| 4 ᠰᠠᠷ᠎ᠠ ᠶᠢᠨ 8 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠢᠶᠠᠷ | ᠲᠦᠷᠦᠭᠦᠯᠡᠭᠦᠯᠦᠨ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠪᠠ ᠰᠣᠶᠣᠯ | ᠵᠤᠭᠠᠴᠠᠯ ᠤᠨ ᠲᠣᠪᠴᠢᠶ᠎ᠠ ᠲᠠᠢ ᠬᠠᠮᠲᠤᠷᠠᠨ ᠬᠠᠤᠯᠢ ᠬᠡᠷᠡᠭᠵᠢᠭᠦᠯᠵᠦ ᠴᠡᠭᠴᠡᠯᠡᠨ ᠵᠠᠰᠠᠬᠤ ᠠᠵᠢᠯᠯᠠᠭᠠᠨ ᠤ | ᠳᠤᠭᠤᠶᠢᠯᠠᠩ ᠪᠠᠶᠢᠭᠤᠯᠵᠤ᠂ ᠬᠤᠲᠠ ᠶᠢᠨ ᠳᠣᠲᠣᠷᠠᠬᠢ ᠳᠠᠭᠠᠭᠤᠯᠢ ᠣᠳᠣᠨ ᠲᠧᠯᠸᠢᠰ ᠤᠨ ᠭᠠᠵᠠᠷ ᠳᠡᠭᠡᠷᠡᠬᠢ | ᠭᠥᠯᠢᠶᠡᠨ ᠠᠪᠬᠤ ᠪᠡᠯᠡᠳᠬᠡᠮᠵᠢ ᠶᠢ ᠬᠠᠤᠯᠢ ᠪᠤᠰᠤ ᠪᠠᠷ ᠪᠣᠷᠣᠯᠠᠭᠤᠯᠤᠨ ᠤᠭᠰᠠᠷᠠᠵᠤ ᠬᠡᠷᠡᠭᠯᠡᠬᠦ ᠶᠠᠪᠤᠳᠠᠯ ᠳᠤ ᠲᠤᠰᠬᠠᠶ | ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠵᠦ᠂ ᠷᠠᠳᠢᠣ᠋ ᠲᠧᠯᠸᠢᠰ ᠤᠨ ᠭᠠᠵᠠᠷ ᠳᠡᠭᠡᠷᠡᠬᠢ ᠭᠥᠯᠢᠶᠡᠨ ᠠᠪᠬᠤ | ᠪᠡᠯᠡᠳᠬᠡᠮᠵᠢ ᠶᠢᠨ ᠬᠠᠮᠢᠶᠠᠷᠤᠯᠲᠠ ᠶᠢ ᠴᠢᠩᠭᠠᠳᠬᠠᠨ᠂ ᠳᠠᠭᠠᠭᠤᠯᠢ ᠣᠳᠣᠨ ᠤ ᠭᠠᠵᠠᠷ ᠳᠡᠭᠡᠷᠡᠬᠢ ᠭᠥᠯᠢᠶᠡᠨ ᠠᠪᠬᠤ | ᠪᠡᠯᠡᠳᠬᠡᠮᠵᠢ ᠶᠢ ᠬᠠᠤᠯᠢ ᠪᠤᠰᠤ ᠪᠠᠷ ᠪᠣᠷᠣᠯᠠᠭᠤᠯᠬᠤ᠂ ᠤᠭᠰᠠᠷᠠᠬᠤ ᠪᠠ ᠬᠡᠷᠡᠭᠯᠡᠬᠦ ᠦᠢᠯᠡ ᠠᠵᠢᠯᠯᠠᠭ᠎ᠠ ᠳᠤ ᠴᠣᠬᠢᠯᠲᠠ | ᠥᠭᠪᠡ᠃ | | ᠬᠠᠤᠯᠢ ᠬᠡᠷᠡᠭᠵᠢᠭᠦᠯᠬᠦ ᠠᠵᠢᠯᠯᠠᠭ᠎ᠠ ᠶᠢᠨ ᠳᠤᠮᠳᠠ᠂ ᠬᠠᠮᠲᠤᠷᠠᠭᠰᠠᠨ ᠪᠠᠶᠢᠴᠠᠭᠠᠬᠤ ᠳᠤᠭᠤᠶᠢᠯᠠᠩ ᠪᠠᠰᠠ ᠭᠠᠵᠠᠷ | ᠳᠡᠭᠡᠷᠡᠬᠢ ᠳᠠᠭᠠᠭᠤᠯᠢ ᠣᠲᠣ ᠶᠢ ᠭᠥᠯᠢᠶᠡᠨ ᠠᠪᠬᠤ ᠲᠥᠬᠦᠭᠡᠷᠦᠮᠵᠢ ᠶᠢ ᠡᠵᠡᠩᠨᠡᠵᠦ ᠪᠠᠶᠢᠭ᠎ᠠ ᠲᠣᠤᠷ ᠴᠡᠭ ᠲᠤ | ᠳᠠᠭᠠᠭᠤᠯᠢ ᠣᠲᠣ ᠶᠢᠨ ᠭᠠᠵᠠᠷ ᠳᠡᠭᠡᠷᠡᠬᠢ ᠭᠥᠯᠢᠶᠡᠨ ᠠᠪᠬᠤ ᠲᠥᠬᠦᠭᠡᠷᠦᠮᠵᠢ ᠶᠢᠨ ᠬᠤᠯᠪᠣᠭᠳᠠᠯ ᠪᠥᠬᠦᠶ ᠲᠥᠷᠥ ᠶᠢᠨ | ᠪᠣᠳᠣᠯᠭ᠎ᠠ ᠶᠢ ᠤᠬᠠᠭᠤᠯᠪᠠ᠃ ᠵᠡᠭᠡᠯᠢ ᠳᠠᠭᠠᠤ ᠶᠢᠨ ᠬᠤᠳᠠᠯᠳᠤᠭᠠᠨ ᠤ ᠫᠦᠰᠡ ᠵᠢᠴᠢ ᠣᠷᠣᠨ ᠰᠠᠭᠤᠴᠠ ᠶᠢᠨ ᠵᠢᠵᠢᠭ | ᠲᠣᠭᠤᠷᠢᠭ ᠲᠤ ᠪᠠᠶᠢᠴᠠᠭᠠᠯᠲᠠ ᠬᠢᠵᠦ᠂ ᠬᠠᠤᠯᠢ ᠪᠤᠰᠤ ᠪᠠᠷ ᠤᠭᠰᠠᠷᠠᠭᠰᠠᠨ ᠳᠠᠭᠠᠭᠤᠯᠢ ᠤᠳᠤᠨ ᠤ ᠬᠦᠯᠢᠶᠡᠨ | ᠠᠪᠤᠭᠴᠢ ᠶᠢ ᠬᠤᠷᠢᠶᠠᠨ ᠠᠪᠬᠤ ᠶᠢᠨ ᠬᠠᠮᠲᠤ ᠰᠠᠭᠤᠭᠠᠯᠢ ᠠᠷᠠᠳ ᠲᠤ ᠳᠠᠭᠠᠭᠤᠯᠢ ᠤᠳᠤᠨ ᠤ ᠲᠧᠯᠸᠢᠰ ᠤᠨ ᠭᠠᠵᠠᠷ | ᠳᠡᠭᠡᠷᠡᠬᠢ ᠬᠦᠯᠢᠶᠡᠨ ᠠᠪᠬᠤ ᠲᠥᠬᠦᠭᠡᠷᠦᠮᠵᠢ ᠶᠢᠨ ᠬᠤᠯᠪᠣᠭᠳᠠᠯ ᠪᠦᠬᠦᠢ ᠪᠠᠶᠢᠳᠠᠯ ᠢ ᠨᠠᠷᠢᠨ ᠲᠠᠶᠢᠯᠪᠤᠷᠢᠯᠠᠵᠤ᠂ ᠬᠠᠤᠯᠢ | ᠪᠤᠰᠤ ᠳᠠᠭᠠᠭᠤᠯᠢ ᠤᠳᠤᠨ ᠤ ᠭᠠᠵᠠᠷ ᠳᠡᠭᠡᠷᠡᠬᠢ ᠬᠦᠯᠢᠶᠡᠨ ᠠᠪᠬᠤ ᠲᠥᠬᠦᠭᠡᠷᠦᠮᠵᠢ ᠶᠢ ᠬᠤᠳᠠ ᠶᠢᠨ ᠲᠣᠭᠤᠷᠢᠭ ᠲᠤ | ᠳᠤᠷ᠎ᠠ ᠪᠠᠷ ᠢᠶᠠᠨ ᠤᠭᠰᠠᠷᠠᠵᠤ ᠬᠡᠷᠡᠭᠯᠡᠭᠰᠡᠨ ᠨᠢ ᠬᠠᠤᠯᠢ ᠠᠴᠠ ᠵᠥᠷᠢᠴᠡᠭᠰᠡᠨ ᠠᠵᠢᠯᠯᠠᠭ᠎ᠠ ᠳᠤ ᠲᠣᠭᠠᠴᠠᠭᠳᠠᠬᠤ ᠶᠢ | ᠤᠯᠠᠨ ᠳᠤ ᠲᠣᠳᠣᠷᠬᠠᠶ ᠲᠠᠶᠢᠯᠪᠤᠷᠢᠯᠠᠵᠤ ᠥᠭᠪᠡ᠃ ᠪᠠᠶᠢᠴᠠᠭᠠᠯᠲᠠ ᠶᠢᠨ ᠳᠤᠮᠳᠠ᠂ ᠪᠠᠰᠠ ᠰᠠᠭᠤᠭᠠᠯᠢ ᠠᠷᠠᠳ ᠲᠤ | ᠬᠠᠮᠢᠶ᠎ᠠ ᠪᠥᠬᠦᠶ ᠤᠬᠠᠭᠤᠯᠭ᠎ᠠ ᠶᠢᠨ ᠮᠠᠲ᠋ᠧᠷᠢᠶᠠᠯ ᠢ ᠲᠠᠷᠬᠠᠭᠠᠨ ᠥᠭᠴᠦ᠂ ᠳᠠᠭᠠᠭᠤᠯᠢ ᠣᠳᠣᠨ ᠤ ᠭᠠᠵᠠᠷ ᠳᠡᠭᠡᠷᠡᠬᠢ | ᠭᠥᠯᠢᠶᠡᠨ ᠠᠪᠬᠤ ᠲᠥᠬᠦᠭᠡᠷᠦᠮᠵᠢ ᠶᠢ ᠬᠠᠤᠯᠢ ᠪᠤᠰᠤ ᠪᠠᠷ ᠤᠭᠰᠠᠷᠠᠬᠤ ᠶᠢᠨ ᠬᠦᠨᠳᠦ ᠨᠣᠴᠢᠲᠠᠶ ᠴᠢᠨᠠᠷ ᠪᠠ ᠬᠤᠤᠷ | ᠬᠥᠨᠥᠭᠡᠯᠲᠦ ᠴᠢᠨᠠᠷ ᠢ ᠰᠠᠭᠤᠭᠠᠯᠢ ᠠᠷᠠᠳ ᠲᠤ ᠣᠶᠢᠯᠠᠭᠠᠭᠤᠯᠵᠤ᠂ ᠰᠠᠭᠤᠭᠠᠯᠢ ᠠᠷᠠᠳ ᠢ ᠬᠥᠲᠥᠯᠦᠨ ᠵᠢᠯᠣᠭᠤᠳᠴᠤ | ᠬᠠᠤᠯᠢ ᠪᠤᠰᠤ ᠳᠠᠭᠠᠭᠤᠯᠢ ᠣᠳᠣᠨ ᠤ ᠭᠠᠵᠠᠷ ᠳᠡᠭᠡᠷᠡᠬᠢ ᠭᠥᠯᠢᠶᠡᠨ ᠠᠪᠬᠤ ᠲᠥᠬᠦᠭᠡᠷᠦᠮᠵᠢ ᠶᠢ ᠤᠬᠠᠮᠰᠠᠷ ᠠᠴᠠ ᠪᠠᠨ | ᠨᠤᠷᠭᠠᠭᠤᠯᠤᠨᠠ᠃ | | ᠲᠣᠰ ᠤᠳᠠᠭᠠᠨ ᠤ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠨᠢ ᠳᠠᠭᠠᠭᠤᠯᠢ ᠣᠳᠣᠨ ᠲᠧᠯᠸᠢᠰ ᠤᠨ | ᠳᠠᠮᠵᠢᠭᠤᠯᠭ᠎ᠠ ᠶᠢᠨ ᠡᠮᠬᠢ ᠵᠢᠷᠤᠮ ᠢ ᠬᠦᠴᠦᠲᠡᠶ ᠬᠠᠮᠠᠭᠠᠯᠠᠵᠤ᠂ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ | ᠪᠡᠯᠭᠡᠯᠡᠬᠦ ᠳᠤ ᠠᠮᠤᠷ ᠲᠦᠪᠰᠢᠨ ᠪᠥᠭᠡᠳ ᠲᠣᠭᠲᠠᠭᠤᠨ ᠨᠡᠶᠢᠭᠡᠮ ᠤᠨ ᠶᠠᠷᠢᠶ᠎ᠠ ᠬᠡᠯᠡᠯᠴᠡᠭᠡᠨ ᠤ ᠣᠷᠴᠢᠨ ᠨᠥᠬᠦᠴᠡᠯ ᠢ | ᠪᠣᠶ ᠪᠤᠯᠭᠠᠪᠠ᠃ ᠬᠤᠯᠪᠣᠭᠳᠠᠯ ᠪᠥᠬᠦᠶ ᠬᠠᠷᠢᠭᠤᠴᠠᠯᠭᠠᠲᠠᠨ ᠠᠴᠠ ᠢᠯᠡᠷᠭᠡᠶᠢᠯᠡᠭᠰᠡᠨ ᠨᠢ᠂ ᠬᠤᠶᠢᠰᠢᠳᠠ ᠲᠣᠰ | ᠠᠵᠢᠯ ᠢ ᠲᠣᠭᠲᠠᠮᠠᠯ ᠬᠤᠭᠤᠴᠠᠭ᠎ᠠ ᠲᠠᠢ ᠪᠠᠷ ᠲᠠᠰᠤᠷᠠᠯᠲᠠ ᠥᠬᠡᠶ ᠥᠷᠨᠢᠭᠦᠯᠵᠦ᠂ ᠮᠠᠨ ᠤ ᠬᠤᠲᠠ ᠶᠢᠨ ᠷᠠᠳᠢᠣ᠋ | ᠲᠧᠯᠸᠢᠰ ᠤᠨ ᠳᠠᠮᠵᠢᠭᠤᠯᠭ᠎ᠠ ᠶᠢᠨ ᠡᠮᠬᠢ ᠵᠢᠷᠤᠮ ᠢ ᠵᠢᠷᠤᠮᠵᠢᠭᠤᠯᠤᠨ᠂ ᠮᠡᠳᠡᠭᠡ ᠵᠠᠩᠭᠢ ᠶᠢᠨ ᠳᠠᠮᠵᠢᠭᠤᠯᠭ᠎ᠠ ᠶᠢᠨ | ᠠᠮᠤᠷ ᠲᠦᠪᠰᠢᠨ ᠢ ᠪᠥᠬᠦ ᠬᠦᠴᠦᠨ ᠢᠶᠠᠷ ᠢᠶᠠᠨ ᠪᠠᠳᠤᠯᠠᠨ᠎ᠠ᠃ | | ᠤᠷᠴᠢᠭᠤᠯᠤᠭᠴᠢ᠄ ᠬᠠᠨ ᠰᠢᠶᠤᠤ ᠿᠦᠩ | ᠬᠢᠨᠠᠭᠴᠢ᠄ ᠼᠦᠢ ᠶᠢᠩ |