ᠮᠠᠨ ᠤ ᠬᠤᠲᠠ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2021/4/12
      4 ᠰᠠᠷ᠎ᠠ ᠶᠢᠨ 8 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ︽ᠨᠤᠲᠤᠭ ᠤᠨ ᠳᠠᠭᠤᠤ ᠪᠠᠨ ᠨᠠᠮ ᠳᠠᠭᠠᠨ ᠰᠤᠨᠤᠰᠬᠠᠶ᠎ᠠ︾ ᠭᠡᠬᠦ ᠭᠤᠣᠯ ᠰᠡᠳᠦᠪᠳᠦ ᠠᠵᠢᠯᠯᠠᠭ᠎ᠠ ᠰᠢᠤᠸᠠᠢ ᠭᠠᠩ ᠱᠠᠨ ᠤ ᠦᠷᠡᠭᠳᠡᠭᠰᠡᠨ ᠪᠠᠭᠠᠳᠤᠷᠴᠤᠳ ᠤᠨ ᠪᠤᠩᠬᠤᠨ ᠤ ᠬᠦᠷᠢᠶᠡᠯᠡᠩ ᠤᠨ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠬᠦᠰᠢᠶ᠎ᠡ ᠶᠢᠨ ᠡᠮᠦᠨ᠎ᠡ ᠶᠠᠪᠤᠭᠳᠠᠵᠤ᠂ ᠲᠣᠭᠯᠠᠯᠲᠠ ᠳᠤ ᠣᠷᠣᠯᠴᠠᠭᠰᠠᠳ ᠭᠦᠨ ᠵᠤᠵᠠᠭᠠᠨ ᠬᠠᠶᠢᠷ᠎ᠠ ᠰᠡᠳᠬᠢᠯᠭᠡ ᠲᠠᠢ ᠳᠠᠭᠤᠤ ᠪᠤᠯᠤᠨ ᠢᠷᠠᠭᠤ ᠰᠠᠶᠢᠬᠠᠨ ᠪᠥᠵᠢᠭ ᠢᠶᠠᠷ ᠢᠶᠠᠨ ᠨᠠᠮ ᠳᠠᠭᠠᠨ ᠬᠡᠭᠦᠳᠡᠭ ᠳᠦᠭᠦᠷᠡᠩ ᠦᠨᠡᠨᠴᠢ ᠰᠡᠳᠬᠢᠯ ᠲᠠᠢ ᠪᠠᠨ ᠢᠯᠡᠳᠭᠡᠵᠡᠭᠡᠪᠡ᠃     ᠬᠦᠭ ᠠᠶᠠᠰ ᠬᠠᠩᠭᠢᠨᠠᠬᠤ ᠶᠢ ᠳᠠᠭᠠᠯᠳᠤᠨ᠂ ᠬᠥᠮᠦᠰ ᠤᠨ ᠰᠡᠳᠬᠢᠯ ᠢ ᠳᠣᠭᠳᠣᠯᠤᠭᠤᠯᠤᠮ᠎ᠠ ᠬᠤᠪᠢᠰᠬᠠᠯ ᠤᠨ ᠳᠠᠭᠤᠤ ᠶᠢᠨ ᠠᠵᠢᠯᠯᠠᠭ᠎ᠠ ᠬᠥᠰᠢᠭᠡ ᠪᠠᠨ ᠰᠡᠬᠦᠪᠡ᠃ ᠠᠵᠢᠯᠯᠠᠭ᠎ᠠ ᠶᠢᠨ ᠲᠤᠬᠠᠢ ᠶᠢᠨ ᠲᠠᠯᠠᠪᠤᠷ ᠲᠤ᠂ ᠤᠯᠠᠨ ᠢᠶᠠᠷ ᠢᠶᠠᠨ ᠤᠯᠤᠰ ᠤᠨ ᠲᠤᠭ ᠢᠶᠠᠨ ᠡᠷᠭᠦᠵᠦ᠂ ᠥᠨᠳᠥᠷ ᠲᠠᠭᠤᠨ ᠢᠶᠠᠷ ᠨᠠᠶᠢᠷᠠᠯ ᠳᠠᠭᠤᠤ ᠳᠠᠭᠤᠯᠠᠵᠤ᠂ ᠴᠢᠬᠢᠨ ᠳᠤ ᠰᠤᠨᠤᠰᠪᠤᠷᠢᠳᠠᠢ ᠰᠡᠳᠬᠢᠯ ᠢ ᠬᠥᠳᠡᠯᠭᠡᠮ᠎ᠡ ᠳᠠᠭᠤᠤ ᠶᠢᠨ ᠦᠬᠡᠰ ᠬᠦᠮᠦᠨ ᠨᠢᠭᠡᠪᠦᠷᠢ ᠶᠢᠨ ᠨᠠᠮ ᠪᠠ ᠡᠬᠡ ᠤᠯᠤᠰ ᠢᠶᠠᠨ ᠬᠦᠨᠳᠤᠳᠬᠡᠨ ᠮᠠᠭᠲᠠᠨ ᠰᠠᠶᠢᠰᠢᠶᠠᠵᠤ ᠪᠠᠶᠢᠭ᠎ᠠ ᠰᠡᠳᠭᠢᠯᠭᠡ ᠶᠢ ᠪᠦᠷᠢᠨ ᠭᠦᠢᠴᠡᠳ ᠢᠯᠡᠳᠭᠡᠪᠡ᠃      ᠲᠤᠰ ᠠᠵᠢᠯᠯᠠᠭ᠎ᠠ ᠳᠤ᠂ ᠪᠦᠬᠦ ᠬᠤᠳᠠ ᠶᠢᠨ ᠡᠯ᠎ᠡ ᠠᠵᠢᠯ ᠲᠦᠷᠦᠯ ᠠᠴᠠ ᠢᠷᠡᠭᠰᠡᠨ ᠨᠠᠮ ᠤᠨ ᠭᠡᠰᠢᠭᠦᠨ ᠤᠯᠠᠨ ᠲᠦᠮᠡᠨ ᠤ ᠲᠥᠯᠥᠭᠡᠯᠡᠭᠴᠢ ᠨᠠᠷ ᠨᠡᠶᠢᠳᠡ 100 ᠭᠠᠷᠤᠢ ᠬᠥᠮᠦᠨ ᠣᠷᠣᠯᠴᠠᠵᠤ᠂ ᠴᠢᠩ ᠦᠨᠡᠨᠴᠢ ᠬᠠᠶᠢᠷ᠎ᠠ ᠰᠡᠳᠬᠢᠯᠭᠡ᠂ ᠬᠠᠩᠭᠢᠨᠠᠮ᠎ᠠ ᠠᠶᠠᠰ ᠨᠢ ᠰᠢᠨ᠎ᠡ ᠴᠠᠭ ᠦᠶ᠎ᠡ ᠶᠢᠨ ᠪᠦᠬᠦ ᠬᠤᠳᠠ ᠶᠢᠨ ᠠᠷᠠᠳ ᠲᠦᠮᠡᠨ ᠤ ᠤᠶᠤᠨ ᠰᠠᠨᠠᠭᠠᠨ ᠤ ᠳᠦᠷᠰᠦ ᠪᠠᠶᠢᠳᠠᠯ ᠢ ᠬᠠᠷᠠᠭᠤᠯᠪᠠ᠃               ᠤᠷᠴᠢᠭᠤᠯᠤᠭᠴᠢ᠄ ᠬᠠᠨ ᠰᠢᠶᠤᠤ ᠿᠦᠩ               ᠬᠢᠨᠠᠭᠴᠢ᠄ ᠼᠦᠢ ᠶᠢᠩ
 
ᠢᠷᠡᠯᠲᠡ᠄ ᠠᠮᠢᠵᠢᠷᠠᠯ ᠪᠢᠯᠬᠠᠭᠰᠠᠨ ᠹᠧᠩᠵᠧᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3