| ᠡᠨᠡ ᠵᠢᠯ ᠠᠴᠠ ᠨᠠᠰᠢ᠂ ᠡᠮᠴᠢᠯᠡᠭᠡᠨ ᠤ ᠪᠠᠲᠤᠯᠠᠭ᠎ᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠢᠷᠢ | ᠲᠦᠪᠰᠢᠨ ᠢ ᠳᠡᠭᠡᠭᠰᠢᠯᠡᠭᠦᠯᠦᠨ᠂ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠶᠢᠨ ᠲᠦᠯᠦᠭᠡ᠂ | ᠹᠧᠩᠵᠧᠨ ᠬᠤᠲᠠ ᠶᠢᠨ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ︽ᠯᠢᠶᠠᠨ ᠳ᠋ᠧ ᠵᠥᠭᠡᠯᠡᠨ ᠲᠤᠨᠤᠭ ᠤᠨ | ᠺᠣᠮᠫᠠᠨᠢ︾ ᠶᠢ ᠤᠷᠢᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠮᠡᠳᠡᠭᠡ | ᠵᠠᠩᠭᠢ ᠶᠢᠨ ᠰᠢᠰᠲ᠋ᠧᠮ ᠤᠨ ᠵᠠᠯᠭᠠᠰᠤ ᠳᠤ ᠥᠭᠡᠷᠡᠴᠢᠯᠡᠯᠲᠡ ᠬᠢᠵᠦ᠂ ᠦᠢᠯᠡᠴᠢᠯᠡᠭᠡᠨ ᠤ ᠦᠢᠯᠡᠳᠦᠯ ᠴᠢᠳᠠᠪᠤᠷᠢ ᠶᠢ | ᠴᠢᠩᠭᠠᠷᠠᠭᠤᠯᠬᠤ ᠶᠢᠨ ᠬᠠᠮᠲᠤ᠂ ᠬᠤᠲᠠ ᠶᠢᠨ ᠳᠣᠲᠣᠷᠠᠬᠢ 5 ᠲᠣᠭᠲᠠᠮᠠᠯ ᠴᠡᠭ ᠤᠨ ᠡᠮᠴᠢᠯᠡᠭᠡᠨ ᠤ ᠪᠠᠶᠢᠭᠤᠯᠤᠮᠵᠢ᠂ | 17 ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠲᠠᠢ ᠵᠣᠯᠭᠠᠭᠤᠯᠵᠤ᠂ ᠬᠥᠬᠡᠭᠴᠢᠨ᠂ ᠤᠯᠠᠭᠠᠨ | ᠲᠥᠷᠥᠯ ᠤᠨ ᠡᠭᠦᠳᠡᠨ ᠡᠮᠨᠡᠯᠭᠡ ᠶᠢᠨ ᠤᠳᠠᠭᠠᠨ ᠴᠢᠨᠠᠷᠲᠠᠶ ᠡᠪᠡᠳᠴᠢᠨ ᠤ ᠵᠠᠷᠤᠳᠠᠯ ᠵᠢᠴᠢ ᠡᠮᠴᠢᠯᠡᠭᠡᠨ ᠤ ᠠᠪᠤᠷᠠᠨ | ᠲᠤᠰᠠᠯᠠᠬᠤ ᠵᠠᠷᠤᠳᠠᠯ ᠢ ᠨᠢᠭᠡ ᠯᠡ ᠥᠷᠲᠡᠭᠡᠨ ᠤ ᠮᠠᠶ᠋ᠢᠭ ᠢᠶᠠᠷ ᠳ᠋ᠦᠩᠨᠡᠨ ᠪᠤᠳᠤᠬᠤ ᠠᠵᠢᠯ ᠢ ᠥᠷᠨᠢᠭᠦᠯᠵᠦ᠂ ᠡᠭᠦᠳᠡᠨ | ᠡᠮᠨᠡᠯᠭᠡ ᠶᠢᠨ ᠤᠳᠠᠭᠠᠨ ᠴᠢᠨᠠᠷᠲᠠᠶ ᠡᠪᠡᠳᠴᠢᠨ ᠤ ᠵᠠᠷᠤᠳᠠᠯ ᠢ ᠳ᠋ᠦᠩᠨᠡᠨ ᠪᠤᠳᠤᠬᠤ ᠨᠢ ᠤᠳᠠᠭᠠᠨ ᠪᠠᠶᠢᠬᠤ | ᠠᠰᠠᠭᠤᠳᠠᠯ ᠢ ᠦᠨᠳᠦᠰᠦᠨ ᠠᠴᠠ ᠨᠢ ᠰᠢᠢᠳᠪᠦᠷᠢᠯᠡᠵᠦ᠂ ᠡᠪᠡᠳᠴᠢᠲᠡᠨ ᠤ ᠡᠮᠴᠢᠯᠡᠭᠡᠨ ᠤ ᠵᠠᠷᠤᠳᠠᠯ ᠤᠨ | ᠳᠠᠷᠤᠭᠠᠰᠤ ᠶᠢ ᠦᠨᠡᠨᠬᠦ ᠬᠥᠩᠭᠡᠷᠡᠭᠦᠯᠵᠦ᠂ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ︽ᠡᠴᠦᠰ ᠤᠨ | ᠨᠢᠭᠡ ᠺᠢᠯᠣᠮᠧᠲᠷ︾ ᠢ ᠨᠡᠪᠲᠡᠷᠡᠭᠦᠯᠪᠡ᠃ | ᠨᠢᠭᠡᠳᠦᠭᠡᠷ ᠤᠯᠠᠷᠢᠯ ᠳᠤ᠂ ᠹᠧᠩᠵᠧᠨ ᠬᠤᠲᠠ ᠶᠢᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠭᠦᠳᠡᠨ | ᠡᠮᠨᠡᠯᠭᠡ ᠶᠢᠨ ᠤᠳᠠᠭᠠᠨ ᠴᠢᠨᠠᠷᠲᠠᠶ ᠡᠪᠡᠳᠴᠢᠨ ᠢ ᠰᠢᠭᠤᠳ 124656 ᠲᠥᠭᠦᠷᠢᠭ ᠮᠡᠳᠡᠭᠦᠯᠵᠦ᠂ ᠵᠠᠷᠤᠳᠠᠯ ᠢᠶᠠᠨ | ᠮᠡᠳᠡᠭᠦᠯᠦᠭᠰᠡᠨ ᠬᠦᠮᠦᠨ ᠤ ᠲᠤᠭ᠎ᠠ 2808 ᠬᠦᠷᠪᠡ︔ ᠬᠤᠲᠠ ᠪᠠᠯᠭᠠᠰᠤᠨ ᠤ ᠠᠵᠢᠯᠲᠠᠨ ᠠᠵᠢᠯᠴᠢᠨ ᠤ ᠡᠭᠦᠳᠡᠨ | ᠡᠮᠨᠡᠯᠭᠡ ᠶᠢᠨ ᠤᠳᠠᠭᠠᠨ ᠴᠢᠨᠠᠷᠲᠠᠶ ᠡᠪᠡᠳᠴᠢᠨ ᠢ ᠰᠢᠭᠤᠳ 4005957 ᠲᠥᠭᠦᠷᠢᠭ ᠮᠡᠳᠡᠭᠦᠯᠵᠦ᠂ ᠵᠠᠷᠤᠳᠠᠯ ᠢᠶᠠᠨ | ᠮᠡᠳᠡᠭᠦᠯᠦᠭᠰᠡᠨ ᠬᠦᠮᠦᠨ ᠤ ᠲᠤᠭ᠎ᠠ 11219 ᠬᠦᠷᠪᠡ᠃ | | | ᠤᠷᠴᠢᠭᠤᠯᠤᠭᠴᠢ᠄ ᠬᠠᠨ ᠰᠢᠶᠤᠤ ᠿᠦᠩ | ᠬᠢᠨᠠᠭᠴᠢ᠄ ᠼᠦᠢ ᠶᠢᠩ |