ︾ ᠴᠡᠭᠴᠡᠯᠡᠨ ᠵᠠᠰᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠣᠲᠣ ᠪᠣᠯᠲᠠᠯ᠎ᠠ 50 ᠰᠠᠤᠷᠢ ᠮᠠᠰᠢᠨ ᠮᠧᠬᠠᠨᠢᠭ ᠢ ᠬᠡᠷᠡᠭᠯᠡᠨ 10000 ᠭᠠᠷᠤᠶ ᠺᠦᠸᠠᠲ ᠮᠧᠲᠷ ᠤᠨ ᠭᠤᠤᠯ ᠤᠨ ᠵᠠᠮ ᠢ ᠴᠡᠪᠡᠷᠯᠡᠪᠡ᠃
   ᠭᠤᠸᠠᠨ ᠳᠦᠨ ᠪᠦ᠋ ᠰᠢᠶᠠᠩ ᠭᠤᠣᠯ ᠤᠨ ᠵᠠᠮ ᠢ ᠵᠠᠰᠠᠬᠤ ᠠᠵᠢᠯ ᠢ ᠤᠷᠳᠤ ᠬᠤᠭᠤᠴᠠᠭ᠎ᠠ ᠪᠠᠷ ᠪᠠᠷᠢᠮᠲᠠᠯᠠᠵᠤ᠂ ᠭᠤᠣᠯ ᠤᠨ ᠵᠠᠮ ᠤᠨ ᠣᠷᠴᠢᠨ ᠲᠣᠭᠤᠷᠢᠨ ᠢ ᠬᠠᠮᠠᠭᠠᠯᠠᠬᠤ᠂ ᠤᠬᠠᠭᠤᠯᠬᠤ᠂ ᠴᠡᠭᠴᠡᠯᠡᠨ ᠵᠠᠰᠠᠬᠤ ᠶᠢ ᠦᠨᠡᠨᠬᠦ ᠪᠣᠳᠠᠲᠠᠢ ᠳᠤ ᠨᠠᠶᠢᠳᠠᠪᠤᠷᠢᠵᠢᠭᠤᠯᠬᠤ ᠶᠢᠨ ᠬᠠᠮᠲᠤ ᠭᠤᠣᠯ ᠤᠨ ᠵᠠᠮ ᠢ ᠴᠡᠪᠡᠷᠯᠡᠬᠦ ᠠᠵᠢᠯ ᠢ ᠡᠳᠦᠷ ᠲᠤᠳᠤᠮ ᠤᠨ ᠬᠠᠮᠢᠶᠠᠷᠤᠯᠲᠠ ᠶᠢᠨ ᠬᠢᠨᠠᠨ ᠰᠢᠯᠭᠠᠬᠤ ᠲᠣᠭᠲᠠᠴᠠ ᠳᠤ ᠣᠷᠣᠭᠤᠯᠵᠤ᠂ ︽ᠭᠤᠣᠯ ᠤᠨ ᠳᠠᠷᠤᠭ᠎ᠠ ᠶᠢᠨ ᠲᠦᠷᠢᠮ︾ ᠢ ᠴᠢᠩᠭ᠎ᠠ ᠠᠳᠬᠤᠬᠤ ᠠᠵᠢᠯ ᠤᠨ ᠡᠭᠦᠷᠭᠡ ᠬᠠᠷᠢᠭᠤᠴᠠᠯᠭ᠎ᠠ ᠶᠢ ᠤᠯᠠᠮ ᠴᠢᠨᠠᠭᠰᠢᠳᠠ ᠰᠠᠶᠢᠲᠤᠷ ᠠᠳᠬᠤᠨ᠂ ᠭᠤᠣᠯ ᠤᠨ ᠵᠠᠮ ᠤᠨ ︽ᠰᠠᠮᠠᠭᠤᠷᠠᠯ ᠢ ᠴᠡᠪᠡᠷᠯᠡᠬᠦ︾ ᠴᠡᠭᠴᠡᠯᠡᠨ ᠵᠠᠰᠠᠬᠤ ᠠᠵᠢᠯᠯᠠᠭ᠎ᠠ ᠶᠢ ᠢᠳᠡᠪᠬᠢᠲᠡᠢ ᠰᠠᠶᠢᠲᠤᠷ ᠬᠢᠬᠦ ᠬᠡᠷᠡᠭᠲᠡᠢ᠃ ᠴᠡᠪᠡᠷᠯᠡᠬᠦ ᠠᠵᠢᠯ ᠢᠶᠠᠷ ᠳᠠᠮᠵᠢᠨ᠂ ᠭᠤᠣᠯ ᠤᠨ ᠵᠠᠮ ᠤᠨ ᠬᠤᠶᠠᠷ ᠬᠠᠵᠠᠭᠤ ᠶᠢᠨ ᠣᠷᠴᠢᠨ ᠲᠣᠭᠤᠷᠢᠨ ᠤ ᠠᠷᠢᠭᠤᠨ ᠴᠡᠪᠡᠷ ᠢ ᠴᠡᠪᠡᠷᠯᠡᠵᠦ᠂ ᠬᠤᠭ ᠨᠣᠪᠰᠢ ᠶᠢᠨ ᠪᠣᠬᠢᠷᠲᠤᠯ ᠤᠨ ᠦᠵᠡᠭᠳᠡᠯ ᠭᠠᠷᠬᠤ ᠶᠢ ᠬᠤᠷᠢᠬᠯᠠᠨ᠂ ᠭᠤᠣᠯ ᠤᠨ ᠵᠠᠮ ᠤᠨ ᠰᠠᠭᠠᠳ ᠦᠭᠡᠢ ᠨᠡᠪᠲᠡᠷᠡᠬᠦ ᠶᠢ ᠪᠠᠲᠤᠯᠠᠵᠤ᠂ ᠬᠤᠶᠠᠷ ᠬᠥᠪᠡᠭᠡᠨ ᠤ ᠠᠮᠢ ᠠᠬᠤᠢ ᠶᠢᠨ ᠣᠷᠴᠢᠨ ᠲᠣᠭᠤᠷᠢᠨ ᠢ ᠰᠠᠶᠢᠵᠢᠷᠠᠭᠤᠯᠵᠤ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠳᠤ ᠬᠦᠴᠦᠨ ᠴᠢᠳᠠᠯ ᠢᠶᠠᠨ ᠡᠷᠭᠦᠨ᠎ᠡ᠃
                  ᠤᠷᠴᠢᠭᠤᠯᠤᠭᠴᠢ᠄ ᠬᠠᠨ ᠰᠢᠶᠤᠤ ᠿᠦᠩ                   ᠬᠢᠨᠠᠭᠴᠢ᠄ ᠼᠦᠢ ᠶᠢᠩ
 
ᠢᠷᠡᠯᠲᠡ᠄ ᠠᠮᠢᠵᠢᠷᠠᠯ ᠪᠢᠯᠬᠠᠭᠰᠠᠨ ᠹᠧᠩᠵᠧᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3