ᠮᠠᠨ ᠤ ᠬᠤᠲᠠ ᠬᠤᠲᠠ ᠶᠢᠨ ᠨᠠᠮ ᠤᠨ ᠬᠤᠷᠢᠶ᠎ᠠ ᠶᠢᠨ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠵᠢᠷᠭᠤᠳᠤᠭᠠᠷ ᠤᠳᠠᠭᠠᠨ ᠤ ᠰᠤᠷᠤᠯᠴᠠᠯᠭ᠎ᠠ ᠶᠢᠨ ︵ᠥᠷᠭᠡᠳᠬᠡᠭᠰᠡᠨ︶ ᠬᠤᠷᠠᠯ ᠵᠢᠴᠢ ᠪᠥᠬᠦ ᠬᠤᠲᠠ ᠶᠢᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠤᠰᠬᠠᠶ ᠰᠡᠳᠦᠪᠲᠦ ᠪᠣᠯᠪᠠᠰᠤᠷᠠᠭᠤᠯᠤᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/4/12
   4 ᠰᠠᠷ᠎ᠠ ᠶᠢᠨ 10 ᠤ ᠡᠳᠦᠷ᠂ ᠮᠠᠨ ᠤ ᠬᠤᠲᠠ ᠬᠤᠲᠠ ᠶᠢᠨ ᠨᠠᠮ ᠤᠨ ᠬᠤᠷᠢᠶ᠎ᠠ ᠶᠢᠨ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠵᠢᠷᠭᠤᠳᠤᠭᠠᠷ ᠤᠳᠠᠭᠠᠨ ᠤ ᠰᠤᠷᠤᠯᠴᠠᠯᠭ᠎ᠠ ᠶᠢᠨ ︵ᠥᠷᠭᠡᠳᠬᠡᠭᠰᠡᠨ︶ ᠬᠤᠷᠠᠯ ᠵᠢᠴᠢ ᠪᠥᠬᠦ ᠬᠤᠲᠠ ᠶᠢᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠤᠰᠬᠠᠶ ᠰᠡᠳᠦᠪᠲᠦ ᠪᠣᠯᠪᠠᠰᠤᠷᠠᠭᠤᠯᠤᠯ ᠤᠨ ᠬᠤᠷᠠᠯ ᠢ ᠬᠤᠷᠠᠯᠳᠤᠭᠤᠯᠪᠠ᠃
   ᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠵᠧᠨ ᠬᠠᠶ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠠᠩ ᠵᠢᠶᠦ᠋ᠨ ᠲᠤᠤ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠵᠠᠩ ᠵᠢᠶ ᠵᠡᠷᠭᠡ ᠳᠥᠷᠪᠡᠨ ᠶᠡᠭᠡ ᠪᠠᠭ ᠤᠨ ᠤᠳᠤᠷᠢᠳᠤᠯᠭ᠎ᠠ ᠨᠠᠷ ᠬᠤᠷᠠᠯ ᠳᠤ ᠣᠷᠣᠯᠴᠠᠪᠠ᠃ ᠬᠤᠳᠠ ᠶᠢᠨ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠪᠦᠷᠢᠯᠳᠦᠬᠦᠨ᠂ ᠡᠯ᠎ᠡ ᠰᠢᠶᠠᠩ ᠪᠠᠯᠭᠠᠰᠤ᠂ ᠬᠡᠷᠡᠭ ᠡᠷᠬᠢᠯᠡᠬᠦ ᠭᠠᠵᠠᠷ᠂ ᠬᠤᠳᠠ ᠶᠢᠨ ᠰᠢᠭᠤᠳ ᠬᠠᠷᠢᠶ᠎ᠠ ᠵᠢᠴᠢ ᠹᠧᠩᠵᠧᠨ ᠳᠤ ᠰᠠᠭᠤᠭ᠎ᠠ ᠬᠠᠮᠢᠶᠠᠷᠤᠯᠲᠠ ᠶᠢᠨ ᠨᠢᠭᠡᠴᠡ ᠶᠢᠨ ᠭᠤᠣᠯ ᠬᠠᠷᠢᠭᠤᠴᠠᠯᠭᠠᠲᠠᠨ᠂ ᠡᠯ᠎ᠡ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠠᠩᠬᠢ ᠪᠣᠯᠤᠨ ᠬᠡᠰᠡᠭ ᠬᠠᠮᠢᠶ᠎ᠠ ᠪᠦᠬᠦᠢ ᠨᠢᠭᠡᠴᠡ ᠶᠢᠨ ᠬᠠᠷᠢᠭᠤᠴᠠᠯᠭᠠᠲᠠᠨ ᠨᠠᠷ ᠰᠤᠷᠤᠯᠴᠠᠯᠭ᠎ᠠ ᠪᠤᠯᠪᠠᠰᠤᠷᠠᠭᠤᠯᠤᠯ ᠳᠤ ᠤᠷᠤᠯᠴᠠᠵᠦ᠂ ᠸᠠᠩ ᠵᠧᠨ ᠬᠠᠢ ᠬᠤᠷᠠᠯ ᠢ ᠡᠷᠬᠢᠯᠡᠪᠡ᠃
   ᠬᠤᠷᠠᠯ ᠳᠡᠭᠡᠷ᠎ᠡ᠂ ᠥᠪᠥᠷ ᠮᠣᠩᠭᠤᠯ ᠤᠨ ᠴᠢᠳᠠᠪᠤᠷᠢᠲᠠᠨ ᠤ ᠬᠥᠭᠵᠢᠯᠲᠡ ᠶᠢᠨ ᠰᠤᠳᠤᠯᠭᠠᠨ ᠤ ᠬᠦᠷᠢᠶᠡᠯᠡᠩ ᠤᠨ ᠲᠡᠷᠢᠭᠦᠨ ᠰᠤᠳᠤᠯᠤᠭᠴᠢ᠂ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠤᠯᠠᠨ ᠨᠡᠶᠢᠲᠡ ᠶᠢᠨ ᠬᠠᠮᠢᠶᠠᠷᠤᠯᠲᠠ ᠶᠢᠨ ᠳᠡᠭᠡᠳᠦ ᠰᠤᠷᠭᠠᠭᠤᠯᠢ ᠶᠢᠨ ᠲᠤᠰᠢᠶᠠᠯ ᠬᠠᠪᠰᠤᠷᠭᠠᠭᠰᠠᠨ ᠫᠷᠤᠹᠧᠰᠰᠤᠷ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠣᠨᠴᠠ ᠤᠷᠢᠭᠰᠠᠨ ᠫᠷᠤᠹᠧᠰᠰᠤᠷ᠂ ᠳᠤᠮᠳᠠᠳᠤ ᠤᠯᠤᠰ ᠤᠨ ᠪᠣᠬᠢᠷᠲᠤᠯ ᠦᠭᠡᠢ ᠰᠠᠭᠤᠷᠢ ᠮᠥᠩᠭᠦᠨ ᠤ ᠨᠡᠶᠢᠭᠡᠮᠯᠢᠭ ᠤᠨ ᠤᠶᠤᠨ ᠤ ᠬᠥᠮᠥᠷᠭᠡ ᠶᠢᠨ ᠰᠤᠳᠤᠯᠭᠠᠨ ᠤ ᠲᠥᠪ ᠤᠨ ᠰᠤᠳᠤᠯᠤᠭᠴᠢ ᠮᠠ ᠴᠢᠶᠠᠩ ᠫᠷᠤᠹᠧᠰᠰᠤᠷ ︽ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠵᠦ᠂ ᠵᠠᠰᠠᠭ ᠤᠨ ᠣᠷᠳᠣᠨ ᠤ ᠵᠠᠰᠠᠯᠲᠠ ᠶᠢᠨ ᠰᠢᠰᠲ᠋ᠧᠮ ᠢ ᠲᠡᠭᠦᠯᠳᠡᠷᠵᠢᠬᠦᠯᠦᠨ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠶ᠎ᠠ︾ ᠭᠡᠬᠦ ᠰᠡᠳᠦᠪ ᠢᠶᠠᠷ ᠲᠠᠶᠢᠯᠤᠮᠵᠢ ᠬᠢᠪᠡ᠃
   ᠮᠠ ᠴᠢᠶᠠᠩ ᠫᠷᠤᠹᠧᠰᠰᠤᠷ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠤ ᠤᠬᠠᠭᠳᠠᠬᠤᠨ᠂ ᠠᠭᠤᠯᠤᠭᠳᠠᠬᠤᠨ᠂ ᠮᠥᠨ ᠴᠢᠨᠠᠷ ᠤᠨ ᠱᠠᠭᠠᠷᠳᠠᠯᠭ᠎ᠠ ᠵᠢᠴᠢ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠤ ᠵᠢᠭᠠᠯᠲᠠ ᠲᠤᠭ᠎ᠠ ᠶᠢᠨ ᠰᠢᠰᠲ᠋ᠧᠮ ᠢ ᠪᠠᠶᠢᠭᠤᠯᠬᠤ ᠪᠠ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠵᠡᠷᠭᠡ ᠲᠠᠯ᠎ᠠ ᠠᠴᠠ ᠲᠤᠰ ᠪᠡᠶ᠎ᠡ ᠶᠢᠨ ᠰᠤᠳᠤᠯᠭᠠᠨ ᠤ ᠦᠢᠯᠡᠳᠦᠯᠭᠡ ᠲᠠᠢ ᠪᠠᠨ ᠤᠶᠠᠯᠳᠤᠭᠤᠯᠵᠤ᠂ ᠤᠯᠤᠰ ᠤᠨ ᠳᠣᠲᠣᠭᠠᠳᠤ ᠭᠠᠳᠠᠭᠠᠳᠤ᠂ ᠥᠪᠡᠷᠲᠡᠭᠡᠨ ᠵᠠᠰᠠᠬᠤ ᠣᠷᠣᠨ ᠤ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠤ ᠵᠠᠳᠠᠯᠤᠯᠲᠠ ᠵᠡᠷᠭᠡ ᠲᠠᠯ᠎ᠠ ᠪᠠᠷ ᠭᠦᠨ ᠭᠦᠨᠵᠡᠭᠡᠢ ᠨᠠᠷᠢᠨ ᠲᠠᠶᠢᠯᠤᠮᠵᠢ ᠬᠢᠪᠡ᠃    ᠸᠠᠩ ᠵᠧᠨ ᠬᠠᠶ ᠶᠠᠷᠢᠶᠠᠨ ᠳᠠᠭᠠᠨ᠂ ᠥᠷᠭᠡᠨ ᠣᠯᠠᠨ ᠨᠠᠮ ᠤᠨ ᠭᠡᠰᠢᠭᠦᠨ ᠤᠳᠤᠷᠢᠳᠬᠤ ᠺᠠᠳ᠋ᠷᠴᠤᠳ ᠡᠷᠬᠡᠪᠰᠢ ᠲᠠᠶᠢᠯᠤᠮᠵᠢ ᠶᠢᠨ ᠵᠣᠷᠢᠭ ᠰᠠᠨᠠᠭᠠᠨ ᠤ ᠴᠢᠬᠤᠯᠠ ᠠᠭᠤᠯᠭ᠎ᠠ ᠶᠢ ᠨᠠᠷᠢᠨ ᠬᠢᠨᠠᠮᠠᠭᠠᠶ ᠰᠤᠷᠤᠯᠴᠠᠨ ᠣᠶᠢᠯᠠᠭᠠᠵᠤ᠂ ᠨᠢᠭᠡ ᠠᠴᠠ ᠵᠦᠢᠴᠢᠯᠡᠵᠦ ᠨᠥᠬᠦᠭᠡ ᠶᠢ ᠮᠡᠳᠡᠵᠦ᠂ ᠰᠤᠷᠤᠯᠴᠠᠭᠰᠠᠨ ᠦᠷ᠎ᠡ ᠪᠦᠲᠦᠭᠡᠯ ᠢᠶᠠᠨ ᠪᠣᠳᠠᠲᠠᠶ ᠠᠵᠢᠯ ᠤᠨ ᠳᠤᠮᠳᠠ ᠪᠠᠨ ᠴᠢᠷᠮᠠᠶᠢᠨ ᠬᠤᠪᠢᠷᠠᠭᠤᠯᠵᠤ᠂ ᠮᠠᠨ ᠤ ᠬᠤᠲᠠ ᠶᠢᠨ ︽ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ︾ ᠶᠢᠨ ᠶᠡᠭᠡ ᠲᠠᠯ᠎ᠠ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠨ᠂ ᠰᠢᠨ᠎ᠡ ᠶᠢ ᠡᠭᠦᠳᠬᠦ ᠵᠣᠷᠢᠭ ᠰᠠᠨᠠᠭ᠎ᠠ ᠪᠠ ᠪᠣᠳᠠᠲᠠᠶ ᠠᠵᠢᠯᠯᠠᠬᠤ ᠰᠤᠷᠲᠠᠯ ᠢᠶᠠᠷ ᠮᠠᠨ ᠤ ᠬᠤᠲᠠ ᠶᠢᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠳᠠᠬᠢᠨ ᠰᠢᠯᠢᠳᠡᠭᠵᠢᠭᠦᠯᠵᠦ᠂ ᠮᠥᠷᠳᠡᠨ ᠦᠢᠯᠡᠴᠢᠯᠡᠬᠦ ᠶᠢ ᠨᠠᠩ ᠪᠣᠳᠠᠲᠠᠶᠢᠵᠢᠭᠤᠯᠬᠤ ᠶᠢ ᠪᠥᠬᠦ ᠬᠦᠴᠦᠨ ᠢᠶᠠᠷ ᠢᠶᠠᠨ ᠳᠥᠯᠭᠢᠨ ᠠᠬᠢᠭᠤᠯᠬᠤ ᠬᠡᠷᠡᠭᠲᠡᠶ ᠭᠡᠵᠦ ᠱᠠᠭᠠᠷᠳᠠᠪᠠ᠃    ᠸᠠᠩ ᠵᠧᠨ ᠬᠠᠶ ᠴᠢᠬᠤᠯᠠᠴᠢᠯᠠᠭᠰᠠᠨ ᠨᠢ᠂ ᠮᠠᠨ ᠤ ᠬᠤᠲᠠ ᠶᠢᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠴᠢᠨᠠᠷ ᠰᠠᠶᠢᠲᠠᠶ ᠬᠥᠭᠵᠢᠯᠲᠡ ᠶᠢᠨ ᠱᠠᠭᠠᠷᠳᠠᠯᠭ᠎ᠠ ᠪᠠ ᠲᠡᠷᠢᠭᠦᠨ ᠤ ᠬᠥᠭᠵᠢᠭᠰᠡᠨ ᠭᠠᠵᠠᠷ ᠣᠷᠣᠨ ᠲᠠᠢ ᠬᠠᠷᠢᠴᠠᠭᠤᠯᠪᠠᠯ ᠪᠠᠰᠠ ᠮᠠᠰᠢ ᠶᠡᠭᠡ ᠵᠥᠷᠢᠶ᠎ᠡ ᠪᠠ ᠬᠦᠷᠦᠯᠴᠡᠬᠦ ᠥᠬᠡᠶ ᠲᠠᠯ᠎ᠠ ᠲᠠᠢ ᠪᠠᠶᠢᠨ᠎ᠠ ᠭᠡᠳᠡᠭ ᠢ ᠭᠦᠢᠴᠡᠳ ᠲᠠᠨᠢᠬᠤ ᠬᠡᠷᠡᠭᠲᠡᠶ︔ ᠣᠷᠣᠰᠢᠵᠤ ᠪᠠᠶᠢᠭ᠎ᠠ ᠳᠤᠲᠠᠭᠳᠠᠯ ᠳᠤ ᠵᠥᠪ ᠢᠶᠠᠷ ᠬᠠᠨᠳᠤᠵᠤ᠂ ᠲᠠᠨᠢᠯᠲᠠ ᠪᠠᠨ ᠲᠡᠭᠡᠭᠰᠢᠯᠡᠬᠦᠯᠦᠨ᠂ ᠦᠵᠡᠯ ᠰᠠᠨᠠᠭ᠎ᠠ ᠪᠠᠨ ᠬᠤᠪᠢᠷᠠᠭᠤᠯᠵᠤ᠂ ᠤᠯᠤᠰ ᠲᠦᠷᠦ ᠶᠢᠨ ᠬᠠᠷᠢᠭᠤᠴᠠᠯᠭ᠎ᠠ ᠪᠠᠨ ᠪᠠᠳᠤᠳᠬᠠᠨ᠂ ᠬᠢᠨᠠᠯᠲᠠ ᠲᠠᠯᠪᠢᠬᠤ ᠡᠷᠴᠢᠮ ᠢᠶᠠᠨ ᠴᠢᠩᠭᠠᠷᠠᠭᠤᠯᠵᠤ᠂ ᠤᠬᠠᠭᠤᠯᠵᠤ ᠬᠦᠳᠦᠯᠦᠨ ᠵᠢᠯᠣᠭᠤᠳᠬᠤ ᠪᠠᠨ ᠴᠢᠩᠭᠠᠳᠬᠠᠨ᠂ ᠨᠠᠷᠢᠨ ᠬᠢᠨᠠᠮᠠᠭᠠᠢ ᠲᠡᠭᠦᠯᠳᠡᠷᠵᠢᠭᠦᠯᠬᠦ ᠪᠠ ᠴᠡᠭᠴᠡᠯᠡᠨ ᠰᠠᠶᠢᠵᠢᠷᠠᠭᠤᠯᠵᠤ᠂ ᠪᠦᠬᠦ ᠬᠤᠳᠠ ᠶᠢᠨ ᠬᠥᠮᠦᠨ ᠪᠦᠬᠦᠨ ᠤᠷᠤᠯᠴᠠᠬᠰᠠᠨ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠥᠳᠬᠡᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ᠃             ᠤᠷᠴᠢᠭᠤᠯᠤᠭᠴᠢ᠄ ᠬᠠᠨ ᠰᠢᠶᠤᠤ ᠿᠦᠩ             ᠬᠢᠨᠠᠭᠴᠢ᠄ ᠼᠦᠢ ᠶᠢᠩ
 
ᠢᠷᠡᠯᠲᠡ᠄ ᠠᠮᠢᠵᠢᠷᠠᠯ ᠪᠢᠯᠬᠠᠭᠰᠠᠨ ᠹᠧᠩᠵᠧᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3