ᠮᠠᠨ ᠤ ᠬᠤᠲᠠ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠠᠬᠢᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/4/13
    4 ᠰᠠᠷ᠎ᠠ ᠶᠢᠨ 9 ᠤ ᠡᠳᠦᠷ᠂ ᠮᠠᠨ ᠤ ᠬᠤᠲᠠ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠠᠬᠢᠭᠤᠯᠤᠯᠲᠠ ᠶᠢᠨ ᠬᠤᠷᠠᠯ ᠬᠤᠷᠠᠯᠳᠤᠭᠤᠯᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠸᠧᠶ ᡁᠢ ᠵᠢᠶᠦ᠋ᠨ ᠬᠤᠷᠠᠯ ᠳᠤ ᠣᠷᠣᠯᠴᠠᠭᠰᠠᠨ ᠪᠥᠭᠡᠳ ᠠᠵᠢᠯ ᠤᠨ ᠪᠠᠶᠢᠷᠢᠯᠠᠭᠤᠯᠤᠯᠲᠠ ᠬᠢᠪᠡ︔ ᠬᠤᠲᠠ ᠶᠢᠨ ᠨᠠᠮ ᠤᠨ ᠬᠤᠷᠢᠶᠠᠨ ᠤ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠤᠨ ᠪᠦᠷᠢᠯᠳᠦᠬᠦᠨ᠂ ᠡᠯ᠎ᠡ ᠠᠵᠢᠯᠯᠠᠬᠤ ᠳᠤᠭᠤᠶᠢᠯᠠᠩ ᠤᠨ ᠭᠤᠤᠯ ᠬᠠᠷᠢᠭᠤᠴᠠᠯᠭᠠᠲᠠᠨ ᠨᠥᠬᠦᠳ ᠪᠣᠯᠤᠨ ᠪᠦᠷᠢᠯᠳᠦᠬᠦᠨ᠂ ᠡᠯ᠎ᠡ ᠰᠢᠶᠠᠩ ᠪᠠᠯᠭᠠᠰᠤ᠂ ᠬᠡᠷᠡᠭ ᠡᠷᠬᠢᠯᠡᠬᠦ ᠭᠠᠵᠠᠷ ᠤᠨ ᠤᠬᠠᠭᠤᠯᠬᠤ ᠭᠡᠰᠢᠭᠦᠨ ᠨᠠᠷ ᠬᠤᠷᠠᠯ ᠳᠤ ᠣᠷᠣᠯᠴᠠᠪᠠ᠃
   ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠲᠤᠬᠠᠢ ᠡᠯ᠎ᠡ ᠵᠦᠢᠯ ᠤᠨ ᠰᠠᠬᠢᠯᠭ᠎ᠠ ᠪᠠᠲᠤ ᠶᠢᠨ ᠱᠠᠭᠠᠷᠳᠠᠯᠭ᠎ᠠ ᠶᠢ ᠤᠯᠠᠮᠵᠢᠯᠠᠵᠤ᠂ ᠡᠯ᠎ᠡ ᠠᠵᠢᠯᠯᠠᠬᠤ ᠳᠤᠭᠤᠶᠢᠯᠠᠩ ᠤᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠠᠵᠢᠯ ᠢ ᠠᠬᠢᠭᠤᠯᠬᠤ ᠶᠠᠪᠤᠴᠠ ᠳᠠᠬᠢ ᠬᠠᠮᠢᠶ᠎ᠠ ᠪᠦᠬᠦᠢ ᠤᠴᠢᠷ ᠶᠠᠪᠤᠳᠠᠯ ᠢ ᠵᠣᠬᠢᠴᠠᠭᠤᠯᠪᠠ᠃ ᠸᠧᠶ ᡁᠢ ᠵᠢᠶᠦ᠋ᠨ ᠣᠳᠣᠬᠢ ᠱᠠᠲᠤᠨ ᠤ ᠪᠥᠬᠦ ᠬᠤᠲᠠ ᠶᠢᠨ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠤᠨ ᠠᠬᠢᠴᠠ ᠶᠢᠨ ᠪᠠᠶᠢᠳᠠᠯ ᠳᠤ ᠳ᠋ᠦᠩᠨᠡᠯᠲᠡ ᠬᠢᠵᠦ᠂ ᠲᠠᠷᠠᠭᠠᠴᠢ ᠶᠢᠨ ᠱᠠᠲᠤᠨ ᠤ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠭᠤᠤᠯᠳᠠᠯᠭ᠎ᠠ ᠲᠠᠢ ᠡᠭᠦᠷᠭᠡ ᠶᠢ ᠳᠣᠭᠢᠷᠠᠭᠤᠯᠤᠨ ᠪᠠᠶᠢᠷᠢᠯᠠᠭᠤᠯᠪᠠ᠃    ᠬᠤᠷᠠᠯ ᠠᠴᠠ᠂ ᠬᠤᠳᠠ ᠶᠢᠨ ᠨᠠᠮ ᠤᠨ ᠬᠤᠷᠢᠶ᠎ᠠ ᠶᠢᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠡᠯ᠎ᠡ ᠠᠵᠢᠯ ᠤᠨ ᠳᠤᠭᠤᠶᠢᠯᠠᠩ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠬᠠᠷᠠᠯᠲᠠ ᠡᠭᠦᠷᠭᠡ ᠪᠠᠨ ᠲᠦᠪᠯᠡᠷᠡᠬᠦᠯᠦᠨ᠂ ᠬᠠᠷᠢᠭᠤᠴᠠᠯᠭ᠎ᠠ ᠶᠢᠨ ᠱᠠᠭᠠᠷᠳᠠᠯᠭ᠎ᠠ ᠪᠠᠨ ᠲᠣᠳᠣᠷᠬᠠᠶᠢᠯᠠᠵᠤ᠂ ᠠᠵᠢᠯ ᠤᠨ ᠭᠤᠣᠯᠳᠠᠯᠭ᠎ᠠ ᠪᠠᠨ ᠲᠤᠪᠤᠶᠢᠯᠭᠠᠨ᠂ ᠠᠷᠭ᠎ᠠ ᠬᠡᠮᠵᠢᠶ᠎ᠡ ᠪᠠᠨ ᠴᠢᠩᠭᠠᠷᠠᠭᠤᠯᠵᠦ᠂ ᠬᠢᠨᠠᠨ ᠵᠢᠯᠣᠭᠤᠳᠬᠤ ᠪᠠᠨ ᠴᠢᠩᠭᠠᠳᠬᠠᠨ᠂ ᠨᠢᠭᠲᠠ ᠬᠠᠮᠵᠢᠯᠴᠠᠵᠤ᠂ ᠬᠠᠮᠲᠤᠷᠠᠯ ᠤᠨ ᠬᠦᠴᠦᠨ ᠢ ᠪᠦᠷᠢᠯᠳᠦᠬᠦᠯᠦᠨ᠂ ᠪᠦᠬᠦ ᠬᠤᠳᠠ ᠶᠢᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠭᠦᠨᠵᠡᠭᠡᠶᠢᠷᠡᠬᠦ᠂ ᠪᠣᠳᠠᠲᠠᠶᠢᠵᠢᠬᠤ ᠶᠢ ᠴᠢᠷᠮᠠᠶᠢᠨ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃                                ᠤᠷᠴᠢᠭᠤᠯᠤᠭᠴᠢ᠄ ᠬᠠᠨ ᠰᠢᠶᠤᠤ ᠿᠦᠩ                                ᠬᠢᠨᠠᠭᠴᠢ᠄ ᠼᠦᠢ ᠶᠢᠩ
 
ᠢᠷᠡᠯᠲᠡ᠄ ᠠᠮᠢᠵᠢᠷᠠᠯ ᠪᠢᠯᠬᠠᠭᠰᠠᠨ ᠹᠧᠩᠵᠧᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3