ᠲᠢᠶᠠᠨ ᠵᠢᠶᠦ᠋ᠨ ᠨᠡᠷ ᠮᠠᠨ ᠤ ᠬᠤᠲᠠ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2021/4/12
    4 ᠰᠠᠷ᠎ᠠ ᠶᠢᠨ 7 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠪᠠᠶᠢᠭᠤᠯᠤᠯ ᠤᠨ ᠥᠭᠡᠷᠡᠴᠢᠯᠡᠯᠲᠡ ᠶᠢᠨ ᠭᠠᠵᠠᠷ ᠤᠨ ᠳᠠᠷᠤᠭ᠎ᠠ ᠲᠢᠶᠠᠨ ᠵᠢᠶᠦ᠋ᠨ ᠨᠡᠷ ᠮᠠᠨ ᠤ ᠬᠤᠲᠠ ᠳᠤ ᠡᠮᠴᠢᠯᠡᠭᠡᠨ ᠤ ᠥᠭᠡᠷᠡᠴᠢᠯᠡᠯᠲᠡ ᠶᠢᠨ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠪᠠᠶᠢᠴᠠᠭᠠᠨ ᠰᠤᠳᠤᠯᠬᠤ ᠶᠢᠨ ᠬᠠᠮᠲᠤ ᠰᠠᠭᠤᠳᠠᠯ ᠤᠨ ᠬᠤᠷᠠᠯ ᠬᠤᠷᠠᠯᠳᠤᠭᠤᠯᠪᠠ᠃ ᠮᠠᠨ ᠤ ᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠵᠧᠨ ᠬᠠᠶ ᠬᠤᠷᠠᠯ ᠢ ᠡᠷᠭᠢᠯᠡᠵᠦ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶᠠᠨ ᠤ ᠠᠯᠪᠠᠨ ᠬᠡᠷ ᠤᠨ ᠡᠷᠬᠢᠯᠡᠭᠴᠢ ᠱᠢ ᠬᠦᠶ ᠵᠢᠶᠦ᠋ᠨ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠠᠷ ᠬᠤᠷᠠᠯ ᠳᠤ  ᠤᠷᠤᠯᠴᠠᠪᠠ᠃
   ᠰᠠᠭᠤᠳᠠᠯ ᠤᠨ ᠬᠤᠷᠠᠯ ᠳᠡᠭᠡᠷ᠎ᠡ᠂ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠬᠠᠷᠢᠭᠤᠴᠠᠯᠭᠠᠲᠠᠨ ᠮᠠᠨ ᠤ ᠬᠤᠲᠠ ᠶᠢᠨ ᠰᠢᠶᠠᠨ ᠤ ᠬᠡᠪᠴᠢᠶᠡᠨ ᠤ ᠶᠡᠷᠦᠩᠬᠡᠶᠢᠯᠡᠭᠰᠡᠨ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠬᠢᠪᠡ᠃    ᠸᠠᠩ ᠵᠧᠨ ᠬᠠᠶ ᠠᠴᠠ ᠡᠪᠡᠳᠴᠢᠨ ᠦᠵᠡᠭᠦᠯᠬᠦ ᠬᠠᠮᠲᠤ ᠶᠢᠨ ᠴᠣᠭᠴᠠ ᠶᠢᠨ ᠥᠭᠡᠷᠡᠴᠢᠯᠡᠯᠲᠡ ᠶᠢᠨ ᠠᠵᠢᠯ ᠤᠨ ᠵᠢᠯᠣᠭᠤᠳᠬᠤ ᠦᠵᠡᠯ ᠰᠠᠨᠠᠭ᠎ᠠ᠂ ᠠᠵᠢᠯ ᠤᠨ ᠬᠠᠷᠠᠯᠲᠠ ᠶᠢ ᠲᠠᠨᠢᠯᠴᠠᠭᠤᠯᠬᠤ ᠶᠢᠨ ᠲᠠᠭᠠᠤ ᠵᠢᠭᠠᠵᠤ ᠭᠠᠷᠭᠠᠭᠰᠠᠨ ᠨᠢ᠂ ᠹᠧᠩᠵᠧᠨ ᠬᠤᠲᠠ ᠶᠢᠨ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠳᠤ ᠡᠷᠡᠭᠦᠯ ᠬᠠᠮᠠᠭᠠᠯᠠᠯ ᠤᠨ ᠡᠬᠢ ᠪᠠᠶᠠᠯᠢᠭ ᠤᠨ ᠲᠣᠬᠢᠷᠠᠭᠤᠯᠤᠯᠲᠠ ᠶᠢᠨ ᠬᠢᠷᠢ ᠲᠦᠪᠰᠢᠨ ᠬᠢᠭᠡᠳ ᠣᠷᠣᠨ ᠪᠠᠶᠢᠷᠢ ᠶᠢᠨ ᠳᠠᠪᠠᠭᠤᠯᠢᠭ ᠨᠢ ᠬᠠᠷᠢᠯᠴᠠᠨ ᠵᠣᠬᠢᠴᠠᠯᠳᠤᠬᠤ ᠥᠬᠡᠶ᠂ ᠬᠤᠲᠠ ᠶᠢᠨ ᠡᠳ᠋ ᠤᠨ ᠵᠠᠰᠠᠭ ᠤᠨ ᠬᠦᠴᠢᠷᠳᠡᠯᠲᠡᠶ ᠣᠷᠣᠭᠤᠯᠤᠯᠲᠠ ᠬᠠᠷᠢᠴᠠᠩᠭᠤᠶ ᠪᠠᠷ ᠬᠦᠷᠦᠯᠴᠡᠬᠦ ᠥᠬᠡᠶ᠂ ᠦᠨᠳᠦᠰᠦᠨ ᠱᠠᠲᠤᠨ ᠤ ᠨᠥᠬᠦᠴᠡᠯ ᠪᠠᠷᠤᠭᠲᠠᠶ᠂ ᠣᠯᠭᠤᠮᠵᠢ ᠳᠣᠤᠷ᠎ᠠ᠂ ᠴᠢᠳᠠᠪᠤᠷᠢᠲᠠᠨ ᠢ ᠡᠯᠰᠡᠵᠦ ᠳᠡᠶᠢᠯᠬᠦ ᠥᠬᠡᠶ ᠵᠡᠷᠭᠡ ᠪᠣᠳᠠᠲᠠᠶ ᠠᠰᠠᠭᠤᠳᠠᠯ ᠣᠷᠣᠰᠢᠵᠤ ᠪᠠᠶᠢᠨ᠎ᠠ᠃    ᠸᠠᠩ ᠵᠧᠨ ᠬᠠᠢ ᠢᠯᠡᠷᠭᠡᠶᠢᠯᠡᠭᠰᠡᠨ ᠨᠢ᠂ ᠹᠧᠩᠵᠧᠨ ᠬᠤᠲᠠ ᠶᠢᠨ ᠨᠠᠮ ᠤᠨ ᠬᠤᠷᠢᠶ᠎ᠠ ᠢᠮᠠᠭᠲᠠ ᠠᠷᠠᠳ ᠲᠦᠮᠡᠨ ᠢᠶᠠᠷ ᠭᠤᠣᠯ ᠪᠣᠯᠭᠠᠬᠤ ᠤᠢᠢᠯᠠᠭᠠᠭᠳᠠᠬᠤᠨ ᠢ ᠪᠠᠷᠢᠮᠲᠠᠯᠠᠵᠤ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠰ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠡᠷᠡᠭᠦᠯ ᠬᠠᠮᠠᠭᠠᠯᠠᠯ ᠤᠨ ᠣᠷᠣᠭᠤᠯᠤᠯᠲᠠ ᠶᠢᠨ ᠲᠦᠷᠦ ᠶᠢᠨ ᠪᠤᠳᠤᠯᠭ᠎ᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠴᠢᠳᠠᠪᠤᠷᠢ ᠶᠢ ᠲᠡᠭᠡᠭᠰᠢᠯᠡᠬᠦᠯᠦᠨ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠬᠥᠮᠦᠨ ᠬᠡᠷᠡᠭᠯᠡᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠡᠮ ᠡᠮᠨᠡᠯᠭᠡ ᠶᠢᠨ ᠬᠤᠯᠪᠣᠭᠠᠲᠤ ᠴᠣᠭᠴᠠ᠂ ᠡᠮ ᠡᠮᠨᠡᠯᠭᠡ ᠶᠢᠨ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠴᠢᠩᠭᠠᠳᠬᠠᠨ᠂ ᠪᠦᠬᠦᠯᠢ ᠴᠣᠭᠴᠠ ᠶᠢᠨ ᠡᠮ ᠡᠮᠨᠡᠯᠭᠡ ᠶᠢᠨ ᠦᠢᠯᠡᠴᠢᠯᠡᠭᠡᠨ ᠤ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠳᠡᠢ︔ ᠡᠭᠦᠨ ᠤ ᠬᠠᠮᠲᠤ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠪᠠᠷ ᠳᠠᠮᠵᠢᠭᠤᠯᠤᠨ ᠲᠥᠪᠯᠡᠷᠡᠭᠦᠯᠦᠨ ᠨᠢᠭᠡᠳᠦᠯᠲᠡᠶ ᠬᠠᠮᠢᠶᠠᠷᠴᠤ᠂ ᠬᠠᠷᠠᠯᠲᠠ ᠲᠣᠳᠣᠷᠬᠠᠶ᠂ ᠪᠠᠶᠢᠷᠢ ᠲᠣᠭᠲᠠᠭᠠᠯᠲᠠ ᠲᠣᠳᠣᠷᠬᠠᠶ᠂  ᠦᠢᠯᠡᠴᠢᠯᠡᠭᠡ ᠥᠨᠳᠥᠷ ᠪᠦᠲᠦᠮᠵᠢᠲᠡᠶ ᠡᠮᠴᠢᠯᠡᠭᠡᠨ ᠤ ᠦᠢᠯᠡᠴᠢᠯᠡᠭᠡᠨ ᠤ ᠠᠵᠢᠯ ᠤᠨ ᠬᠤᠪᠢᠶᠠᠷᠢᠯᠠᠨ ᠬᠠᠮᠵᠢᠯᠴᠠᠬᠤ ᠰᠢᠨ᠎ᠡ ᠲᠣᠭᠲᠠᠴᠠ ᠶᠢ ᠪᠠᠶᠢᠭᠤᠯᠤᠨ᠂ ︽ᠳᠠᠪᠠᠭᠤᠯᠢᠭ ᠢᠶᠠᠨ ᠪᠠᠳᠠᠷᠠᠭᠤᠯᠵᠤ᠂ ᠣᠷᠣᠨ ᠪᠠᠶᠢᠷᠢ ᠰᠤᠯᠢᠨ ᠬᠥᠭᠵᠢᠭᠦᠯᠬᠦ︾ ᠰᠡᠳᠬᠢᠴᠡ ᠶᠢᠨ ᠶᠣᠰᠣᠭᠠᠷ᠂ ︽ᠳᠡᠭᠡᠳᠦ ᠳᠣᠤᠷᠠᠳᠤ ᠱᠠᠲᠤ ᠬᠤᠯᠪᠣᠭᠠᠯᠠᠨ ᠬᠥᠳᠡᠯᠦᠯᠴᠡᠬᠦ᠂ ᠱᠠᠲᠤ ᠬᠤᠪᠢᠶᠠᠨ ᠣᠨᠣᠰᠢᠯᠠᠨ ᠡᠮᠨᠡᠬᠦ᠂ ᠬᠤᠤᠰ ᠴᠢᠭᠯᠡᠯ ᠢᠶᠠᠷ ᠰᠢᠯᠵᠢᠭᠦᠯᠦᠨ ᠣᠨᠣᠰᠢᠯᠠᠬᠤ᠂ ᠦᠨᠳᠦᠰᠦᠨ ᠱᠠᠲᠤᠨ ᠳᠤ ᠠᠩᠬ᠎ᠠ ᠣᠨᠣᠰᠢᠯᠠᠬᠤ︾ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠱᠠᠲᠤ ᠬᠤᠪᠢᠶᠠᠨ ᠣᠨᠣᠰᠢᠯᠠᠨ ᠡᠮᠨᠡᠬᠦ ᠲᠦᠷᠢᠮ ᠢ ᠲᠠᠰᠤᠷᠠᠯᠲᠠ ᠥᠬᠡᠶ ᠪᠦᠷᠢᠨᠰᠢᠬᠦᠯᠵᠦ᠂ ᠡᠮᠨᠡᠬᠦ ᠪᠠ ᠰᠡᠷᠭᠡᠶᠢᠯᠡᠬᠦ ᠶᠢ ᠭᠦᠨᠵᠡᠭᠡᠶ ᠬᠠᠮᠵᠢᠯᠴᠠᠭᠤᠯᠤᠨ ᠠᠭᠤᠰᠤᠯᠴᠠᠭᠤᠯᠬᠤ ᠶᠢ ᠠᠬᠢᠭᠤᠯᠤᠨ᠂ ᠠᠷᠠᠳ ᠣᠯᠠᠨ ᠳᠤ ᠨᠠᠩ ᠰᠠᠶᠢᠨ ᠡᠮᠴᠢᠯᠡᠭᠡᠨ ᠤ  ᠦᠢᠯᠡᠴᠢᠯᠡᠭᠡ ᠶᠢ ᠬᠦᠷᠳᠡᠭᠡᠬᠦ ᠬᠡᠷᠡᠭᠳᠡᠢ᠃    ᠲᠢᠶᠠᠨ ᠵᠢᠶᠦ᠋ᠨ ᠮᠠᠨ ᠤ ᠬᠤᠲᠠ ᠶᠢᠨ ᠰᠢᠶᠠᠨ ᠤ ᠬᠡᠪᠴᠢᠶᠡᠨ ᠤ ᠶᠡᠷᠦᠩᠬᠡᠶᠢᠯᠡᠭᠰᠡᠨ ᠡᠮ ᠡᠮᠨᠡᠯᠭᠡ ᠶᠢᠨ ᠥᠭᠡᠷᠡᠴᠢᠯᠡᠯᠲᠡ ᠶᠢᠨ ᠠᠵᠢᠯ ᠤᠨ ᠣᠯᠤᠭᠰᠠᠨ ᠠᠮᠵᠢᠯᠲᠠ ᠪᠦᠲᠦᠮᠵᠢ ᠶᠢ ᠨᠤᠲᠠᠯᠠᠬᠤ ᠶᠢᠨ ᠬᠠᠮᠲᠤ ᠲᠠᠷᠠᠭᠠᠴᠢ ᠶᠢᠨ ᠠᠯᠬᠤᠮ ᠤᠨ ᠥᠭᠡᠷᠡᠴᠢᠯᠡᠯᠲᠡ ᠶᠢᠨ ᠠᠵᠢᠯ ᠳᠤ ᠱᠠᠭᠠᠷᠳᠠᠯᠭ᠎ᠠ ᠳᠤᠷᠠᠳᠴᠤ᠂ ᠥᠭᠡᠷᠡᠴᠢᠯᠡᠯᠲᠡ ᠶᠢᠨ ᠠᠵᠢᠯ ᠤᠨ ᠡᠭᠦᠷᠭᠡ ᠬᠠᠷᠠᠯᠲᠠ ᠪᠠ ᠪᠠᠴᠢᠮ ᠰᠢᠢᠳᠪᠦᠷᠢᠯᠡᠬᠦ ᠴᠢᠬᠤᠯᠠᠲᠠᠶ ᠠᠰᠠᠭᠤᠳᠠᠯ ᠢ ᠲᠣᠳᠣᠷᠬᠠᠶᠢᠯᠠᠵᠤ᠂ ᠥᠭᠡᠷᠡᠴᠢᠯᠡᠯᠲᠡ ᠶᠢᠨ ᠠᠵᠢᠯ ᠤᠨ ᠲᠥᠯᠥᠪᠯᠡᠭᠡ ᠶᠢ ᠬᠠᠨᠳᠤᠯᠭᠠᠲᠤ ᠴᠢᠨᠠᠷᠲᠠᠶ ᠪᠠᠷ ᠲᠣᠭᠲᠠᠭᠠᠵᠤ᠂ ᠥᠭᠡᠷᠡᠴᠢᠯᠡᠯᠲᠡ ᠶᠢᠨ ᠱᠤᠭᠤᠮ ᠤᠨ ᠲᠣᠳᠣᠷᠬᠠᠶ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃  ᠪᠠᠰᠠ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠰᠢᠶᠠᠨ ᠤ ᠬᠡᠪᠴᠢᠶᠡᠨ ᠤ ᠶᠡᠷᠦᠩᠬᠡᠶᠢᠯᠡᠭᠰᠡᠨ ᠡᠮ ᠡᠮᠨᠡᠯᠭᠡ ᠶᠢᠨ ᠥᠭᠡᠷᠡᠴᠢᠯᠡᠯᠲᠡ ᠶᠢᠨ ᠠᠵᠢᠯ ᠢ ᠯᠠᠪᠳᠠᠭᠤᠨ ᠢᠶᠠᠷ ᠨᠢᠭᠲᠠ ᠬᠡᠯᠪᠡᠷᠢ ᠶᠢᠨ ᠡᠮᠴᠢᠯᠡᠭᠡᠨ ᠤ ᠬᠠᠮᠲᠤ ᠶᠢᠨ ᠴᠣᠭᠴᠠ ᠶᠢ ᠪᠠᠶᠢᠭᠤᠯᠵᠤ᠂ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢᠨ ᠴᠢᠳᠠᠪᠤᠷᠢ ᠬᠦᠷᠦᠯᠴᠡᠬᠦ ᠥᠬᠡᠶ ᠪᠠᠶᠢᠬᠤ ᠠᠰᠠᠭᠤᠳᠠᠯ ᠢ ᠭᠤᠤᠯᠳᠠᠯᠭ᠎ᠠ ᠲᠠᠢ ᠰᠢᠢᠳᠪᠦᠷᠢᠯᠡᠵᠦ᠂ ᠡᠮᠴᠢᠯᠡᠭᠡᠨ ᠤ ᠦᠢᠯᠡᠴᠢᠯᠡᠭᠡᠨ ᠤ ᠴᠢᠳᠠᠪᠤᠷᠢ ᠶᠢᠨ ᠳᠡᠭᠡᠭᠰᠢᠯᠡᠯᠲᠡ ᠳᠤ ᠰᠠᠭᠤᠷᠢᠯᠠᠨ᠂ ᠰᠠᠯᠠᠭ᠎ᠠ ᠮᠥᠴᠢᠷ ᠤᠨ ᠬᠤᠭᠤᠷᠣᠨᠳᠣᠬᠢ ᠵᠣᠬᠢᠴᠠᠭᠤᠯᠭ᠎ᠠ ᠬᠠᠮᠵᠢᠯᠴᠠᠭ᠎ᠠ ᠶᠢ ᠴᠢᠩᠭᠠᠳᠬᠠᠵᠤ᠂ ᠥᠭᠡᠷᠡᠴᠢᠯᠡᠯᠲᠡ ᠶᠢᠨ ᠠᠵᠢᠯ ᠢ ᠬᠠᠮᠲᠤᠪᠠᠷ ᠠᠬᠢᠭᠤᠯᠬᠤ ᠬᠡᠷᠡᠭᠲᠡᠢ ᠬᠡᠪᠡ᠃             ᠤᠷᠴᠢᠭᠤᠯᠤᠭᠴᠢ᠄ ᠬᠠᠨ ᠰᠢᠶᠤᠤ ᠿᠦᠩ             ᠬᠢᠨᠠᠭᠴᠢ᠄ ᠼᠦᠢ ᠶᠢᠩ
 
ᠢᠷᠡᠯᠲᠡ᠄ ᠠᠮᠢᠵᠢᠷᠠᠯ ᠪᠢᠯᠬᠠᠭᠰᠠᠨ ᠹᠧᠩᠵᠧᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3