ᠹᠧᠩᠵᠧᠨ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠬᠡᠷ ᠤᠨ ᠹᠧᠩᠵᠧᠨ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠨᠢᠭᠡᠳᠦᠯᠲᠡᠶ ᠡᠷᠬᠡ ᠶᠢ ᠨᠤᠲᠠᠯᠠᠨ ᠳᠠᠩᠰᠠᠯᠠᠬᠤ ᠲᠤᠰᠬᠠᠶ ᠠᠵᠢᠯ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢ ᠪᠠᠶᠢᠭᠤᠯᠬᠤ ᠬᠤᠯᠪᠣᠭᠳᠠᠯ ᠪᠥᠬᠦᠶ ᠵᠦᠢᠯᠡᠰ ᠤᠨ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2021/4/13
 ᠡᠯ᠎ᠡ ᠰᠢᠶᠠᠩ ᠪᠠᠯᠭᠠᠰᠤ᠂ ᠬᠡᠷᠡᠭ ᠡᠷᠬᠢᠯᠡᠬᠦ ᠭᠠᠵᠠᠷ᠂ ᠬᠤᠲᠠ ᠶᠢᠨ ᠰᠢᠭᠤᠳ ᠬᠠᠷᠢᠶ᠎ᠠ ᠬᠠᠮᠢᠶ᠎ᠠ ᠪᠦᠬᠦᠢ ᠨᠢᠭᠡᠴᠡ ᠳᠤ    ᠪᠦᠬᠦ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠨᠢᠭᠡᠳᠦᠯᠲᠡᠶ ᠡᠷᠬᠡ ᠶᠢ ᠨᠤᠲᠠᠯᠠᠨ ᠳᠠᠩᠰᠠᠯᠠᠬᠤ ᠠᠵᠢᠯ ᠢ ᠰᠠᠶᠢᠲᠤᠷ ᠬᠢᠬᠦ ᠶᠢᠨ ᠲᠥᠯᠥᠭᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠨᠢᠭᠡᠳᠦᠯᠲᠡᠶ ᠡᠷᠬᠡ ᠶᠢ ᠨᠤᠲᠠᠯᠠᠨ ᠳᠠᠩᠰᠠᠯᠠᠬᠤ ᠲᠤᠰᠬᠠᠶ ᠠᠵᠢᠯ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢ ᠪᠠᠶᠢᠭᠤᠯᠬᠤ ᠬᠤᠯᠪᠣᠭᠳᠠᠯ ᠪᠥᠬᠦᠶ ᠵᠦᠢᠯᠡᠰ ᠤᠨ ᠲᠤᠬᠠᠶ ᠮᠡᠳᠡᠭᠳᠡᠯ︾᠂ ︽ᠤᠯᠠᠭᠠᠨᠴᠠᠪ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠨᠢᠭᠡᠳᠦᠯᠲᠡᠶ ᠡᠷᠬᠡ ᠶᠢ ᠨᠤᠲᠠᠯᠠᠨ ᠳᠠᠩᠰᠠᠯᠠᠬᠤ ᠶᠡᠷᠦᠩᠬᠡᠶ ᠠᠵᠢᠯ ᠤᠨ ᠲᠥᠰᠦᠯ︾ ᠤᠨ ᠱᠠᠭᠠᠷᠳᠠᠯᠭ᠎ᠠ ᠶᠣᠰᠣᠭᠠᠷ᠂ ᠮᠠᠨ ᠤ ᠬᠤᠲᠠ ᠶᠢᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠡᠳᠦᠭᠡ ᠪᠦᠬᠦ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠨᠢᠭᠡᠳᠦᠯᠲᠡᠶ ᠡᠷᠬᠡ ᠶᠢ ᠨᠤᠲᠠᠯᠠᠨ ᠳᠠᠩᠰᠠᠯᠠᠬᠤ ᠲᠤᠰᠬᠠᠶ ᠠᠵᠢᠯ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢ ᠪᠠᠶᠢᠭᠤᠯᠬᠤ ᠬᠤᠯᠪᠣᠭᠳᠠᠯ ᠪᠦᠬᠦᠢ ᠤᠴᠢᠷ ᠶᠠᠪᠤᠳᠠᠯ ᠢ ᠳᠣᠣᠷᠠᠬᠢ ᠮᠡᠲᠦ ᠮᠡᠳᠡᠭᠳᠡᠶ᠎ᠡ᠄    ᠨᠢᠭᠡ᠂ ᠬᠠᠮᠲᠤᠷᠠᠭᠰᠠᠨ ᠬᠤᠷᠠᠯ ᠤᠨ ᠭᠤᠣᠯ ᠡᠭᠦᠷᠭᠡ ᠬᠠᠷᠢᠭᠤᠴᠠᠯᠭ᠎ᠠ    ᠪᠥᠬᠦ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠨᠢᠭᠡᠳᠦᠯᠲᠡᠶ ᠡᠷᠬᠡ ᠶᠢ ᠨᠤᠲᠠᠯᠠᠨ ᠳᠠᠩᠰᠠᠯᠠᠬᠤ ᠠᠵᠢᠯ ᠢ ᠨᠢᠭᠡᠳᠦᠯᠲᠡᠶ ᠲᠥᠯᠥᠪᠯᠡᠨ ᠵᠣᠬᠢᠴᠠᠭᠤᠯᠵᠤ᠂ ᠥᠪᠡᠷᠲᠡᠭᠡᠨ ᠵᠠᠰᠠᠬᠤ ᠣᠷᠣᠨ ᠪᠠ ᠤᠯᠠᠭᠠᠨᠴᠠᠪ ᠬᠤᠲᠠ ᠲᠠᠢ ᠬᠠᠮᠵᠢᠯᠴᠠᠨ ᠴᠢᠬᠤᠯᠠ ᠪᠠᠶᠢᠭᠠᠯᠢ ᠶᠢᠨ ᠡᠬᠢ ᠪᠠᠶᠠᠯᠢᠭ ᠤᠨ ᠨᠢᠭᠡᠳᠦᠯᠲᠡᠶ ᠡᠷᠬᠡ ᠶᠢ ᠨᠤᠲᠠᠯᠠᠨ ᠳᠠᠩᠰᠠᠯᠠᠬᠤ ᠠᠵᠢᠯ ᠢ ᠥᠷᠨᠢᠭᠦᠯᠦᠨ᠎ᠡ︔ ᠪᠥᠬᠦ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠨᠢᠭᠡᠳᠦᠯᠲᠡᠶ ᠡᠷᠬᠡ ᠶᠢ ᠨᠤᠲᠠᠯᠠᠨ ᠳᠠᠩᠰᠠᠯᠠᠬᠤ ᠣᠨ ᠤ ᠠᠵᠢᠯ ᠤᠨ ᠲᠥᠯᠥᠪᠯᠡᠭᠡ ᠪᠠ ᠠᠵᠢᠯ ᠤᠨ ᠳᠤᠮᠳᠠ ᠲᠤᠯᠭᠠᠷᠠᠭᠰᠠᠨ ᠬᠦᠴᠢᠷ ᠲᠦᠪᠡᠭᠲᠡᠶ ᠠᠰᠠᠭᠤᠳᠠᠯ ᠢ ᠰᠤᠳᠤᠯᠤᠨ᠎ᠠ︔ ᠡᠯ᠎ᠡ ᠰᠢᠶᠠᠩ ᠪᠠᠯᠭᠠᠰᠤᠨ ᠤ ᠬᠡᠷᠡᠭ ᠡᠷᠬᠢᠯᠡᠬᠦ ᠭᠠᠵᠠᠷ ᠤᠨ ᠪᠠᠶᠢᠭᠠᠯᠢ ᠶᠢᠨ ᠡᠬᠢ ᠪᠠᠶᠠᠯᠢᠭ ᠤᠨ ᠨᠢᠭᠡᠳᠦᠯᠲᠡᠶ ᠡᠷᠬᠡ ᠶᠢ ᠨᠤᠲᠠᠯᠠᠨ ᠳᠠᠩᠰᠠᠯᠠᠬᠤ ᠠᠵᠢᠯ ᠤᠨ ᠨᠠᠶᠢᠳᠠᠪᠤᠷᠢᠵᠢᠭᠤᠯᠤᠯᠲᠠ ᠶᠢ ᠰᠢᠪᠠᠳᠠᠨ ᠵᠢᠯᠣᠭᠤᠳᠴᠤ᠂ ᠪᠥᠬᠦ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠨᠢᠭᠡᠳᠦᠯᠲᠡᠶ ᠡᠷᠬᠡ ᠶᠢ ᠨᠤᠲᠠᠯᠠᠨ ᠳᠠᠩᠰᠠᠯᠠᠬᠤ ᠠᠵᠢᠯ ᠢ ᠥᠷᠨᠢᠭᠦᠯᠦᠭᠰᠡᠨ ᠪᠠᠶᠢᠳᠠᠯ ᠢ ᠵᠠᠷᠯᠠᠨ ᠮᠡᠳᠡᠭᠳᠡᠵᠦ᠂ ᠪᠥᠬᠦ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠨᠢᠭᠡᠳᠦᠯᠲᠡᠶ ᠡᠷᠬᠡ ᠶᠢ ᠨᠤᠲᠠᠯᠠᠨ ᠳᠠᠩᠰᠠᠯᠠᠬᠤ ᠠᠵᠢᠯ ᠤᠨ ᠬᠢᠨᠠᠯᠲᠠ ᠪᠠᠶᠢᠴᠠᠭᠠᠯᠲᠠ ᠶᠢ ᠥᠷᠨᠢᠭᠦᠯᠦᠨ᠎ᠡ︔ ᠤᠯᠠᠭᠠᠨᠴᠠᠪ ᠬᠤᠲᠠ ᠶᠢᠨ ᠰᠢᠭᠤᠳ ᠬᠠᠷᠢᠶ᠎ᠠ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ᠂ ᠡᠯ᠎ᠡ ᠰᠢᠶᠠᠩ ᠪᠠᠯᠭᠠᠰᠤ᠂ ᠬᠡᠷᠡᠭ ᠡᠷᠬᠢᠯᠡᠬᠦ ᠭᠠᠵᠠᠷ ᠵᠢᠴᠢ ᠮᠠᠨ ᠤ ᠬᠤᠲᠠ ᠶᠢᠨ ᠬᠠᠮᠢᠶ᠎ᠠ ᠪᠥᠬᠦᠶ ᠰᠠᠯᠠᠭ᠎ᠠ ᠮᠥᠴᠢᠷ ᠯᠦᠭᠡ ᠶᠢᠨ ᠨᠡᠪᠲᠡᠷᠡᠯᠴᠡᠨ ᠵᠣᠬᠢᠴᠠᠭᠤᠯᠬᠤ ᠪᠠ ᠮᠠᠲ᠋ᠧᠷᠢᠶᠠᠯ᠂ ᠮᠡᠳᠡᠭᠡ ᠵᠠᠩᠭᠢ ᠶᠢ ᠬᠠᠮᠲᠤᠪᠠᠷ ᠭᠥᠷᠳᠡᠬᠦ ᠠᠵᠢᠯ ᠢ ᠴᠢᠩᠭᠠᠳᠬᠠᠨ᠎ᠠ︔ ᠪᠠᠶᠢᠭᠠᠯᠢ ᠶᠢᠨ ᠡᠬᠢ ᠪᠠᠶᠠᠯᠢᠭ ᠤᠨ ᠨᠢᠭᠡᠳᠦᠯᠲᠡᠶ ᠡᠷᠬᠡ ᠶᠢ ᠨᠤᠲᠠᠯᠠᠨ ᠳᠠᠩᠰᠠᠯᠠᠬᠤ ᠠᠵᠢᠯ ᠤᠨ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠨ᠎ᠠ᠃    ᠬᠤᠶᠠᠷ᠂ ᠬᠠᠮᠲᠤᠷᠠᠭᠰᠠᠨ ᠬᠤᠷᠠᠯᠳᠤᠭᠠᠨ ᠤ ᠪᠦᠷᠢᠯᠳᠦᠬᠦᠨ ᠨᠢᠬᠡᠴᠡ ᠵᠢᠴᠢ ᠬᠥᠮᠦᠰ ᠤᠨ ᠨᠡᠷᠡᠰ    ᠨᠢᠭᠡᠳᠦᠯᠲᠡᠶ ᠡᠷᠬᠡ ᠶᠢ ᠨᠤᠲᠠᠯᠠᠨ ᠳᠠᠩᠰᠠᠯᠠᠬᠤ ᠠᠵᠢᠯ ᠤᠨ ᠬᠠᠮᠲᠤᠷᠠᠭᠰᠠᠨ ᠬᠤᠷᠠᠯ ᠨᠢ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ᠂ ᠡᠳ᠋ ᠤᠨ ᠵᠠᠰᠠᠭ ᠤᠨ ᠲᠣᠪᠴᠢᠶ᠎ᠠ᠂ ᠠᠮᠢ ᠠᠬᠤᠶ ᠶᠢᠨ ᠣᠷᠴᠢᠨ ᠨᠥᠬᠦᠴᠡᠯ ᠤᠨ ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ᠂ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠢᠶᠠᠷ ᠪᠦᠷᠢᠯᠳᠦᠵᠦ᠂ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠪᠠᠷ ᠲᠣᠯᠣᠭᠠᠶᠢᠯᠠᠬᠤ ᠨᠢᠭᠡᠴᠡ ᠪᠣᠯᠭᠠᠨ᠎ᠠ᠃ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠤᠪᠢᠳᠠᠨ ᠬᠠᠮᠢᠶᠠᠷᠴᠤ ᠪᠠᠶᠢᠭ᠎ᠠ ᠳᠡᠳ᠋ ᠬᠤᠲᠠ ᠶᠢᠨ ᠳᠠᠷᠤᠭ᠎ᠠ ᠪᠠ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠭᠤᠤᠯ ᠬᠠᠷᠢᠭᠤᠴᠠᠯᠭᠠᠲᠠᠨ ᠴᠤᠭᠯᠠᠭᠤᠯᠤᠭᠴᠢ ᠪᠣᠯᠵᠣ᠂ ᠡᠯ᠎ᠡ ᠪᠦᠷᠢᠯᠳᠦᠬᠦᠨ ᠨᠢᠭᠡᠴᠡ ᠶᠢᠨ ᠬᠤᠯᠪᠣᠭᠳᠠᠯ ᠪᠥᠬᠦᠶ ᠬᠠᠷᠢᠭᠤᠴᠠᠯᠭᠠᠲᠠᠨ ᠬᠠᠮᠲᠤᠷᠠᠭᠰᠠᠨ ᠬᠤᠷᠠᠯ ᠤᠨ ᠪᠦᠷᠢᠯᠳᠦᠬᠦᠨ ᠪᠣᠯᠤᠨ᠎ᠠ᠃ ᠬᠠᠮᠲᠤᠷᠠᠭᠰᠠᠨ ᠬᠤᠷᠠᠯᠳᠤᠭᠠᠨ ᠤ ᠪᠦᠷᠢᠯᠳᠦᠬᠦᠨ ᠢ ᠠᠵᠢᠯ ᠤᠨ ᠬᠤᠪᠢᠷᠠᠯᠲᠠ ᠠᠴᠠ ᠪᠤᠯᠵᠤ ᠲᠣᠬᠢᠷᠠᠭᠤᠯᠬᠤ ᠴᠢᠬᠤᠯᠠᠲᠠᠶ ᠪᠠᠶᠢᠪᠠᠯ᠂ ᠪᠠᠶᠢᠭ᠎ᠠ ᠨᠢᠬᠡᠴᠡ ᠠᠴᠠ ᠨᠢ ᠳᠤᠷᠠᠳᠴᠤ᠂ ᠬᠠᠮᠲᠤᠷᠠᠭᠰᠠᠨ ᠬᠤᠷᠠᠯᠳᠤᠭᠠᠨ ᠠᠴᠠ ᠲᠤᠭᠢᠷᠡᠭᠤᠯᠤᠯᠳᠡ ᠬᠢᠬᠦ ᠪᠠᠷ ᠲᠣᠭᠲᠠᠭᠠᠨ᠎ᠠ᠃     ︵ᠨᠢᠭᠡ︶ ᠬᠠᠮᠲᠤᠷᠠᠭᠰᠠᠨ ᠬᠤᠷᠠᠯᠳᠤᠭᠠᠨ ᠤ ᠪᠦᠷᠢᠯᠳᠦᠬᠦᠨ ᠤ ᠨᠡᠷᠡᠰ     ᠴᠤᠭᠯᠠᠭᠤᠯᠤᠭᠴᠢ᠄ ᠵᠠᠩ ᠬᠤᠩ  ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠬᠤᠳᠠ ᠶᠢᠨ ᠳᠠᠷᠤᠭ᠎ᠠ     ᠸᠠᠩ ᠵᠢᠶᠠᠨ ᠰᠢ  ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶᠠᠨ ᠤ ᠲᠣᠪᠴᠢᠶᠠᠨ ᠳᠠᠷᠤᠭ᠎ᠠ     ᠪᠦᠷᠢᠯᠳᠦᠬᠦᠨ᠄ ᠯᠢᠦᠶ ᠼᠦᠨ ᠪᠦ᠋   ᠵᠠᠰᠠᠭ ᠤᠨ ᠣᠷᠳᠣᠨ ᠤ ᠠᠯᠪᠠᠨ ᠬᠡᠷ ᠤᠨ ᠳᠡᠳ᠋ ᠡᠷᠬᠢᠯᠡᠭᠴᠢ     ᠨᠢᠤ ᠬᠠᠢ ᠵᠢᠶᠦ᠋ᠨ  ᠬᠥᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ ᠤᠨ ᠡᠷᠬᠢᠯᠡᠭᠴᠢ     ᠯᠢᠦ ᠬᠦᠢ ᠱᠧᠩ  ᠡᠳ᠋ ᠤᠨ ᠵᠠᠰᠠᠭ ᠤᠨ ᠲᠣᠪᠴᠢᠶᠠᠨ ᠤ ᠲᠣᠪᠴᠢᠶᠠᠨ ᠳᠠᠷᠤᠭ᠎ᠠ     ᠵᠤᠤ ᠶᠢᠨ ᠹᠦ᠋  ᠤᠯᠠᠭᠠᠨᠴᠠᠪ ᠬᠤᠲᠠ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠲᠤᠪᠴᠢᠶᠠᠨ ᠤ ᠹᠧᠩᠵᠧᠨ ᠬᠤᠲᠠ ᠶᠢᠨ ᠬᠤᠪᠢᠶᠠᠷᠢ ᠲᠤᠪᠴᠢᠶ᠎ᠠ ᠶᠢᠨ ᠲᠣᠪᠴᠢᠶᠠᠨ ᠳᠠᠷᠤᠭ᠎ᠠ      ᠵᠠᠩ ᠸᠧᠶ ᠱᠢ  ᠤᠰᠤᠨ ᠠᠰᠢᠭᠯᠠᠯᠲᠠ ᠶᠢᠨ ᠲᠣᠪᠴᠢᠶᠠᠨ ᠤ ᠲᠣᠪᠴᠢᠶᠠᠨ ᠳᠠᠷᠤᠭ᠎ᠠ      ᠵᠠᠩ ᠶᠦᠨ ᠹᠧᠩ  ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶᠠᠨ ᠤ ᠲᠣᠪᠴᠢᠶᠠᠨ ᠳᠠᠷᠤᠭ᠎ᠠ      ᠲᠠᠨ ᠵᠢᠶᠦ᠋ᠨ ᠹᠧᠩ  ᠣᠷᠣᠨ ᠰᠠᠭᠤᠴᠠ ᠪᠠ ᠪᠥᠲᠥᠭᠡᠨ ᠪᠠᠶᠢᠭᠤᠯᠤᠯᠲᠠ ᠶᠢᠨ ᠲᠣᠪᠴᠢᠶᠠᠨ ᠤ ᠲᠣᠪᠴᠢᠶᠠᠨ ᠳᠠᠷᠤᠭ᠎ᠠ      ᠸᠠᠩ ᠢᠦᠶ ᠴᠧᠩ  ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶᠠᠨ ᠤ ᠲᠣᠪᠴᠢᠶᠠᠨ ᠳᠠᠷᠤᠭ᠎ᠠ     ᠯᠢ ᠰᠢᠨ ᠮᠢᠨ  ᠵᠢᠤᠢ ᠪᠦᠦ ᠵᠤᠸᠠᠩ ᠪᠠᠯᠭᠠᠰᠤᠨ ᠤ ᠪᠠᠯᠭᠠᠰᠤᠨ ᠳᠠᠷᠤᠭ᠎ᠠ     ᠶᠤᠸᠠᠨ ᠵᠢᠶᠦ᠋ᠨ ᠭᠠᠩ  ᠰᠠᠨ ᠢ ᠴᠢᠤᠸᠠᠨ ᠪᠠᠯᠭᠠᠰᠤᠨ ᠤ ᠪᠠᠯᠭᠠᠰᠤᠨ ᠳᠠᠷᠤᠭ᠎ᠠ     ᠰᠢᠤᠢ ᠳ᠋ᠦᠩ ᠫᠢᠩ  ᠯᠦᠩ ᠱᠧᠩ ᠵᠤᠸᠠᠩ ᠪᠠᠯᠭᠠᠰᠤᠨ ᠤ ᠪᠠᠯᠭᠠᠰᠤᠨ ᠳᠠᠷᠤᠭ᠎ᠠ     ᠶᠠᠩ ᠵᠧᠨ ᠬᠤᠸᠠ  ᠬᠤᠩ ᠱᠠ ᠪᠠ ᠪᠠᠯᠭᠠᠰᠤᠨ ᠤ ᠪᠠᠯᠭᠠᠰᠤᠨ ᠳᠠᠷᠤᠭ᠎ᠠ     ᠶᠠᠨ ᠰᠢᠶᠤᠤ ᠯᠢ  ᠾᠧᠢ ᠲᠤ ᠲᠠᠢ ᠪᠠᠯᠭᠠᠰᠤᠨ ᠤ ᠪᠠᠯᠭᠠᠰᠤᠨ ᠳᠠᠷᠤᠭ᠎ᠠ     ᠬᠦᠸᠧ ᠯᠢ ᠵᠢᠶᠦ᠋ᠨ  ᠶᠤᠸᠠᠨ ᠱᠠᠨ ᠽᠢ ᠰᠢᠶᠠᠩ ᠤᠨ ᠰᠢᠶᠠᠩ ᠤᠨ ᠳᠠᠷᠤᠭ᠎ᠠ     ᠴᠢᠶᠣᠤ ᠰᠢᠶᠤᠤ ᠯᠢ  ᠭᠤᠸᠠᠨ ᠳᠦᠨ ᠪᠦ᠋ ᠰᠢᠶᠠᠩ ᠤᠨ ᠰᠢᠶᠠᠩ ᠤᠨ ᠳᠠᠷᠤᠭ᠎ᠠ     ᠬᠦᠸᠧ ᡁᠢ ᠢᠦᠢ   ᠬᠤᠨ ᠶᠤᠸᠠᠨ ᠶᠣᠣ ᠰᠢᠶᠠᠩ ᠤᠨ ᠰᠢᠶᠠᠩ ᠤᠨ ᠳᠠᠷᠤᠭ᠎ᠠ     ᠵᠢᠶᠠ ᠵᠥᠩ ᠹᠸᠢ  ᠰᠢᠨ᠎ᠡ ᠬᠤᠲᠠ ᠲᠣᠭᠤᠷᠢᠭ ᠤᠨ ᠬᠡᠷᠡᠭ ᠡᠷᠬᠢᠯᠡᠬᠦ ᠭᠠᠵᠠᠷ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ     ᠵᠢᠶᠠ ᠰᠢᠤᠸᠠᠢ ᠹᠧᠩ  ᠠᠵᠤ ᠦᠢᠯᠡᠳᠪᠦᠷᠢ ᠶᠢᠨ ᠲᠣᠭᠤᠷᠢᠭ ᠤᠨ ᠬᠡᠷᠡᠭ ᠡᠷᠬᠢᠯᠡᠬᠦ ᠭᠠᠵᠠᠷ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ     ᠸᠠᠩ ᠭᠤᠸᠠᠨ ᠢᠦᠢ   ᠬᠠᠭᠤᠴᠢᠨ ᠬᠤᠲᠠ ᠲᠣᠭᠤᠷᠢᠭ ᠤᠨ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ     ᠪᠠᠶ ᠬᠤᠩ    ᠬᠤᠲᠠ ᠶᠢᠨ ᠬᠤᠶᠢᠲᠤ ᠲᠣᠭᠤᠷᠢᠭ ᠤᠨ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ     ᠷᠧᠨ ᠯᠢ ᠱᠧᠩ    ᠬᠤᠳᠠ ᠶᠢᠨ ᠡᠮᠦᠨ᠎ᠡ ᠲᠣᠭᠤᠷᠢᠭ ᠤᠨ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ     ︵ᠬᠤᠶᠠᠷ︶ ᠰᠠᠯᠠᠭ᠎ᠠ ᠮᠥᠴᠢᠷ ᠤᠨ ᠬᠤᠯᠪᠣᠭᠠᠴᠢᠨ ᠤ ᠨᠡᠷᠡᠰ     ᠡᠯ᠎ᠡ ᠰᠠᠯᠠᠭ᠎ᠠ ᠮᠥᠴᠢᠷ ᠤᠨ ᠠᠵᠢᠯ ᠤᠨ ᠵᠣᠯᠭᠠᠭᠤᠯᠤᠯᠲᠠ ᠶᠢ ᠰᠠᠶᠢᠲᠤᠷ ᠬᠢᠬᠦ ᠶᠢᠨ ᠬᠠᠮᠲᠤ ᠪᠣᠳᠠᠲᠠᠶ ᠵᠦᠢᠯᠡᠰ  ᠢ ᠴᠠᠭ ᠲᠤᠬᠠᠶ ᠳᠤᠨᠢ ᠨᠡᠪᠲᠡᠷᠡᠯᠴᠡᠨ ᠵᠣᠯᠭᠠᠭᠤᠯᠬᠤ ᠶᠢᠨ ᠲᠤᠰᠠᠳᠠ᠂ ᠰᠠᠯᠠᠭ᠎ᠠ ᠮᠥᠴᠢᠷ ᠤᠨ ᠬᠠᠷᠢᠯᠴᠠᠬᠤ ᠲᠣᠭᠲᠠᠴᠠ ᠶᠢ ᠪᠠᠶᠢᠭᠤᠯᠬᠤ ᠶᠢᠨ ᠬᠠᠮᠲᠤ ᠰᠠᠯᠠᠭ᠎ᠠ ᠮᠥᠴᠢᠷ ᠤᠨ ᠬᠤᠯᠪᠣᠭᠠᠴᠢᠨ ᠭᠠᠷᠭᠠᠬᠤ ᠬᠡᠷᠡᠭᠲᠡᠶ᠃ ᠰᠠᠯᠠᠭ᠎ᠠ ᠮᠥᠴᠢᠷ ᠤᠨ ᠬᠤᠯᠪᠣᠭᠠᠴᠢᠨ ᠨᠢ ᠡᠳᠦᠷ ᠲᠤᠲᠤᠮ ᠤᠨ ᠠᠵᠢᠯ ᠤᠨ ᠬᠠᠷᠢᠯᠴᠠᠬᠤ ᠠᠵᠢᠯᠲᠠᠨ ᠪᠠᠶᠢᠵᠤ᠂ ᠲᠣᠰ ᠰᠠᠯᠠᠭ᠎ᠠ ᠮᠥᠴᠢᠷ ᠤᠨ ᠢᠶᠠᠨ ᠲᠤᠬᠠᠶᠢᠯᠠᠭᠰᠠᠨ ᠠᠵᠢᠯ ᠤᠨ ᠨᠡᠪᠲᠡᠷᠡᠯᠴᠡᠨ ᠵᠣᠯᠭᠠᠭᠤᠯᠬᠤ ᠪᠠ ᠬᠤᠯᠪᠣᠭᠳᠠᠯ ᠪᠥᠬᠦᠶ ᠡᠭᠦᠷᠭᠡ ᠶᠢ ᠳᠠᠭᠠᠵᠤ ᠬᠦᠢᠴᠡᠳᠭᠡᠭᠦ ᠶᠢ ᠬᠠᠷᠢᠭᠤᠴᠠᠵᠤ᠂ ᠪᠠᠶᠢᠭᠠᠯᠢ ᠶᠢᠨ ᠡᠬᠢ ᠪᠠᠶᠠᠯᠢᠭ ᠤᠨ ᠡᠷᠬᠡ ᠶᠢ ᠨᠤᠲᠠᠯᠠᠨ ᠳᠡᠩᠰᠡᠯᠡᠵᠦ ᠲᠡᠮᠳᠡᠭᠯᠡᠬᠦ ᠬᠠᠮᠢᠶ᠎ᠠ ᠪᠥᠬᠦᠶ ᠠᠵᠢᠯ ᠲᠥᠷᠥᠯ ᠤᠨ ᠰᠢᠰᠲ᠋ᠧᠮ ᠤᠨ ᠠᠵᠢᠯ ᠢ ᠵᠢᠯᠣᠭᠤᠳᠬᠤ᠂ ᠵᠣᠬᠢᠴᠠᠭᠤᠯᠬᠤ ᠵᠡᠷᠭᠡ ᠠᠵᠢᠯ ᠢ ᠬᠠᠷᠢᠭᠤᠴᠠᠨ᠎ᠠ᠃ ᠪᠣᠳᠠᠲᠠᠶ ᠬᠥᠮᠦᠰ ᠤᠨ ᠨᠡᠷᠡᠰ ᠨᠢ ᠳᠣᠤᠷᠠᠬᠢ ᠮᠡᠲᠦ᠄    ᠬᠤ ᠪᠥᠸᠧ ᠪᠥᠸᠧ  ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠠᠯᠪᠠᠨ ᠭᠡᠷ ᠤᠨ ᠬᠠᠷᠢᠭᠤᠴᠠᠯᠭᠠᠲᠠᠨ    ᠭᠤᠤ ᠵᠢᠶᠦ᠋ᠨ ᠰᠢᠶᠠ  ᠡᠳ᠋ ᠤᠨ ᠵᠠᠰᠠᠭ ᠤᠨ ᠲᠣᠪᠴᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠲᠠᠰᠤᠭ ᠤᠨ ᠳᠠᠷᠤᠭ᠎ᠠ    ᠾᠧᠦ ᠯᠢ ᠵᠦ  ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠡᠷᠬᠡ ᠶᠢ ᠨᠤᠲᠠᠯᠠᠨ ᠳᠠᠩᠰᠠᠯᠠᠬᠤ ᠲᠠᠰᠤᠭ ᠤᠨ ᠳᠠᠷᠤᠭ᠎ᠠ    ᠶᠠᠩ ᠱᠢ ᠯᠢᠶᠠᠩ  ᠠᠮᠢ ᠠᠬᠤᠶ ᠶᠢᠨ ᠣᠷᠴᠢᠨ ᠨᠥᠬᠦᠴᠡᠯ ᠤᠨ ᠲᠣᠪᠴᠢᠶ᠎ᠠ ᠶᠢᠨ ᠠᠮᠢ ᠠᠬᠤᠶ ᠶᠢᠨ ᠲᠠᠰᠤᠭ ᠤᠨ ᠳᠠᠷᠤᠭ᠎ᠠ    ᠸᠠᠩ ᠶᠦᠩ ᠬᠤᠩ  ᠤᠰᠤᠨ ᠠᠰᠢᠭᠯᠠᠯᠲᠠ ᠶᠢᠨ ᠲᠣᠪᠴᠢᠶ᠎ᠠ ᠶᠢᠨ ᠤᠰᠤᠨ ᠤ ᠶᠠᠪᠤᠳᠠᠯ ᠤᠨ ᠲᠠᠰᠤᠭ ᠤᠨ ᠬᠠᠷᠢᠭᠤᠴᠠᠯᠭᠠᠲᠠᠨ    ᠽᠦᠸᠧ ᠰᠦ ᠹᠧᠨ  ᠤᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶᠠᠨ ᠤ ᠤᠢ ᠰᠢᠭᠤᠢ ᠶᠢᠨ ᠶᠠᠪᠤᠳᠠᠯ ᠤᠨ ᠲᠠᠰᠤᠭ ᠤᠨ ᠳᠠᠷᠤᠭ᠎ᠠ     ᠸᠠᠩ ᠢ  ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠲᠣᠰᠬᠤᠨ ᠪᠠᠯᠭᠠᠰᠤ ᠶᠢᠨ ᠲᠠᠰᠤᠭ ᠤᠨ ᠳᠠᠷᠤᠭ᠎ᠠ     ᠬᠠᠨ ᠱᠧᠩ ᠯᠢ  ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠠᠵᠤ ᠠᠬᠤᠶ ᠶᠢᠨ ᠲᠠᠷᠢᠮᠠᠯ ᠤᠨ ᠬᠠᠮᠢᠶᠠᠷᠤᠯᠲᠠ ᠶᠢᠨ ᠥᠷᠲᠡᠭᠡᠨ ᠤ ᠳᠠᠷᠤᠭ᠎ᠠ     ᠭᠤᠷᠪᠠ᠂ ᠬᠠᠮᠲᠤᠷᠠᠭᠰᠠᠨ ᠬᠤᠷᠠᠯᠳᠤᠭᠠᠨ ᠤ ᠠᠯᠪᠠᠨ ᠭᠡᠷ ᠢ ᠪᠠᠶᠢᠭᠤᠯᠤᠨ᠎ᠠ     ᠬᠠᠮᠲᠤᠷᠠᠭᠰᠠᠨ ᠬᠤᠷᠠᠯ ᠤᠨ ᠳᠣᠤᠷ᠎ᠠ ᠠᠯᠪᠠᠨ ᠬᠡᠷ ᠭᠠᠷᠭᠠᠵᠤ᠂ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠳᠤ ᠳᠣᠭᠢᠷᠠᠭᠤᠯᠤᠨ᠂ ᠠᠯᠪᠠᠨ ᠬᠡᠷ ᠤᠨ ᠡᠷᠬᠢᠯᠡᠭᠴᠢ ᠶᠢᠨ ᠲᠤᠰᠢᠶᠠᠯ ᠢ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠳᠠᠷᠤᠭ᠎ᠠ ᠸᠠᠩ ᠵᠢᠶᠠᠨ ᠰᠢ ᠡᠭᠦᠷᠭᠡᠯᠡᠵᠦ᠂ ᠪᠦᠷᠢᠯᠳᠦᠬᠦᠨ ᠢ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠳᠣᠲᠣᠭᠠᠳᠤ ᠠᠴᠠ ᠰᠣᠩᠭᠤᠨ ᠭᠠᠷᠭᠠᠨ᠎ᠠ᠃ ᠭᠤᠤᠯ ᠡᠭᠦᠷᠭᠡ ᠬᠠᠷᠢᠭᠤᠴᠠᠯᠭ᠎ᠠ᠄ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠨᠢᠭᠡᠳᠦᠯᠲᠡᠶ ᠡᠷᠬᠡ ᠶᠢ ᠨᠤᠲᠠᠯᠠᠨ ᠳᠠᠩᠰᠠᠯᠠᠬᠤ ᠠᠵᠢᠯ ᠤᠨ ᠬᠠᠮᠲᠤᠷᠠᠭᠰᠠᠨ ᠬᠤᠷᠠᠯ ᠤᠨ ᠤᠳᠤᠷᠢᠳᠤᠯᠭ᠎ᠠ ᠳᠣᠤᠷ᠎ᠠ᠂ ᠤᠯᠤᠰ ᠪᠠ ᠥᠪᠡᠷᠲᠡᠭᠡᠨ ᠵᠠᠰᠠᠬᠤ ᠣᠷᠣᠨ᠂ ᠤᠯᠠᠭᠠᠨᠴᠠᠪ ᠬᠤᠲᠠ ᠶᠢᠨ ᠠᠵᠢᠯ ᠤᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠨ᠎ᠠ︔ ᠪᠥᠬᠦ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠨᠢᠭᠡᠳᠦᠯᠲᠡᠶ ᠡᠷᠬᠡ ᠶᠢ ᠨᠤᠲᠠᠯᠠᠨ ᠲᠠᠩᠰᠠᠯᠠᠬᠤ ᠶᠢᠨ ᠪᠣᠳᠠᠲᠠᠶ ᠵᠣᠬᠢᠶᠠᠨ ᠪᠠᠶᠢᠭᠤᠯᠵᠤ ᠬᠡᠷᠡᠭᠵᠢᠭᠦᠯᠬᠦ ᠠᠵᠢᠯ ᠢ ᠬᠠᠷᠢᠭᠤᠴᠠᠨ᠎ᠠ︔ ᠬᠠᠮᠲᠤᠷᠠᠭᠰᠠᠨ ᠬᠤᠷᠠᠯ ᠤᠨ ᠪᠦᠷᠢᠯᠳᠦᠬᠦᠨ ᠨᠢᠭᠡᠴᠡ ᠶᠢᠨ ᠬᠤᠭᠤᠷᠣᠨᠳᠣᠬᠢ ᠵᠣᠬᠢᠶᠠᠨ ᠪᠠᠶᠢᠭᠤᠯᠬᠤ ᠪᠠ ᠵᠣᠬᠢᠴᠠᠭᠤᠯᠬᠤ ᠠᠵᠢᠯ ᠢ ᠬᠠᠷᠢᠭᠤᠴᠠᠨ᠎ᠠ︔ ᠪᠥᠬᠦ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠨᠢᠭᠡᠳᠦᠯᠲᠡᠶ ᠡᠷᠬᠡ ᠶᠢ ᠨᠤᠲᠠᠯᠠᠨ ᠳᠠᠩᠰᠠᠯᠠᠬᠤ ᠲᠥᠷᠥ ᠶᠢᠨ ᠪᠣᠳᠣᠯᠭ᠎ᠠ ᠶᠢᠨ ᠴᠢᠨᠠᠷᠲᠠᠶ᠂ ᠮᠡᠷᠭᠡᠵᠢᠯ ᠤᠨ ᠴᠢᠨᠠᠷᠲᠠᠶ ᠠᠰᠠᠭᠤᠳᠠᠯ ᠢ ᠰᠤᠳᠤᠯᠬᠤ ᠪᠠ ᠰᠢᠢᠳᠪᠦᠷᠢᠡᠯᠬᠦ ᠵᠡᠷᠭᠡ ᠠᠵᠢᠯ ᠢ ᠬᠠᠷᠢᠭᠤᠴᠠᠨ᠎ᠠ᠃ ᠪᠣᠳᠠᠲᠠᠶ ᠪᠠᠷ ᠬᠡᠯᠡᠪᠡᠯ᠄ ︵1︶ ᠹᠧᠩᠵᠧᠨ ᠬᠤᠳᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠨᠢᠭᠡᠳᠦᠯᠲᠡᠶ ᠡᠷᠬᠡ ᠶᠢ ᠨᠤᠲᠠᠯᠠᠨ ᠳᠠᠩᠰᠠᠯᠠᠬᠤ ᠠᠵᠢᠯ ᠤᠨ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ᠂ ᠲᠦᠷᠢᠮ ᠢ ᠵᠣᠬᠢᠶᠠᠨ ᠪᠠᠶᠢᠭᠤᠯᠵᠤ ᠲᠤᠭᠤᠷᠪᠢᠨ ᠲᠣᠭᠲᠠᠭᠠᠨ᠎ᠠ︔ ᠤᠯᠤᠰ ᠪᠠ ᠥᠪᠡᠷᠲᠡᠭᠡᠨ ᠵᠠᠰᠠᠬᠤ ᠣᠷᠣᠨ᠂ ᠤᠯᠠᠭᠠᠨᠴᠠᠪ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠡᠷᠬᠡ ᠶᠢ ᠳᠣᠲᠣᠯᠠᠨ ᠲᠣᠭᠲᠠᠭᠠᠬᠤ ᠲᠥᠷᠥ ᠶᠢᠨ ᠪᠣᠳᠣᠯᠭ᠎ᠠ ᠪᠠ ᠬᠠᠮᠢᠶ᠎ᠠ ᠪᠥᠬᠦᠶ ᠵᠣᠷᠢᠭ ᠰᠠᠨᠠᠭ᠎ᠠ᠂ ᠪᠠᠷᠢᠮᠵᠢᠶ᠎ᠠ᠂ ᠵᠢᠷᠤᠮᠵᠢᠯ ᠵᠡᠷᠭᠡ ᠶᠢ ᠨᠠᠶᠢᠳᠠᠪᠤᠷᠢᠵᠢᠭᠤᠯᠤᠨ᠎ᠠ᠃ ︵2︶ ᠹᠧᠩᠵᠧᠨ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠨᠢᠭᠡᠳᠦᠯᠲᠡᠶ ᠡᠷᠬᠡ ᠶᠢ ᠨᠤᠲᠠᠯᠠᠨ ᠳᠠᠩᠰᠠᠯᠠᠬᠤ ᠡᠭᠦᠷᠭᠡ ᠶᠢᠨ ᠬᠡᠷᠡᠭᠵᠢᠭᠦᠯᠦᠯᠲᠡ ᠶᠢ ᠵᠣᠬᠢᠶᠠᠨ ᠪᠠᠶᠢᠭᠤᠯᠵᠤ᠂ ᠮᠠᠨ ᠤ ᠬᠤᠲᠠ ᠶᠢᠨ ᠡᠷᠬᠡ ᠶᠢ ᠨᠤᠲᠠᠯᠠᠨ ᠳᠠᠩᠰᠠᠯᠠᠬᠤ ᠠᠵᠢᠯ ᠤᠨ ᠥᠷᠨᠢᠯᠲᠡ ᠶᠢ ᠬᠢᠨᠠᠨ ᠵᠢᠯᠣᠭᠤᠳᠤᠨ᠎ᠠ︔ ᠹᠧᠩᠵᠧᠨ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠨᠢᠭᠡᠳᠦᠯᠲᠡᠶ ᠡᠷᠬᠡ ᠶᠢ ᠨᠤᠲᠠᠯᠠᠨ ᠳᠠᠩᠰᠠᠯᠠᠬᠤ ᠠᠵᠢᠯ ᠤᠨ ᠲᠥᠯᠥᠪᠯᠡᠭᠡ᠂ ᠬᠡᠷᠡᠭᠵᠢᠭᠦᠯᠬᠦ ᠲᠥᠰᠦᠯ ᠢ ᠨᠠᠶᠢᠷᠠᠭᠤᠯᠤᠨ ᠵᠣᠬᠢᠶᠠᠵᠤ᠂ ᠵᠠᠷᠤᠳᠠᠯ ᠤᠨ ᠲᠥᠰᠦᠪ ᠢ ᠨᠠᠶᠢᠷᠠᠭᠤᠯᠤᠨ ᠵᠣᠬᠢᠶᠠᠬᠤ᠂ ᠳᠡᠭᠡᠭᠰᠢ ᠮᠡᠳᠡᠭᠦᠯᠬᠦ ᠠᠵᠢᠯ ᠢ ᠨᠢᠭᠡᠳᠦᠯᠲᠡᠶ ᠲᠥᠯᠥᠪᠯᠡᠨ᠎ᠡ︔ ᠬᠤᠲᠠ ᠶᠢᠨ ᠱᠠᠲᠤᠨ ᠤ ᠪᠠᠶᠢᠭᠠᠯᠢ ᠶᠢᠨ ᠡᠬᠢ ᠪᠠᠶᠠᠯᠢᠭ ᠤᠨ ᠨᠢᠭᠡᠳᠦᠯᠲᠡᠶ ᠡᠷᠬᠡ ᠶᠢ ᠨᠤᠲᠠᠯᠠᠨ ᠳᠠᠩᠰᠠᠯᠠᠬᠤ ᠡᠭᠦᠷᠭᠡ ᠶᠢᠨ ᠵᠠᠰᠠᠭ ᠤᠨ ᠣᠷᠳᠣᠨ ᠤ ᠬᠤᠳᠠᠯᠳᠤᠨ ᠠᠪᠬᠤ ᠵᠡᠷᠭᠡ ᠠᠵᠢᠯ ᠢ ᠨᠢᠭᠡᠳᠦᠯᠲᠡᠶ ᠲᠥᠯᠥᠪᠯᠡᠨ ᠵᠣᠬᠢᠴᠠᠭᠤᠯᠤᠨ᠎ᠠ᠃ ︵3︶ ᠭᠠᠵᠠᠷ ᠰᠢᠷᠣᠶ ᠶᠢᠨ ᠡᠷᠬᠡ ᠶᠢᠨ ᠬᠠᠷᠢᠶᠠᠯᠠᠯ ᠤᠨ ᠵᠢᠭᠤᠷᠠᠯᠳᠤᠭᠠᠨ ᠢ  ᠰᠢᠢᠳᠪᠦᠷᠢᠯᠡᠬᠦ ᠠᠷᠭ᠎ᠠ ᠶᠢᠨ ᠶᠣᠰᠣᠭᠠᠷ ᠪᠥᠬᠦ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠨᠢᠭᠡᠳᠦᠯᠲᠡᠶ ᠳᠡᠩᠰᠡᠯᠡᠨ ᠲᠡᠮᠳᠡᠭᠯᠡᠬᠦ ᠶᠠᠪᠤᠴᠠ ᠳᠤ ᠬᠤᠯᠪᠣᠭᠳᠠᠭᠰᠠᠨ ᠡᠷᠬᠡ ᠶᠢᠨ ᠬᠠᠷᠢᠶᠠᠯᠠᠯ ᠤᠨ ᠵᠢᠭᠤᠷᠠᠯᠳᠤᠭᠠᠨ ᠢ ᠡᠶᠡᠳᠡᠭᠦᠯᠦᠨ ᠰᠢᠢᠳᠪᠦᠷᠢᠯᠡᠬᠦ ᠵᠢᠴᠢ ᠥᠯᠥ ᠬᠥᠳᠡᠯᠬᠦ ᠬᠥᠷᠥᠩᠭᠡ ᠶᠢᠨ ᠳᠡᠩᠰᠡᠯᠡᠨ ᠲᠡᠮᠳᠡᠭᠯᠡᠬᠦ ᠶᠢ ᠵᠣᠯᠭᠠᠭᠤᠯᠬᠤ ᠬᠠᠮᠢᠶ᠎ᠠ ᠪᠥᠬᠦᠶ ᠠᠵᠢᠯ ᠢ ᠵᠢᠯᠣᠭᠤᠳᠤᠨ᠎ᠠ ᠃ ︵4︶ ᠰᠣᠨᠢᠨ ᠮᠡᠳᠡᠭᠡᠨ ᠤ ᠪᠣᠯᠪᠠᠰᠤᠷᠠᠭᠤᠯᠤᠯ᠂ ᠶᠠᠷᠢᠶ᠎ᠠ ᠬᠡᠯᠡᠯᠴᠡᠭᠡᠨ ᠤ ᠪᠠᠶᠢᠳᠠᠯ ᠢ ᠬᠥᠲᠥᠯᠦᠨ ᠵᠢᠯᠣᠭᠤᠳᠬᠤ ᠪᠠ ᠪᠥᠬᠦ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠨᠢᠭᠡᠳᠦᠯᠲᠡᠶ ᠡᠷᠬᠡ ᠶᠢ ᠨᠤᠲᠠᠯᠠᠨ ᠳᠠᠩᠰᠠᠯᠠᠬᠤ ᠠᠵᠢᠯᠲᠠᠨ ᠤ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ︵5︶ ᠪᠥᠬᠦ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠨᠢᠭᠡᠳᠦᠯᠲᠡᠶ ᠡᠷᠬᠡ ᠶᠢ ᠨᠤᠲᠠᠯᠠᠨ ᠳᠠᠩᠰᠠᠯᠠᠬᠤ ᠮᠡᠳᠡᠭᠡ ᠵᠠᠩᠭᠢ ᠶᠢᠨ ᠳ᠋ᠠᠶᠢᠲ᠋ᠠ ᠬᠥᠮᠥᠷᠭᠡ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠵᠡᠷᠭᠡ ᠠᠵᠢᠯ ᠢ ᠪᠠᠶᠢᠭᠤᠯᠤᠨ᠎ᠠ︔ ᠮᠠᠨ ᠤ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠨᠢᠭᠡᠳᠦᠯᠲᠡᠶ ᠡᠷᠬᠡ ᠶᠢ ᠨᠤᠲᠠᠯᠠᠨ ᠳᠠᠩᠰᠠᠯᠠᠬᠤ ᠲᠤᠭ᠎ᠠ ᠪᠠᠷᠢᠮᠲᠠ ᠶᠢᠨ ᠬᠥᠮᠥᠷᠭᠡ ᠶᠢᠨ ᠪᠠᠶᠢᠭᠤᠯᠤᠯᠲᠠ ᠶᠢ ᠵᠢᠯᠣᠭᠤᠳᠤᠨ᠎ᠠ᠃ ︵6︶ ᠹᠧᠩᠵᠧᠨ ᠬᠤᠳᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠡᠷᠬᠡ ᠶᠢ ᠨᠢᠭᠡᠳᠦᠯᠲᠡᠶ ᠨᠤᠲᠠᠯᠠᠨ ᠲᠣᠭᠲᠠᠭᠠᠭᠰᠠᠨ ᠦᠷ᠎ᠡ ᠪᠦᠲᠦᠭᠡᠯ ᠢ ᠥᠪᠡᠰᠦᠪᠡᠨ ᠪᠠᠶᠢᠴᠠᠭᠠᠬᠤ ᠪᠠ ᠤᠷᠢᠳᠴᠢᠯᠠᠨ ᠰᠢᠯᠭᠠᠨ ᠠᠪᠬᠤ ᠶᠢ ᠬᠠᠷᠢᠭᠤᠴᠠᠨ᠎ᠠ᠃ ︵7︶ ᠹᠧᠩᠵᠧᠨ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠨᠢᠭᠡᠳᠦᠯᠲᠡᠶ ᠡᠷᠬᠡ ᠶᠢ ᠨᠤᠲᠠᠯᠠᠨ ᠲᠡᠮᠳᠡᠭᠯᠡᠬᠦ ᠳ᠋ᠠᠶᠢᠲ᠋ᠠ ᠶᠢᠨ ᠬᠥᠮᠥᠷᠭᠡ ᠶᠢᠨ ᠬᠤᠷᠢᠶᠠᠩᠭᠤᠶᠢᠯᠠᠨ ᠲᠤᠰᠢᠶᠠᠬᠤ᠂ ᠪᠠᠶᠢᠴᠠᠭᠠᠬᠤ᠂ ᠬᠥᠮᠥᠷᠭᠡ ᠳᠤ ᠣᠷᠣᠭᠤᠯᠬᠤ ᠶᠢ ᠬᠠᠷᠢᠭᠤᠴᠠᠨ᠎ᠠ︔ ᠹᠧᠩᠵᠧᠨ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠨᠢᠭᠡᠳᠦᠯᠲᠡᠶ ᠡᠷᠬᠡ ᠶᠢ ᠨᠤᠲᠠᠯᠠᠭᠰᠠᠨ ᠦᠷ᠎ᠡ ᠪᠦᠲᠦᠭᠡᠯ ᠢ ᠪᠦᠷᠢᠳᠬᠡᠨ ᠬᠤᠷᠢᠶᠠᠩᠭᠤᠶᠢᠯᠠᠬᠤ ᠵᠢᠴᠢ ᠰᠠᠭᠤᠷᠢ ᠮᠠᠲ᠋ᠧᠷᠢᠶᠠᠯ ᠢ ᠲᠠᠩᠰᠠ ᠡᠪᠬᠡᠮᠡᠯ ᠳᠤ ᠣᠷᠣᠭᠤᠯᠬᠤ ᠬᠠᠮᠢᠶᠠᠷᠤᠯᠲᠠ ᠶᠢ ᠬᠠᠷᠢᠭᠤᠴᠠᠨ᠎ᠠ︔ ᠹᠧᠩᠵᠧᠨ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠨᠢᠭᠡᠳᠦᠯᠲᠡᠶ ᠡᠷᠬᠡ ᠶᠢ ᠨᠤᠲᠠᠯᠠᠨ ᠲᠣᠭᠲᠠᠭᠠᠬᠤ ᠰᠠᠭᠤᠷᠢ ᠮᠡᠳᠡᠭᠡ ᠵᠠᠩᠭᠢ ᠶᠢᠨ ᠬᠡᠷᠡᠭᠯᠡᠯᠲᠡ ᠪᠠ  ᠦᠢᠯᠡᠴᠢᠡᠯᠭᠡ ᠶᠢ ᠬᠠᠷᠢᠭᠤᠴᠠᠨ᠎ᠠ᠃ ︵8︶ ᠠᠵᠢᠯ ᠤᠨ ᠬᠡᠷᠡᠭᠴᠡᠭᠡ ᠪᠠᠨ ᠦᠨᠳᠦᠰᠦᠯᠡᠨ᠂ ᠬᠤᠯᠪᠣᠭᠳᠠᠯ ᠪᠦᠬᠦᠢ ᠬᠥᠮᠦᠰ ᠢ ᠲᠦᠷ ᠴᠠᠭ ᠴᠤᠭᠯᠠᠭᠤᠯᠤᠨ ᠲᠤᠬᠠᠶᠢᠯᠠᠭᠰᠠᠨ ᠠᠵᠢᠯ ᠤᠨ ᠵᠥᠪᠯᠡᠯᠭᠡ ᠪᠠ ᠮᠡᠷᠭᠡᠵᠢᠯ ᠤᠨ ᠵᠢᠯᠤᠭᠤᠳᠤᠯᠭ᠎ᠠ ᠬᠢᠯᠭᠡᠵᠦ᠂ ᠬᠤᠯᠪᠣᠭᠳᠠᠯ ᠪᠦᠬᠦᠢ ᠲᠦᠷᠦ ᠶᠢᠨ ᠪᠤᠳᠤᠯᠭ᠎ᠠ ᠪᠠ ᠮᠡᠷᠭᠡᠵᠢᠯ ᠤᠨ ᠬᠦᠴᠢᠷ ᠠᠰᠠᠭᠤᠳᠠᠯ ᠢ ᠰᠢᠢᠳᠪᠦᠷᠢᠯᠡᠨ᠎ᠡ᠃ ︵9︶ ᠬᠠᠮᠲᠤᠷᠠᠭᠰᠠᠨ ᠬᠤᠷᠠᠯᠳᠤᠭᠠᠨ ᠪᠠ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠠᠴᠠ ᠲᠤᠰᠢᠶᠠᠨ ᠰᠢᠢᠳᠪᠦᠷᠢᠯᠡᠬᠦᠯᠦᠭᠰᠡᠨ ᠪᠤᠰᠤᠳ ᠬᠤᠯᠪᠣᠭᠳᠠᠯ ᠪᠦᠬᠦᠢ ᠡᠭᠦᠷᠭᠡ ᠶᠢ ᠡᠭᠦᠷᠭᠡᠯᠡᠨ᠎ᠡ᠃     ᠳᠥᠷᠪᠡ᠂ ᠬᠠᠮᠲᠤᠷᠠᠭᠰᠠᠨ ᠬᠤᠷᠠᠯ ᠤᠨ ᠪᠦᠷᠢᠯᠳᠦᠬᠦᠨ ᠨᠢᠭᠡᠴᠡ ᠶᠢᠨ ᠭᠤᠤᠯ ᠡᠭᠦᠷᠭᠡ ᠬᠠᠷᠢᠭᠤᠴᠠᠯᠭ᠎ᠠ     ︵ᠨᠢᠭᠡ︶ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠄ ᠤᠯᠤᠰ ᠤᠨ ᠭᠠᠵᠠᠷ ᠰᠢᠷᠣᠶ ᠶᠢᠨ ᠪᠠᠶᠢᠴᠠᠭᠠᠯᠲᠠ᠂ ᠣᠶ ᠰᠢᠭᠤᠶ᠂ ᠨᠤᠲᠤᠭ ᠪᠡᠯᠴᠢᠭᠡᠷ᠂ ᠴᠢᠭᠢᠭᠯᠢᠭ ᠭᠠᠵᠠᠷ ᠵᠡᠷᠭᠡ ᠪᠠᠶᠢᠭᠠᠯᠢ ᠶᠢᠨ ᠡᠬᠢ ᠪᠠᠶᠠᠯᠢᠭ ᠤᠨ ᠲᠤᠰᠬᠠᠶ ᠵᠦᠢᠯ ᠤᠨ ᠪᠠᠶᠢᠴᠠᠭᠠᠯᠲᠠ ᠵᠢᠴᠢ ᠣᠨ ᠤ ᠬᠤᠪᠢᠷᠠᠯᠲᠠ ᠶᠢᠨ ᠪᠠᠶᠢᠴᠠᠭᠠᠯᠲᠠ ᠶᠢᠨ ᠦᠷ᠎ᠡ ᠪᠦᠲᠦᠭᠡᠯ ᠤᠨ ᠲᠤᠭ᠎ᠠ ᠪᠠᠷᠢᠮᠲᠠ ᠶᠢ ᠬᠠᠩᠭᠠᠬᠤ ᠶᠢ ᠬᠠᠷᠢᠭᠤᠴᠠᠨ᠎ᠠ︔ ᠬᠠᠮᠲᠤ ᠶᠢᠨ ᠥᠮᠴᠢᠯᠡᠯ ᠤᠨ ᠭᠠᠵᠠᠷ ᠰᠢᠷᠣᠶ ᠶᠢᠨ ᠥᠮᠴᠢᠯᠡᠯ ᠤᠨ ᠡᠷᠬᠡ᠂ ᠤᠯᠤᠰ ᠤᠨ ᠥᠮᠴᠢᠯᠡᠯ ᠤᠨ ᠭᠠᠵᠠᠷ ᠰᠢᠷᠣᠶ ᠶᠢᠨ ᠬᠡᠷᠡᠭᠯᠡᠬᠦ ᠡᠷᠬᠡ ᠶᠢᠨ ᠡᠷᠬᠡ ᠶᠢ ᠨᠤᠲᠠᠯᠠᠨ ᠳᠡᠩᠰᠡᠯᠡᠯᠲᠡ᠂ ᠬᠡᠷ ᠪᠠᠶᠢᠰᠢᠩ ᠵᠢᠴᠢ ᠣᠶᠢᠲᠤ ᠭᠠᠵᠠᠷ ᠵᠡᠷᠭᠡ ᠥᠯᠥ ᠬᠥᠳᠡᠯᠬᠦ ᠬᠥᠷᠥᠩᠭᠡ ᠶᠢᠨ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠵᠠᠭᠠᠭᠯᠠᠨ ᠲᠣᠭᠲᠠᠭᠠᠭᠰᠠᠨ ᠪᠠ ᠭᠠᠵᠠᠷ ᠰᠢᠷᠣᠶ ᠶᠢ ᠠᠰᠢᠭᠯᠠᠬᠤ ᠶᠡᠷᠦᠩᠬᠡᠶ ᠲᠥᠯᠥᠪᠵᠢᠭᠦᠯᠭᠡ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠲᠥᠯᠥᠪᠵᠢᠭᠦᠯᠭᠡ᠂ ᠪᠡᠶᠡᠴᠢ ᠴᠣᠭᠴᠠ ᠶᠢᠨ ᠴᠢᠳᠠᠮᠵᠢᠲᠤ ᠣᠷᠣᠨ ᠤ ᠲᠥᠯᠥᠪᠵᠢᠭᠦᠯᠭᠡ ᠶᠢᠨ ᠦᠷ᠎ᠡ ᠪᠦᠲᠦᠭᠡᠯ︔ ᠬᠤᠯᠪᠣᠭᠳᠠᠯ ᠪᠦᠬᠦᠢ ᠰᠠᠭᠤᠷᠢ ᠬᠡᠮᠵᠢᠨ ᠵᠢᠷᠤᠭᠯᠠᠯᠲᠠ ᠶᠢᠨ ᠦᠷ᠎ᠡ ᠪᠦᠲᠦᠭᠡᠯ︔ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ ᠬᠠᠳᠠᠭᠠᠯᠠᠭᠳᠠᠴᠠ ᠶᠢ ᠬᠢᠨᠠᠨ ᠵᠥᠪᠰᠢᠶᠡᠷᠡᠵᠦ ᠳᠠᠩᠰᠠᠯᠠᠭᠤᠯᠤᠭᠰᠠᠨ ᠪᠠ ᠬᠢᠨᠠᠨ ᠲᠣᠭᠲᠠᠭᠠᠭᠰᠠᠨ ᠪᠢᠴᠢᠭ ᠮᠠᠲ᠋ᠧᠷᠢᠶᠠᠯ᠂ ᠬᠢᠨᠠᠨ ᠪᠠᠶᠢᠴᠠᠭᠠᠭᠠᠳ ᠬᠢᠷᠢ ᠲᠡᠩᠴᠡᠭᠰᠡᠨ ᠠᠭᠤᠷᠬᠠᠶ ᠶᠢᠨ ᠬᠠᠳᠠᠭᠠᠯᠠᠭᠳᠠᠴᠠ ᠶᠢᠨ ᠣᠨ ᠤ ᠮᠡᠳᠡᠭᠦᠯᠦᠯᠲᠡ ᠵᠢᠴᠢ ᠬᠢᠨᠠᠨ ᠬᠠᠷᠭᠤᠭᠤᠯᠤᠭᠰᠠᠨ ᠰᠠᠨᠠᠯ︔ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠤᠨ ᠦᠷ᠎ᠡ ᠪᠦᠲᠦᠭᠡᠯ ᠵᠡᠷᠭᠡ᠃ ᠹᠧᠩᠵᠧᠨ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠨᠢᠭᠡᠳᠦᠯᠲᠡᠶ ᠡᠷᠬᠡ ᠶᠢ ᠨᠤᠲᠠᠯᠠᠨ ᠳᠠᠩᠰᠠᠯᠠᠬᠤ ᠶᠡᠷᠦᠩᠬᠡᠶ ᠠᠵᠢᠯ ᠤᠨ ᠲᠥᠰᠦᠯ ᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠵᠤ ᠂ ᠣᠨ ᠬᠤᠪᠢᠶᠠᠨ᠂ ᠣᠷᠣᠨ ᠪᠦᠰᠡ ᠬᠤᠪᠢᠶᠠᠨ ᠪᠠᠶᠢᠭᠠᠯᠢ ᠶᠢᠨ ᠡᠬᠢ ᠪᠠᠶᠠᠯᠢᠭ ᠤᠨ ᠡᠷᠬᠡ ᠶᠢ ᠨᠤᠲᠠᠯᠠᠨ ᠳᠡᠩᠰᠡᠯᠡᠵᠦ ᠲᠡᠮᠳᠡᠭᠯᠡᠬᠦ ᠶᠢᠨ ᠬᠡᠷᠡᠭᠵᠢᠭᠦᠯᠬᠦ ᠲᠥᠰᠦᠯ ᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠠᠵᠢᠯ ᠤᠨ ᠲᠦᠷᠢᠮ ᠢ ᠲᠡᠭᠦᠯᠳᠡᠷᠵᠢᠭᠦᠯᠦᠨ᠂ ᠬᠢᠨᠠᠨ ᠵᠢᠯᠣᠭᠤᠳᠴᠤ ᠪᠠᠶᠢᠴᠠᠭᠠᠨ ᠰᠤᠳᠤᠯᠤᠯᠲᠠ ᠬᠢᠬᠦ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ ᠠᠵᠢᠯ ᠤᠨ ᠠᠬᠢᠴᠠ ᠪᠠ ᠠᠵᠢᠯ ᠤᠨ ᠳᠤᠮᠳᠠ ᠢᠯᠡᠷᠡᠭᠦᠯᠦᠭᠰᠡᠨ ᠴᠢᠬᠤᠯᠠ ᠠᠰᠠᠭᠤᠳᠠᠯ ᠢ ᠴᠠᠭ ᠲᠤᠬᠠᠶ ᠳᠤᠨᠢ ᠬᠠᠷᠢᠭᠤ ᠮᠡᠳᠡᠭᠦᠯᠵᠦ᠂ ᠪᠠᠶᠢᠭᠠᠯᠢ ᠶᠢᠨ ᠡᠬᠢ ᠪᠠᠶᠠᠯᠢᠭ ᠤᠨ ᠡᠷᠬᠡ ᠶᠢ ᠨᠤᠲᠠᠯᠠᠨ ᠳᠡᠩᠰᠡᠯᠡᠵᠦ ᠲᠡᠮᠳᠡᠭᠯᠡᠬᠦ ᠠᠵᠢᠯ ᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃    ︵ᠬᠤᠶᠠᠷ︶ ᠠᠮᠢ ᠠᠬᠤᠶ ᠶᠢᠨ ᠣᠷᠴᠢᠨ ᠲᠣᠭᠤᠷᠢᠨ ᠤ ᠲᠣᠪᠴᠢᠶ᠎ᠠ᠄ ᠠᠮᠢ ᠠᠬᠤᠶ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠤᠨ ᠦᠷ᠎ᠡ ᠪᠦᠲᠦᠭᠡᠯ ᠢ ᠬᠠᠩᠭᠠᠬᠤ ᠶᠢ ᠬᠠᠷᠢᠭᠤᠴᠠᠨ᠎ᠠ︔ ᠤᠰᠤᠨ ᠤ ᠴᠢᠨᠠᠷ ᠢ ᠬᠢᠨᠠᠨ ᠬᠡᠮᠵᠢᠭᠰᠡᠨ ᠦᠷ᠎ᠡ ᠪᠦᠲᠦᠭᠡᠯ︔ ᠪᠣᠬᠢᠷᠲᠤᠯ ᠪᠣᠳᠠᠰ ᠭᠠᠳᠠᠭᠰᠢᠯᠠᠭᠤᠯᠬᠤ ᠵᠥᠪᠰᠢᠶᠡᠷᠡᠯ ᠤᠨ ᠮᠠᠲ᠋ᠧᠷᠢᠶᠠᠯ ᠪᠠ ᠪᠤᠰᠤᠳ ᠬᠤᠯᠪᠣᠭᠳᠠᠯ ᠪᠦᠬᠦᠢ ᠮᠠᠲ᠋ᠧᠷᠢᠶᠠᠯ᠃ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠲᠠᠢ ᠬᠠᠮᠵᠢᠯᠴᠠᠨ ᠣᠨ ᠬᠤᠪᠢᠶᠠᠨ᠂ ᠣᠷᠣᠨ ᠪᠦᠰᠡ ᠬᠤᠪᠢᠶᠠᠨ ᠪᠠᠶᠢᠭᠠᠯᠢ ᠶᠢᠨ ᠡᠬᠢ ᠪᠠᠶᠠᠯᠢᠭ ᠤᠨ ᠡᠷᠬᠡ ᠶᠢ ᠨᠤᠲᠠᠯᠠᠨ ᠳᠠᠩᠰᠠᠯᠠᠬᠤ ᠶᠢᠨ ᠬᠡᠷᠡᠭᠵᠢᠭᠦᠯᠬᠦ ᠲᠥᠰᠦᠯ ᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠰᠠᠯᠠᠭ᠎ᠠ ᠮᠥᠴᠢᠷ ᠤᠨ ᠵᠣᠬᠢᠴᠠᠭᠤᠯᠬᠤ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠲᠣᠰ ᠠᠵᠢᠯ ᠲᠥᠷᠥᠯ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠡᠷᠬᠡ ᠶᠢ ᠨᠤᠲᠠᠯᠠᠨ ᠳᠡᠩᠰᠡᠯᠡᠵᠦ ᠲᠡᠮᠳᠡᠭᠯᠡᠬᠦ ᠠᠵᠢᠯ ᠤᠨ ᠳᠤᠮᠳᠠᠬᠢ ᠵᠥᠷᠢᠴᠡᠯ ᠪᠠ ᠵᠢᠭᠤᠷᠠᠯᠳᠤᠭᠠᠨ ᠢ ᠰᠢᠢᠳᠪᠦᠷᠢᠯᠡᠨ᠂ ᠡᠷᠬᠡ ᠶᠢ ᠨᠤᠲᠠᠯᠠᠨ ᠳᠡᠩᠰᠡᠯᠡᠵᠦ ᠲᠡᠮᠳᠡᠭᠯᠡᠭᠰᠡᠨ ᠦᠷ᠎ᠡ ᠪᠦᠲᠦᠭᠡᠯ ᠢ ᠠᠵᠢᠯ ᠲᠥᠷᠥᠯ ᠬᠤᠪᠢᠶᠠᠨ ᠳᠠᠬᠢᠨ ᠬᠢᠨᠠᠬᠤ ᠪᠠ ᠨᠤᠲᠠᠯᠠᠵᠤ᠂ ᠬᠢᠨᠠᠨ ᠵᠢᠯᠣᠭᠤᠳᠴᠤ ᠪᠠᠶᠢᠴᠠᠭᠠᠨ ᠰᠤᠳᠤᠯᠤᠯᠲᠠ ᠬᠢᠬᠦ ᠶᠢ ᠬᠠᠮᠵᠢᠨ ᠥᠷᠨᠢᠭᠦᠯᠵᠦ᠂ ᠠᠵᠢᠯ ᠤᠨ ᠠᠬᠢᠴᠠ ᠶᠢ ᠴᠠᠭ ᠲᠤᠬᠠᠶ ᠳᠤᠨᠢ ᠳᠥᠯᠭᠢᠨ ᠠᠬᠢᠭᠤᠯᠬᠤ ᠪᠠ ᠠᠵᠢᠯ ᠤᠨ ᠳᠤᠮᠳᠠ ᠢᠯᠡᠷᠡᠭᠦᠯᠦᠭᠰᠡᠨ ᠴᠢᠬᠤᠯᠠ ᠠᠰᠠᠭᠤᠳᠠᠯ ᠢ ᠬᠠᠮᠵᠢᠨ ᠰᠢᠢᠳᠪᠦᠷᠢᠯᠡᠨ᠎ᠡ᠃    ︵ᠭᠤᠷᠪᠠ︶ ᠤᠰᠤᠨ ᠠᠰᠢᠭᠯᠠᠯᠲᠠ ᠶᠢᠨ ᠲᠣᠪᠴᠢᠶ᠎ᠠ᠄ ᠭᠤᠣᠯ ᠮᠥᠷᠡᠨ᠂ ᠨᠠᠭᠤᠷ ᠲᠣᠭᠤᠷᠢᠮ᠂ ᠤᠰᠤᠨ ᠴᠥᠭᠦᠷᠥᠮ ᠵᠡᠷᠭᠡ ᠶᠢᠨ ᠲᠤᠭ᠎ᠠ ᠪᠦᠷᠢᠳᠬᠡᠯ ᠤᠨ ᠮᠠᠲ᠋ᠧᠷᠢᠶᠠᠯ ᠢ ᠬᠠᠷᠢᠭᠤᠴᠠᠨ ᠬᠠᠩᠭᠠᠨ᠎ᠠ︔ ᠤᠰᠤᠨ ᠠᠰᠢᠭᠯᠠᠯᠲᠠ ᠶᠢᠨ ᠨᠡᠶᠢᠳᠡᠮ ᠪᠠᠶᠢᠴᠠᠭᠠᠯᠲᠠ᠂ ᠤᠰᠤᠨ ᠤ ᠡᠬᠢ ᠪᠠᠶᠠᠯᠢᠭ ᠤᠨ ᠪᠠᠶᠢᠴᠠᠭᠠᠯᠲᠠ ᠦᠨᠡᠯᠡᠯᠲᠡ ᠵᠡᠷᠭᠡ ᠲᠡᠤᠬᠡ ᠶᠢᠨ ᠮᠠᠲ᠋ᠧᠷᠢᠶᠠᠯ︔ ᠭᠤᠣᠯ ᠮᠥᠷᠡᠨ᠂ ᠨᠠᠭᠤᠷ ᠴᠥᠭᠦᠷᠥᠮ᠂ ᠤᠰᠤᠨ ᠴᠥᠭᠦᠷᠥᠮ ᠵᠡᠷᠭᠡ ᠬᠠᠰᠢᠯᠭ᠎ᠠ᠂ ᠤᠰᠤᠨ ᠣᠷᠣᠨ ᠤ ᠡᠷᠭᠢ ᠶᠢᠨ ᠱᠤᠭᠤᠮ ᠪᠠ ᠬᠠᠮᠢᠶᠠᠷᠤᠯᠲᠠ ᠶᠢᠨ ᠬᠡᠪᠴᠢᠶᠡᠨ ᠤ ᠮᠠᠲ᠋ᠧᠷᠢᠶᠠᠯ︔ ᠤᠰᠤ ᠲᠠᠲᠠᠬᠤ ᠵᠥᠪᠰᠢᠶᠡᠷᠡᠯ ᠤᠨ ᠮᠠᠲ᠋ᠧᠷᠢᠶᠠᠯ ᠪᠠ ᠪᠤᠰᠤᠳ ᠬᠤᠯᠪᠣᠭᠳᠠᠯ ᠪᠦᠬᠦᠢ ᠮᠠᠲ᠋ᠧᠷᠢᠶᠠᠯ᠃ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠲᠠᠢ ᠬᠠᠮᠵᠢᠯᠴᠠᠨ ᠣᠨ ᠬᠤᠪᠢᠶᠠᠨ᠂ ᠣᠷᠣᠨ ᠪᠦᠰᠡ ᠬᠤᠪᠢᠶᠠᠨ ᠪᠠᠶᠢᠭᠠᠯᠢ ᠶᠢᠨ ᠡᠬᠢ ᠪᠠᠶᠠᠯᠢᠭ ᠤᠨ ᠡᠷᠬᠡ ᠶᠢ ᠨᠤᠲᠠᠯᠠᠨ ᠳᠠᠩᠰᠠᠯᠠᠬᠤ ᠶᠢᠨ ᠬᠡᠷᠡᠭᠵᠢᠭᠦᠯᠬᠦ ᠲᠥᠰᠦᠯ ᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠰᠠᠯᠠᠭ᠎ᠠ ᠮᠥᠴᠢᠷ ᠤᠨ ᠵᠣᠬᠢᠴᠠᠭᠤᠯᠬᠤ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠲᠣᠰ ᠠᠵᠢᠯ ᠲᠥᠷᠥᠯ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠡᠷᠬᠡ ᠶᠢ ᠨᠤᠲᠠᠯᠠᠨ ᠳᠡᠩᠰᠡᠯᠡᠵᠦ ᠲᠡᠮᠳᠡᠭᠯᠡᠬᠦ ᠠᠵᠢᠯ ᠤᠨ ᠳᠤᠮᠳᠠᠬᠢ ᠵᠥᠷᠢᠴᠡᠯ ᠪᠠ ᠵᠢᠭᠤᠷᠠᠯᠳᠤᠭᠠᠨ ᠢ ᠰᠢᠢᠳᠪᠦᠷᠢᠡᠯᠡᠨ᠂ ᠡᠷᠬᠡ ᠶᠢ ᠨᠤᠲᠠᠯᠠᠨ ᠳᠡᠩᠰᠡᠯᠡᠵᠦ ᠲᠡᠮᠳᠡᠭᠯᠡᠭᠰᠡᠨ ᠦᠷ᠎ᠡ ᠪᠦᠲᠦᠭᠡᠯ ᠢ ᠠᠵᠢᠯ ᠲᠥᠷᠥᠯ ᠬᠤᠪᠢᠶᠠᠨ ᠳᠠᠬᠢᠨ ᠬᠢᠨᠠᠬᠤ ᠪᠠ ᠨᠤᠲᠠᠯᠠᠵᠤ᠂ ᠬᠢᠨᠠᠨ ᠵᠢᠯᠣᠭᠤᠳᠴᠤ ᠪᠠᠶᠢᠴᠠᠭᠠᠨ ᠰᠤᠳᠤᠯᠤᠯᠲᠠ ᠬᠢᠬᠦ ᠶᠢ ᠬᠠᠮᠵᠢᠨ ᠥᠷᠨᠢᠭᠦᠯᠵᠦ᠂ ᠠᠵᠢᠯ ᠤᠨ ᠠᠬᠢᠴᠠ ᠶᠢ ᠴᠠᠭ ᠲᠤᠬᠠᠶ ᠳᠤᠨᠢ ᠳᠥᠯᠭᠢᠨ ᠠᠬᠢᠭᠤᠯᠬᠤ ᠪᠠ ᠠᠵᠢᠯ ᠤᠨ ᠳᠤᠮᠳᠠ ᠢᠯᠡᠷᠡᠭᠦᠯᠦᠭᠰᠡᠨ ᠴᠢᠬᠤᠯᠠ ᠠᠰᠠᠭᠤᠳᠠᠯ ᠢ ᠬᠠᠮᠵᠢᠨ ᠰᠢᠢᠳᠪᠦᠷᠢᠯᠡᠨ᠎ᠡ᠃    ︵ᠳᠥᠷᠪᠡ︶ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ᠄ ᠣᠶ ᠰᠢᠭᠤᠶ ᠶᠢᠨ ᠡᠬᠢ ᠪᠠᠶᠠᠯᠢᠭ ᠢ ᠢᠯᠭᠠᠷᠠᠭᠤᠯᠤᠨ ᠪᠠᠶᠢᠴᠠᠭᠠᠭᠰᠠᠨ᠂ ᠣᠶ ᠰᠢᠭᠤᠶ ᠶᠢᠨ ᠡᠬᠢ ᠪᠠᠶᠠᠯᠢᠭ ᠤᠨ ᠣᠳᠣᠬᠢ ᠪᠠᠶᠢᠳᠠᠯ ᠢ ᠪᠠᠶᠢᠴᠠᠭᠠᠭᠰᠠᠨ ᠲᠡᠤᠬᠡ ᠶᠢᠨ ᠮᠠᠲ᠋ᠧᠷᠢᠶᠠᠯ᠂ ᠨᠡᠶᠢᠲᠡ ᠶᠢᠨ ᠠᠰᠠᠷᠠᠮᠵᠢ ᠶᠢᠨ ᠣᠶ ᠶᠢᠨ ᠣᠷᠣᠨ ᠤ ᠬᠤᠪᠢᠶᠠᠷᠢᠯᠠᠯ ᠤᠨ ᠵᠠᠭᠠᠭ ᠲᠤ ᠤᠷᠤᠭᠰᠠᠨ ᠦᠷ᠎ᠡ ᠪᠦᠲᠦᠭᠡᠯ᠂ ᠣᠶᠢᠲᠤ ᠭᠠᠵᠠᠷ ᠤᠨ ︽ᠨᠢᠭᠡ ᠵᠢᠷᠤᠭ︾ ᠤᠨ ᠣᠶᠢᠲᠤ ᠭᠠᠵᠠᠷ ᠤᠨ ᠬᠠᠮᠠᠭᠠᠯᠠᠯᠲᠠ ᠶᠢᠨ ᠲᠠᠰ ᠢ ᠦᠨᠡᠯᠡᠨ ᠲᠣᠭᠲᠠᠭᠠᠭᠰᠠᠨ ᠮᠡᠳᠡᠭᠦᠯᠦᠯᠲᠡ ᠵᠢᠴᠢ ᠵᠢᠷᠤᠭ ᠤᠨ ᠦᠷ᠎ᠡ ᠪᠦᠲᠦᠭᠡᠯ ᠢ ᠬᠠᠷᠢᠭᠤᠴᠠᠨ ᠬᠠᠩᠭᠠᠨ᠎ᠠ︔ ᠡᠯ᠎ᠡ ᠲᠥᠷᠥᠯ ᠤᠨ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠬᠢᠨᠠᠨ ᠵᠥᠪᠰᠢᠶᠡᠷᠡᠬᠦ ᠬᠡᠪᠴᠢᠶ᠎ᠡ ᠵᠢᠴᠢ ᠴᠢᠳᠠᠮᠵᠢ ᠶᠢᠨ ᠣᠷᠣᠨ ᠤ ᠬᠤᠪᠢᠶᠠᠷᠢᠯᠠᠯ ᠤᠨ ᠦᠷ᠎ᠡ ᠪᠦᠲᠦᠭᠡᠯ︔ ᠲᠥᠷᠥ ᠶᠢᠨ ᠶᠠᠪᠤᠳᠠᠯ ᠤᠨ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠲᠣᠭᠲᠠᠭᠠᠭᠰᠠᠨ ᠭᠤᠤᠯᠳᠠᠯᠭ᠎ᠠ ᠲᠠᠢ ᠤᠯᠤᠰ ᠤᠨ ᠥᠮᠴᠢᠯᠡᠯᠲᠦ ᠰᠢᠭᠤᠶᠢᠲᠤ ᠣᠷᠣᠨ ᠤ ᠬᠢᠨᠠᠨ ᠵᠥᠪᠰᠢᠶᠡᠷᠡᠬᠦ ᠬᠦᠷᠢᠶ᠎ᠡ ᠬᠡᠪᠴᠢᠶ᠎ᠡ︔ ᠨᠤᠭᠤ ᠭᠠᠵᠠᠷ ᠤᠨ ᠡᠬᠢ ᠪᠠᠶᠠᠯᠢᠭ ᠤᠨ ᠪᠠᠶᠢᠴᠠᠭᠠᠯᠲᠠ ᠶᠢᠨ ᠲᠡᠦᠬᠡᠨ ᠮᠠᠲ᠋ᠧᠷᠢᠶᠠᠯ︔ ᠨᠤᠲᠤᠭ ᠪᠡᠯᠴᠢᠭᠡᠷ ᠤᠨ ᠡᠬᠢ ᠪᠠᠶᠠᠯᠢᠭ ᠤᠨ ᠪᠠᠶᠢᠴᠠᠭᠠᠯᠲᠠ᠂ ᠬᠠᠮᠠᠭᠠᠯᠠᠯᠲᠠ᠂ ᠲᠥᠯᠥᠪᠵᠢᠭᠦᠯᠭᠡ ᠵᠡᠷᠭᠡ ᠦᠷ᠎ᠡ ᠪᠦᠲᠦᠭᠡᠯ ᠪᠠ ᠪᠤᠰᠤᠳ ᠬᠠᠮᠢᠶ᠎ᠠ ᠪᠥᠬᠦᠶ ᠮᠠᠲ᠋ᠧᠷᠢᠶᠠᠯ᠃ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠲᠠᠢ ᠬᠠᠮᠵᠢᠯᠴᠠᠨ ᠣᠨ ᠬᠤᠪᠢᠶᠠᠨ᠂ ᠣᠷᠣᠨ ᠪᠦᠰᠡ ᠬᠤᠪᠢᠶᠠᠨ ᠪᠠᠶᠢᠭᠠᠯᠢ ᠶᠢᠨ ᠡᠬᠢ ᠪᠠᠶᠠᠯᠢᠭ ᠤᠨ ᠡᠷᠬᠡ ᠶᠢ ᠨᠤᠲᠠᠯᠠᠨ ᠳᠠᠩᠰᠠᠯᠠᠬᠤ ᠶᠢᠨ ᠬᠡᠷᠡᠭᠵᠢᠭᠦᠯᠬᠦ ᠲᠥᠰᠦᠯ ᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠰᠠᠯᠠᠭ᠎ᠠ ᠮᠥᠴᠢᠷ ᠤᠨ ᠵᠣᠬᠢᠴᠠᠭᠤᠯᠬᠤ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠲᠣᠰ ᠠᠵᠢᠯ ᠲᠥᠷᠥᠯ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠡᠷᠬᠡ ᠶᠢ ᠨᠤᠲᠠᠯᠠᠨ ᠳᠡᠩᠰᠡᠯᠡᠵᠦ ᠲᠡᠮᠳᠡᠭᠯᠡᠬᠦ ᠠᠵᠢᠯ ᠤᠨ ᠳᠤᠮᠳᠠᠬᠢ ᠵᠥᠷᠢᠴᠡᠯ ᠪᠠ ᠵᠢᠭᠤᠷᠠᠯᠳᠤᠭᠠᠨ ᠢ ᠰᠢᠶ᠋ᠳᠪᠦᠷᠢᠯᠡᠨ᠂ ᠡᠷᠬᠡ ᠶᠢ ᠨᠤᠲᠠᠯᠠᠨ ᠳᠡᠩᠰᠡᠯᠡᠵᠦ ᠲᠡᠮᠳᠡᠭᠯᠡᠭᠰᠡᠨ ᠦᠷ᠎ᠡ ᠪᠦᠲᠦᠭᠡᠯ ᠢ ᠠᠵᠢᠯ ᠲᠥᠷᠥᠯ ᠬᠤᠪᠢᠶᠠᠨ ᠳᠠᠬᠢᠨ ᠬᠢᠨᠠᠬᠤ ᠪᠠ ᠨᠤᠲᠠᠯᠠᠵᠤ᠂ ᠬᠢᠨᠠᠨ ᠵᠢᠯᠣᠭᠤᠳᠴᠤ ᠪᠠᠶᠢᠴᠠᠭᠠᠨ ᠰᠤᠳᠤᠯᠤᠯᠲᠠ ᠬᠢᠬᠦ ᠶᠢ ᠬᠠᠮᠵᠢᠨ ᠥᠷᠨᠢᠭᠦᠯᠵᠦ᠂ ᠠᠵᠢᠯ ᠤᠨ ᠠᠬᠢᠴᠠ ᠶᠢ ᠴᠠᠭ ᠲᠤᠬᠠᠶ ᠳᠤᠨᠢ ᠳᠥᠯᠭᠢᠨ ᠠᠬᠢᠭᠤᠯᠬᠤ ᠪᠠ ᠠᠵᠢᠯ ᠤᠨ ᠳᠤᠮᠳᠠ ᠢᠯᠡᠷᠡᠭᠦᠯᠦᠭᠰᠡᠨ ᠴᠢᠬᠤᠯᠠ ᠠᠰᠠᠭᠤᠳᠠᠯ ᠢ ᠬᠠᠮᠵᠢᠨ ᠰᠢᠢᠳᠪᠦᠷᠢᠯᠡᠨ᠎ᠡ᠃    ︵ᠲᠠᠪᠤ︶ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠄ ᠪᠠᠶᠢᠭᠠᠯᠢ ᠶᠢᠨ ᠡᠬᠢ ᠪᠠᠶᠠᠯᠢᠭ ᠤᠨ ᠨᠢᠭᠡᠳᠦᠯᠲᠡᠶ ᠡᠷᠬᠡ ᠶᠢ ᠨᠤᠲᠠᠯᠠᠨ ᠳᠡᠩᠰᠡᠯᠡᠵᠦ ᠲᠡᠮᠳᠡᠭᠯᠡᠬᠦ ᠠᠵᠢᠯ ᠤᠨ ᠳᠤᠮᠳᠠ ᠬᠤᠯᠪᠣᠭᠳᠠᠭᠰᠠᠨ ᠪᠠᠶᠢᠭᠠᠯᠢ ᠶᠢᠨ ᠡᠬᠢ ᠪᠠᠶᠠᠯᠢᠭ ᠤᠨ ᠲᠥᠷᠥᠯ ᠵᠦᠢᠯ ᠤᠨ ᠪᠣᠳᠠᠲᠠᠶ ᠪᠠᠶᠢᠳᠠᠯ ᠢ ᠬᠠᠩᠭᠠᠬᠤ ᠶᠢ ᠬᠠᠷᠢᠭᠤᠴᠠᠨ᠎ᠠ᠃ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠲᠠᠢ ᠬᠠᠮᠵᠢᠯᠴᠠᠨ ᠪᠥᠬᠦ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠨᠢᠭᠡᠳᠦᠯᠲᠡᠶ ᠡᠷᠬᠡ ᠶᠢ ᠨᠤᠲᠠᠯᠠᠨ ᠳᠠᠩᠰᠠᠯᠠᠬᠤ ᠠᠵᠢᠯ ᠢ ᠡᠮᠬᠢ ᠵᠢᠷᠤᠮ ᠲᠠᠢ ᠠᠬᠢᠭᠤᠯᠵᠤ᠂ ᠲᠣᠰ ᠠᠵᠢᠯ ᠲᠥᠷᠥᠯ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠡᠷᠬᠡ ᠶᠢ ᠨᠤᠲᠠᠯᠠᠨ ᠳᠠᠩᠰᠠᠯᠠᠬᠤ ᠠᠵᠢᠯ ᠤᠨ ᠳᠤᠮᠳᠠᠬᠢ ᠵᠥᠷᠢᠴᠡᠯ ᠪᠠ ᠵᠢᠭᠤᠷᠠᠯᠳᠤᠭᠠᠨ ᠢ ᠰᠢᠢᠳᠪᠦᠷᠢᠯᠡᠵᠦ᠂ ᠡᠷᠬᠡ ᠶᠢ ᠨᠤᠲᠠᠯᠠᠨ ᠳᠡᠩᠰᠡᠯᠡᠯᠲᠡ ᠶᠢᠨ ᠦᠷ᠎ᠡ ᠪᠦᠲᠦᠭᠡᠯ ᠢ ᠠᠵᠢᠯ ᠲᠥᠷᠥᠯ ᠬᠤᠪᠢᠶᠠᠨ ᠳᠠᠬᠢᠨ ᠬᠢᠨᠠᠬᠤ ᠪᠠ ᠨᠤᠲᠠᠯᠠᠨ ᠵᠥᠪᠰᠢᠶᠡᠷᠡᠨ᠎ᠡ᠃    ︵ᠵᠢᠷᠭᠤᠭ᠎ᠠ︶ ᠡᠳ᠋ ᠤᠨ ᠵᠠᠰᠠᠭ ᠤᠨ ᠲᠣᠪᠴᠢᠶ᠎ᠠ᠄ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠶᠢᠨ ᠶᠣᠰᠣᠭᠠᠷ ᠪᠠᠶᠢᠭᠠᠯᠢ ᠶᠢᠨ ᠡᠬᠢ ᠪᠠᠶᠠᠯᠢᠭ ᠤᠨ ᠡᠷᠬᠡ ᠶᠢ ᠨᠢᠭᠡᠳᠦᠯᠲᠡᠶ ᠨᠤᠲᠠᠯᠠᠨ ᠳᠡᠩᠰᠡᠯᠡᠵᠦ ᠲᠡᠮᠳᠡᠭᠯᠡᠬᠦ ᠠᠵᠢᠯ ᠤᠨ ᠵᠠᠷᠤᠳᠠᠯ ᠤᠨ ᠲᠥᠰᠦᠪ᠂ ᠪᠠᠲᠤᠯᠠᠭ᠎ᠠ ᠵᠡᠷᠭᠡ ᠬᠠᠮᠢᠶ᠎ᠠ ᠪᠥᠬᠦᠶ ᠠᠵᠢᠯ ᠢ ᠰᠠᠶᠢᠲᠤᠷ ᠬᠢᠬᠦ ᠶᠢ ᠬᠠᠷᠢᠭᠤᠴᠠᠨ᠎ᠠ᠃    ︵ᠳᠣᠯᠤᠭ᠎ᠠ︶ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠄ ᠪᠠᠶᠢᠭᠠᠯᠢ ᠶᠢᠨ ᠡᠬᠢ ᠪᠠᠶᠠᠯᠢᠭ ᠤᠨ ᠨᠢᠭᠡᠳᠦᠯᠲᠡᠶ ᠡᠷᠬᠡ ᠶᠢ ᠨᠤᠲᠠᠯᠠᠨ ᠳᠡᠩᠰᠡᠯᠡᠵᠦ ᠲᠡᠮᠳᠡᠭᠯᠡᠬᠦ ᠠᠵᠢᠯ ᠳᠤ ᠬᠤᠯᠪᠣᠭᠳᠠᠬᠤ ᠬᠠᠮᠢᠶ᠎ᠠ ᠪᠥᠬᠦᠶ ᠮᠠᠲ᠋ᠧᠷᠢᠶᠠᠯ ᠢ ᠬᠠᠷᠢᠭᠤᠴᠠᠨ ᠬᠠᠩᠭᠠᠨ᠎ᠠ᠃ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠲᠠᠢ ᠬᠠᠮᠵᠢᠯᠴᠠᠨ ᠪᠥᠬᠦ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠨᠢᠭᠡᠳᠦᠯᠲᠡᠶ ᠡᠷᠬᠡ ᠶᠢ ᠨᠤᠲᠠᠯᠠᠨ ᠳᠠᠩᠰᠠᠯᠠᠬᠤ ᠠᠵᠢᠯ ᠢ ᠡᠮᠬᠢ ᠵᠢᠷᠤᠮ ᠲᠠᠢ ᠠᠬᠢᠭᠤᠯᠵᠤ᠂ ᠲᠣᠰ ᠠᠵᠢᠯ ᠲᠥᠷᠥᠯ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠡᠷᠬᠡ ᠶᠢ ᠨᠤᠲᠠᠯᠠᠨ ᠳᠠᠩᠰᠠᠯᠠᠬᠤ ᠠᠵᠢᠯ ᠤᠨ ᠳᠤᠮᠳᠠᠬᠢ ᠵᠥᠷᠢᠴᠡᠯ ᠪᠠ ᠵᠢᠭᠤᠷᠠᠯᠳᠤᠭᠠᠨ ᠢ ᠰᠢᠢᠳᠪᠦᠷᠢᠯᠡᠵᠦ᠂ ᠡᠷᠬᠡ ᠶᠢ ᠨᠤᠲᠠᠯᠠᠨ ᠳᠡᠩᠰᠡᠯᠡᠯᠲᠡ ᠶᠢᠨ ᠦᠷ᠎ᠡ ᠪᠦᠲᠦᠭᠡᠯ ᠢ ᠠᠵᠢᠯ ᠲᠥᠷᠥᠯ ᠬᠤᠪᠢᠶᠠᠨ ᠳᠠᠬᠢᠨ ᠬᠢᠨᠠᠬᠤ ᠪᠠ ᠨᠤᠲᠠᠯᠠᠨ ᠵᠥᠪᠰᠢᠶᠡᠷᠡᠨ᠎ᠡ᠃    ︵ᠨᠠᠢᠮᠠ︶ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠄ ᠪᠠᠶᠢᠭᠠᠯᠢ ᠶᠢᠨ ᠡᠬᠢ ᠪᠠᠶᠠᠯᠢᠭ ᠤᠨ ᠨᠢᠭᠡᠳᠦᠯᠲᠡᠶ ᠡᠷᠬᠡ ᠶᠢ ᠨᠤᠲᠠᠯᠠᠨ ᠳᠡᠩᠰᠡᠯᠡᠵᠦ ᠲᠡᠮᠳᠡᠭᠯᠡᠬᠦ ᠠᠵᠢᠯ ᠳᠤ ᠬᠤᠯᠪᠣᠭᠳᠠᠬᠤ ᠬᠠᠮᠢᠶ᠎ᠠ ᠪᠥᠬᠦᠶ ᠮᠠᠲ᠋ᠧᠷᠢᠶᠠᠯ ᠢ ᠬᠠᠷᠢᠭᠤᠴᠠᠨ ᠬᠠᠩᠭᠠᠨ᠎ᠠ᠃ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠲᠠᠢ ᠬᠠᠮᠵᠢᠯᠴᠠᠨ ᠪᠥᠬᠦ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠨᠢᠭᠡᠳᠦᠯᠲᠡᠶ ᠡᠷᠬᠡ ᠶᠢ ᠨᠤᠲᠠᠯᠠᠨ ᠳᠠᠩᠰᠠᠯᠠᠬᠤ ᠠᠵᠢᠯ ᠢ ᠡᠮᠬᠢ ᠵᠢᠷᠤᠮ ᠲᠠᠢ ᠠᠬᠢᠭᠤᠯᠵᠤ᠂ ᠲᠣᠰ ᠠᠵᠢᠯ ᠲᠥᠷᠥᠯ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠡᠷᠬᠡ ᠶᠢ ᠨᠤᠲᠠᠯᠠᠨ ᠳᠠᠩᠰᠠᠯᠠᠬᠤ ᠠᠵᠢᠯ ᠤᠨ ᠳᠤᠮᠳᠠᠬᠢ ᠵᠥᠷᠢᠴᠡᠯ ᠪᠠ ᠵᠢᠭᠤᠷᠠᠯᠳᠤᠭᠠᠨ ᠢ ᠰᠢᠢᠳᠪᠦᠷᠢᠯᠡᠵᠦ᠂ ᠡᠷᠬᠡ ᠶᠢ ᠨᠤᠲᠠᠯᠠᠨ ᠳᠡᠩᠰᠡᠯᠡᠯᠲᠡ‌‍ᠶᠢᠨ ᠦᠷ᠎ᠡ ᠪᠦᠲᠦᠭᠡᠯ ᠢ ᠠᠵᠢᠯ ᠲᠥᠷᠥᠯ ᠬᠤᠪᠢᠶᠠᠨ ᠳᠠᠬᠢᠨ ᠬᠢᠨᠠᠬᠤ ᠪᠠ ᠨᠤᠲᠠᠯᠠᠨ ᠵᠥᠪᠰᠢᠶᠡᠷᠡᠨ᠎ᠡ᠃                      2020 ᠣᠨ ᠤ 12 ᠰᠠᠷ᠎ᠠ ᠶᠢᠨ 28 ᠤ ᠡᠳᠦᠷ                   ᠤᠷᠴᠢᠭᠤᠯᠤᠬᠴᠢ᠄  ᠼᠦᠢ ᠶᠢᠩ    
 
ᠢᠷᠡᠯᠲᠡ᠄ ᠹᠧᠩᠵᠧᠨ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3