ᠭᠤᠸᠠᠨ ᠳᠦᠨ ᠪᠦ᠋ ᠰᠢᠶᠠᠩ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠪᠠ
ᠨᠡᠶᠢᠲᠡᠯᠡᠭᠰᠡᠨ ᠴᠠᠭ᠄
2021/4/14
    ᠣᠶᠢᠷ᠎ᠠ ᠳᠤ᠂ ᠭᠤᠸᠠᠨ ᠳᠦᠨ ᠪᠦ᠋ ᠰᠢᠶᠠᠩ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠪᠠ ᠬᠥᠮᠦᠰ ᠤᠨ ᠣᠷᠣᠰᠢᠨ ᠰᠠᠭᠤᠬᠤ ᠣᠷᠴᠢᠨ ᠠᠬᠤᠶ ᠶᠢᠨ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠪᠡ᠃ ᠨᠠᠮ ᠤᠨ ᠲᠡᠦᠬᠡ ᠶᠢ ᠰᠤᠷᠤᠯᠴᠠᠬᠤ ᠪᠠ ᠦᠵᠡᠯ ᠰᠠᠨᠠᠭ᠎ᠠ ᠶᠢ ᠣᠶᠢᠯᠠᠭᠠᠬᠤ ᠶᠢ ᠦᠨᠡᠨᠬᠦ ᠪᠡᠶᠡᠯᠡᠭᠦᠯᠵᠦ᠂ ᠤᠨᠤᠯ ᠢ ᠦᠵᠡᠯ ᠰᠠᠨᠠᠭᠠᠨ ᠤ ᠦᠷ᠎ᠡ ᠪᠦᠲᠦᠭᠡᠯ᠂ ᠠᠵᠢᠯ ᠤᠨ ᠦᠷ᠎ᠡ ᠪᠦᠲᠦᠭᠡᠯ ᠪᠣᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠤᠯᠠᠨ ᠲᠦᠮᠡᠨ ᠳᠤ ᠪᠣᠳᠠᠲᠠᠢ ᠶᠠᠪᠤᠳᠠᠯ ᠬᠢᠬᠦ ᠪᠠ ᠬᠦᠴᠢᠷ ᠠᠰᠠᠭᠤᠳᠠᠯ ᠢ ᠰᠢᠢᠳᠪᠦᠷᠢᠯᠡᠬᠦ ᠴᠢᠳᠠᠪᠤᠷᠢ ᠪᠠᠨ ᠲᠠᠰᠤᠷᠠᠯᠳᠡ ᠦᠭᠡᠢ ᠴᠢᠩᠭᠠᠳᠬᠠᠪᠠ᠃
   ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠮᠵᠢ ᠶᠢ ᠦᠷᠭᠦᠯᠵᠢᠯᠡᠨ ᠪᠠᠬᠢᠵᠢᠭᠦᠯᠬᠦ ᠶᠢᠨ ᠲᠥᠯᠥᠭᠡ᠂ ᠰᠢᠶᠠᠩ ᠤᠨ ᠤᠳᠤᠷᠢᠳᠬᠤ ᠪᠠᠭ ᠤᠨ ᠪᠦᠷᠢᠯᠳᠦᠬᠦᠨ ᠨᠡᠷ ᠨᠢᠭᠡᠳᠦᠭᠡᠷ ᠹᠷᠣᠨᠲ ᠲᠤ ᠬᠦᠷᠴᠦ᠂ ᠠᠶᠢᠯ ᠲᠣᠰᠬᠤᠨ ᠳᠤ ᠭᠦᠨᠵᠡᠭᠡᠶᠢᠷᠡᠨ᠂ ᠲᠣᠰᠬᠤᠨ ᠤ ᠳᠣᠲᠣᠷᠠᠬᠢ ᠵᠠᠮ᠂ ᠬᠠᠷᠢᠶ᠎ᠠ ᠭᠤᠤᠯ ᠤᠨ ᠬᠡᠰᠡᠭ᠂ ᠡᠮᠦᠨ᠎ᠡ ᠠᠷᠤ ᠲᠠᠯ᠎ᠠ ᠵᠡᠷᠭᠡ ᠭᠠᠵᠠᠷ ᠤᠨ ᠠᠷᠢᠭᠤᠨ ᠴᠡᠪᠡᠷ ᠢ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠵᠦ᠂ ᠪᠥᠬᠦ ᠰᠢᠶᠠᠩ ᠳᠤ ᠨᠡᠶᠢᠲᠡ 180 ᠬᠤᠭ ᠨᠣᠪᠰᠢ ᠶᠢᠨ ᠬᠠᠶᠢᠷᠴᠠᠭ᠂ 30 ᠭᠠᠷ ᠢᠶᠠᠷ ᠲᠦᠯᠬᠢᠬᠦ ᠬᠤᠭ ᠨᠣᠪᠰᠢ ᠶᠢᠨ ᠲᠡᠷᠭᠡ᠂ 3000 ᠲᠥᠷᠥᠯ ᠬᠤᠪᠢᠶᠠᠭᠰᠠᠨ ᠬᠤᠭ ᠨᠣᠪᠰᠢ ᠶᠢᠨ ᠰᠠᠪᠠ᠂ 1 ᠠᠴᠢᠶᠠᠨ ᠤ ᠮᠠᠰᠢᠨ᠂ 1 ᠬᠥᠷᠪᠡᠭᠦᠯᠬᠦ ᠲᠡᠷᠭᠡ ᠭᠠᠷᠭᠠᠵᠤ ᠬᠤᠭ ᠨᠣᠪᠰᠢ ᠶᠢ ᠴᠡᠪᠡᠷᠯᠡᠨ ᠲᠡᠭᠡᠭᠡᠪᠦᠷᠢᠯᠡᠵᠦ᠂ ᠠᠶᠢᠯ ᠲᠣᠰᠬᠤᠨ ᠤ ᠡᠷᠬᠢᠨ ᠲᠣᠭᠤᠷᠢᠨ ᠤ ᠣᠷᠴᠢᠨ ᠲᠣᠭᠤᠷᠢᠨ ᠤ ᠴᠡᠪᠡᠷ ᠲᠡᠭᠰᠢ ᠡᠮᠬᠢ ᠳᠢᠭᠯᠢᠮ ᠲᠠᠢ ᠪᠠᠶᠢᠬᠤ ᠶᠢ ᠪᠥᠬᠦ ᠬᠦᠴᠦᠨ ᠢᠶᠠᠷ ᠢᠶᠠᠨ ᠪᠠᠳᠤᠯᠠᠨ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠦᠨᠡᠨᠬᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠠ ᠠᠷᠠᠳ ᠲᠦᠮᠡᠨ ᠳᠤ ᠦᠢᠯᠡᠴᠢᠯᠡᠬᠦ ᠠᠵᠢᠯᠯᠠᠭ᠎ᠠ ᠪᠣᠯᠭᠠᠨ ᠬᠤᠪᠢᠷᠠᠭᠤᠯᠪᠠ᠃                  ᠤᠷᠴᠢᠭᠤᠯᠤᠭᠴᠢ᠄ ᠬᠠᠨ ᠰᠢᠶᠤᠤ ᠿᠦᠩ                  ᠬᠢᠨᠠᠭᠴᠢ᠄ ᠼᠦᠢ ᠶᠢᠩ
 
ᠢᠷᠡᠯᠲᠡ᠄ ᠠᠮᠢᠵᠢᠷᠠᠯ ᠪᠢᠯᠬᠠᠭᠰᠠᠨ ᠹᠧᠩᠵᠧᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3