ᠶᠠᠷᠢᠯᠴᠠᠬᠤ ᠡᠲᠡᠭᠡᠳ ᠨᠢ ᠬᠥᠮᠦᠨ ᠶᠠᠪᠤᠳᠠᠯ ᠦᠵᠡᠯ ᠰᠠᠨᠠᠭ᠎ᠠ ᠶᠢ ᠤᠶᠢᠯᠠᠭᠠᠬᠤ ᠶᠢ ᠪᠦᠬᠦᠨ ᠢ ᠬᠠᠮᠤᠷᠤᠭᠤᠯᠪᠠ
ᠨᠡᠶᠢᠲᠡᠯᠡᠭᠰᠡᠨ ᠴᠠᠭ᠄
2021/4/14
   ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠤᠯᠠᠭᠠᠨᠴᠠᠪ ᠬᠤᠲᠠ ᠶᠢᠨ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢ ᠥᠷᠨᠢᠭᠦᠯᠬᠦ ᠲᠤᠬᠠᠶ ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠪᠠᠶᠢᠴᠠᠭᠠᠨ ᠵᠠᠯᠠᠷᠠᠭᠤᠯᠵᠤ ᠴᠡᠭᠴᠡᠯᠡᠨ ᠰᠠᠶᠢᠵᠢᠷᠠᠭᠤᠯᠬᠤ ᠵᠠᠩᠭᠢᠯᠠᠭ᠎ᠠ ᠶᠢᠨ ᠬᠤᠭᠤᠴᠠᠭᠠᠨ ᠳᠤ ᠤᠷᠤᠭᠰᠠᠨ ᠤ ᠳᠠᠷᠠᠭ᠎ᠠ᠂  ᠹᠧᠩᠵᠧᠨ ᠬᠤᠲᠠ ᠰᠡᠳᠬᠢᠯ ᠤᠨ ᠦᠭᠡ ᠪᠠᠨ ᠶᠠᠷᠢᠯᠴᠠᠬᠤ ᠥᠷᠭᠡᠨ ᠳᠡᠯᠭᠡᠷ ᠶᠠᠷᠢᠯᠴᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢ ᠦᠷᠭᠦᠯᠵᠢᠯᠡᠨ ᠭᠦᠨᠵᠡᠭᠡᠶ ᠥᠷᠨᠢᠭᠦᠯᠬᠦ ᠶᠢ ᠳᠥᠯᠭᠢᠨ ᠠᠬᠢᠭᠤᠯᠪᠠ᠃
   ᠨᠢᠭᠡ ᠳᠤ᠂ ᠨᠠᠷᠢᠨ ᠨᠢᠮᠪᠠᠶ ᠲᠣᠬᠢᠷᠠᠭᠤᠯᠵᠤ᠂ ᠪᠣᠳᠠᠲᠤ ᠦᠷ᠎ᠡ ᠪᠦᠲᠦᠮᠵᠢ ᠤᠯᠬᠤ ᠶᠢ ᠦᠨᠡᠨᠬᠦ ᠪᠠᠳᠤᠯᠠᠪᠠ᠃ ︽ᠪᠦᠬᠦ ᠤᠯᠤᠰ ᠤᠨ ᠠᠩᠬᠠᠳᠠᠭᠴᠢ ᠪᠦᠯᠦᠭ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠠᠵᠢᠯ ᠤᠨ ᠵᠢᠯᠣᠭᠤᠳᠤᠮᠵᠢ︾ ᠪᠠ ︽ᠹᠧᠩᠵᠧᠨ ᠬᠤᠲᠠ ᠶᠢᠨ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠬᠡᠷᠡᠭᠵᠢᠭᠦᠯᠬᠦ ᠲᠥᠰᠦᠯ︾ ᠤᠨ ᠱᠠᠭᠠᠷᠳᠠᠯᠭ᠎ᠠ ᠲᠠᠢ ᠬᠠᠷᠢᠴᠠᠭᠤᠯᠤᠨ᠂  ᠹᠧᠩᠵᠧᠨ ᠬᠤᠲᠠ ︽ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠰᠡᠳᠬᠢᠯ ᠤᠨ ᠦᠭᠡ ᠪᠠᠨ ᠬᠡᠯᠡᠯᠴᠡᠨ ᠶᠠᠷᠢᠯᠴᠠᠬᠤ ᠠᠵᠢᠯ ᠤᠨ ᠲᠥᠰᠦᠯ︾ ᠢ ᠲᠣᠭᠲᠠᠭᠠᠵᠤ᠂ ᠶᠠᠷᠢᠯᠴᠠᠬᠤ ᠵᠣᠷᠢᠯᠭ᠎ᠠ᠂ ᠴᠠᠭ ᠤᠨ ᠲᠣᠬᠢᠷᠠᠭᠤᠯᠤᠯᠲᠠ᠂ ᠠᠭᠤᠯᠭ᠎ᠠ᠂ ᠬᠡᠪᠴᠢᠶ᠎ᠡ ᠪᠣᠯᠤᠨ ᠱᠠᠭᠠᠷᠳᠠᠯᠭ᠎ᠠ ᠳᠤ ᠨᠠᠷᠢᠨ ᠲᠣᠬᠢᠷᠠᠭᠤᠯᠤᠯᠲᠠ ᠬᠢᠪᠡ᠃ ᠡᠭᠦᠨ ᠤ ᠬᠠᠮᠲᠤ᠂ ᠰᠡᠳᠬᠢᠯ ᠤᠨ ᠦᠭᠡ ᠪᠠᠨ ᠬᠡᠯᠡᠯᠴᠡᠨ ᠶᠠᠷᠢᠯᠴᠠᠬᠤ ᠠᠵᠢᠯ ᠤᠨ ᠪᠣᠳᠠᠲᠤ ᠦᠷ᠎ᠡ ᠪᠦᠲᠦᠮᠵᠢ ᠤᠯᠬᠤ ᠶᠢ ᠦᠨᠡᠨᠬᠦ ᠪᠠᠲᠤᠯᠠᠬᠤ ᠶᠢᠨ ᠲᠥᠯᠥᠭᠡ᠂ ᠬᠤᠲᠠ ᠶᠢᠨ ᠰᠤᠷᠭᠠᠨ ᠬᠥᠮᠦᠵᠢᠯ ᠤᠨ ᠴᠡᠭᠴᠡᠯᠡᠯᠲᠡ ᠶᠢᠨ ᠠᠵᠢᠯ ᠤᠨ ᠠᠯᠪᠠᠨ ᠬᠡᠷ ᠠᠴᠠ ᠶᠠᠷᠢᠯᠴᠠᠬᠤ ᠲᠣᠪᠴᠢ ᠲᠤᠭᠤᠷᠪᠢᠵᠤ᠂ ︽ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠶᠢᠨ ᠰᠠᠨᠠᠭᠠᠴᠢᠯᠠᠭ᠎ᠠ ᠠᠴᠠ ᠪᠠᠨ ᠬᠡᠷᠡᠭ ᠢᠶᠠᠨ ᠴᠠᠭᠠᠪᠤᠷᠯᠠᠭᠰᠠᠨ ᠠᠰᠠᠭᠤᠳᠠᠯ ᠢ ᠰᠢᠢᠳᠪᠦᠷᠢᠯᠡᠬᠦ ᠲᠤᠬᠠᠶ ᠲᠣᠭᠲᠠᠭᠠᠯ︾᠂ ︽ᠲᠤᠯᠤᠭᠠᠨ ᠶᠡᠭᠡ ᠠᠷᠬᠠᠭ ᠬᠡᠮ︾᠂ ︽ᠬᠠᠤᠯᠢ ᠪᠠᠷᠢᠬᠤ ᠳᠤ ᠭᠠᠷ ᠲᠦᠷᠦᠭᠦ ᠶᠢ ᠰᠡᠷᠭᠡᠶᠢᠯᠡᠬᠦ ᠭᠤᠷᠪᠠᠨ ᠲᠣᠭᠲᠠᠭᠠᠯ︾᠂ ︽ᠰᠠᠬᠢᠯᠭ᠎ᠠ ᠪᠠᠲᠤ ᠶᠢᠨ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠳᠥᠷᠪᠡᠨ ᠵᠦᠢᠯ ᠤᠨ ᠬᠡᠯᠪᠡᠷᠢ︾ ᠵᠡᠷᠭᠡ ᠲᠤᠰᠠᠯᠠᠬᠤ ᠮᠠᠲ᠋ᠧᠷᠢᠶᠠᠯ ᠢ ᠳᠠᠷᠤᠮᠠᠯᠯᠠᠨ ᠲᠠᠷᠬᠠᠭᠠᠭᠰᠠᠨ ᠪᠥᠭᠡᠳ ᠲᠥᠪᠯᠡᠷᠡᠭᠦᠯᠦᠨ ᠰᠤᠷᠤᠯᠴᠠᠬᠤ ᠪᠠ ᠰᠡᠳᠬᠢᠯ ᠤᠨ ᠦᠭᠡ ᠪᠠᠨ ᠬᠡᠯᠡᠯᠴᠡᠨ ᠶᠠᠷᠢᠯᠴᠠᠬᠤ ᠡᠯ᠎ᠡ ᠵᠦᠢᠯ ᠤᠨ ᠪᠡᠯᠡᠳᠬᠡᠯ ᠠᠵᠢᠯ ᠢ ᠤᠷᠢᠳᠴᠢᠯᠠᠨ ᠰᠠᠶᠢᠲᠤᠷ ᠬᠢᠬᠦ ᠠᠵᠢᠯ ᠢ ᠵᠣᠬᠢᠶᠠᠨ ᠪᠠᠶᠢᠭᠤᠯᠪᠠ᠃    ᠬᠤᠶᠠᠷ ᠲᠤ᠂ ︽ᠨᠢᠭᠡᠳᠦᠭᠡᠷ ᠭᠠᠷ︾ ᠵᠢᠱᠢᠶ᠎ᠡ ᠦᠵᠡᠭᠦᠯᠦᠨ ᠲᠡᠷᠢᠭᠦᠯᠡᠵᠦ᠂ ᠪᠡᠶ᠎ᠡ ᠪᠠᠷ ᠢᠶᠠᠨ ᠲᠠᠭᠤᠷᠢᠶᠠᠯ ᠪᠤᠯᠵᠦ᠂ ᠤᠷᠢᠳᠠᠪᠠᠷ ᠶᠠᠷᠢᠯᠴᠠᠪᠠ᠃ 4 ᠰᠠᠷ᠎ᠠ ᠶᠢᠨ 7 ᠤ ᠡᠳᠦᠷ᠂ ᠹᠧᠩᠵᠧᠨ ᠬᠤᠲᠠ ᠶᠢᠨ ᠵᠠᠰᠠᠭ ᠵᠠᠬᠢᠷᠭᠠᠨ ᠤ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠤᠳᠤᠷᠢᠳᠬᠤ ᠳᠤᠭᠤᠶᠢᠯᠠᠩ ᠤᠨ ᠳᠠᠷᠤᠭ᠎ᠠ᠂ ᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠵᠧᠨ ᠬᠠᠶ ᠤᠯᠤᠰ ᠲᠥᠷᠥ ᠬᠠᠤᠯᠢ ᠴᠠᠭᠠᠵᠠ ᠶᠢᠨ  ᠵᠦᠪᠯᠡᠯ ᠤᠨ ᠱᠦᠵᠢ᠂ ᠰᠢᠭᠦᠬᠦ ᠬᠤᠷᠢᠶ᠎ᠠ ᠪᠠᠶᠢᠴᠠᠭᠠᠬᠤ ᠬᠤᠷᠢᠶ᠎ᠠ ᠶᠢᠨ ︽ᠬᠤᠶᠠᠷ ᠳᠠᠷᠤᠭ᠎ᠠ︾᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠬᠠᠤᠯᠢ ᠴᠠᠭᠠᠵᠠ ᠶᠢᠨ ᠲᠣᠪᠴᠢᠶᠠᠨ ᠤ ︽ᠨᠢᠭᠡᠳᠦᠭᠡᠷ ᠭᠠᠷ︾ ᠲᠠᠢ ᠬᠠᠮᠤᠭ ᠤᠨ ᠲᠦᠷᠦᠭᠦᠨ ᠳᠤ ᠰᠡᠳᠬᠢᠯ ᠤᠨ ᠦᠭᠡ ᠪᠠᠨ ᠶᠠᠷᠢᠯᠴᠠᠪᠠ᠃ ᠸᠠᠩ ᠵᠧᠨ ᠬᠠᠶ ᠤᠯᠤᠰ ᠲᠥᠷᠥ ᠬᠠᠤᠯᠢ ᠴᠠᠭᠠᠵᠠ ᠶᠢᠨ ᠡᠯ᠎ᠡ ᠨᠢᠭᠡᠴᠡ ᠶᠢᠨ ᠨᠠᠮ ᠤᠨ ᠤᠳᠤᠷᠢᠳᠬᠤ ᠳᠤᠭᠤᠶᠢᠯᠠᠩ ︵ᠨᠠᠮ ᠤᠨ ᠬᠤᠷᠢᠶ᠎ᠠ︶ ᠤᠨ ᠬᠥᠮᠦᠵᠢᠯ ᠴᠡᠭᠴᠡᠯᠡᠯᠲᠡ ᠶᠢ ᠥᠷᠨᠢᠭᠦᠯᠦᠭᠰᠡᠨ ᠪᠠᠶᠢᠳᠠᠯ᠂ ᠬᠥᠮᠦᠵᠢᠯ ᠴᠡᠭᠴᠡᠯᠡᠯᠲᠡ ᠶᠢ ᠥᠷᠨᠢᠭᠦᠯᠦᠭᠰᠡᠨ ᠠᠴᠠ ᠨᠠᠭᠠᠰᠢᠬᠢ ᠤᠯᠤᠰ ᠲᠥᠷᠥ ᠬᠠᠤᠯᠢ ᠴᠠᠭᠠᠵᠠ ᠶᠢᠨ ᠺᠠᠳ᠋ᠷ ᠴᠠᠭᠳᠠᠭ᠎ᠠ ᠳᠤ ᠭᠠᠷᠤᠭᠰᠠᠨ ᠬᠤᠪᠢᠷᠠᠯᠲᠠ ᠵᠢᠴᠢ ᠶᠠᠷᠢᠯᠴᠠᠬᠤ ᠡᠲᠡᠭᠡᠳ ᠤᠨ ᠬᠤᠪᠢ ᠬᠥᠮᠦᠨ ᠳᠤ ᠣᠷᠣᠰᠢᠵᠤ ᠪᠠᠶᠢᠭ᠎ᠠ ᠠᠰᠠᠭᠤᠳᠠᠯ ᠤᠨ ᠲᠤᠬᠠᠶ ᠰᠡᠳᠬᠢᠯ ᠤᠨ ᠦᠭᠡ ᠪᠠᠨ ᠭᠦᠨᠵᠡᠭᠡᠶ ᠶᠠᠷᠢᠯᠴᠠᠪᠠ᠃ ᠡᠭᠦᠨ ᠤ ᠵᠡᠷᠭᠡᠪᠡᠷ᠂ ᠤᠯᠤᠰ ᠲᠥᠷᠥ ᠬᠠᠤᠯᠢ ᠴᠠᠭᠠᠵᠠ ᠶᠢᠨ ᠡᠯ᠎ᠡ ᠨᠢᠭᠡᠴᠡ ᠬᠠᠷᠢᠭᠤᠴᠠᠯᠭ᠎ᠠ ᠶᠢ ᠴᠢᠩᠭ᠎ᠠ ᠠᠳᠬᠤᠵᠤ᠂ ᠰᠡᠳᠬᠢᠯ ᠤᠨ ᠦᠭᠡ ᠪᠠᠨ ᠬᠡᠯᠡᠯᠴᠡᠨ ᠶᠠᠷᠢᠯᠴᠠᠬᠤ ᠶᠢ ᠯᠠᠪᠳᠠᠭᠤᠨ ᠪᠠᠲᠤᠲᠠᠶ ᠥᠷᠨᠢᠭᠦᠯᠵᠦ᠂ ᠲᠤᠰᠬᠠᠶ ᠴᠡᠭᠴᠡᠯᠡᠨ ᠵᠠᠰᠠᠬᠤ ᠦᠢᠯᠡᠳᠦᠯ ᠴᠢᠳᠠᠪᠤᠷᠢ ᠶᠢ ᠬᠦᠴᠦᠲᠡᠶ ᠳᠡᠭᠡᠭᠰᠢᠯᠡᠭᠦᠯᠵᠦ᠂ ᠬᠥᠮᠦᠵᠢᠯ ᠴᠡᠭᠴᠡᠯᠡᠯᠲᠡ ᠶᠢᠨ ᠦᠨᠡᠨ ᠪᠣᠳᠠᠲᠠᠶ ᠦᠷ᠎ᠡ ᠪᠦᠲᠦᠮᠵᠢ ᠤᠯᠬᠤ ᠶᠢ ᠦᠨᠡᠨᠬᠦ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃  ᠬᠦᠳᠦᠯᠦᠨ ᠳᠠᠭᠠᠭᠤᠯᠵᠤ ᠵᠢᠱᠢᠶ᠎ᠡ ᠦᠵᠡᠭᠦᠯᠬᠦ ᠪᠠᠷ ᠳᠠᠮᠵᠢᠭᠤᠯᠤᠨ᠂ ᠹᠧᠩᠵᠧᠨ ᠬᠤᠳᠠ ᠶᠢᠨ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠤᠯᠠᠨ ᠲᠡᠰ ᠳᠠᠪᠬᠤᠷᠭ᠎ᠠ ᠪᠠᠷ ᠪᠦᠬᠦᠨ ᠢ ᠪᠦᠷᠬᠦᠬᠦᠯᠦᠭᠰᠡᠨ ᠰᠡᠳᠬᠢᠯ ᠤᠨ ᠦᠭᠡ ᠪᠠᠨ ᠶᠠᠷᠢᠯᠴᠠᠬᠤ ᠠᠵᠢᠯ ᠡᠮᠬᠢ ᠳᠠᠷᠠᠭ᠎ᠠ ᠲᠠᠢ ᠶᠠᠪᠤᠭᠳᠠᠪᠠ᠃ ᠹᠧᠩᠵᠧᠨ ᠬᠤᠲᠠ ᠶᠢᠨ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠤᠳᠤᠷᠢᠳᠬᠤ ᠳᠤᠭᠤᠶᠢᠯᠠᠩ ᠤᠨ ᠪᠠᠶᠢᠩᠭᠤ ᠶᠢᠨ ᠳᠡᠳ᠋ ᠳᠠᠷᠤᠭ᠎ᠠ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠼᠤᠤ ᠶᠠᠨ ᠯᠢᠨ ᠣᠯᠠᠨ ᠤᠳᠠᠭ᠎ᠠ ᠰᠡᠳᠬᠢᠯ ᠤᠨ ᠦᠭᠡ ᠪᠠᠨ ᠬᠡᠯᠡᠯᠴᠡᠨ ᠶᠠᠷᠢᠯᠴᠠᠬᠤ ᠠᠵᠢᠯ ᠤᠨ ᠲᠤᠬᠠᠶ ᠪᠠᠶᠢᠷᠢᠯᠠᠭᠤᠯᠤᠯᠲᠠ ᠬᠢᠵᠦ᠂ ᠰᠡᠳᠬᠢᠯ ᠤᠨ ᠦᠭᠡ ᠪᠠᠨ ᠬᠡᠯᠡᠯᠴᠡᠨ ᠶᠠᠷᠢᠯᠴᠠᠬᠤ ᠠᠵᠢᠯ ᠤᠨ ᠲᠥᠰᠦᠯ ᠢ ᠪᠡᠶ᠎ᠡ ᠪᠠᠷ ᠢᠶᠠᠨ ᠬᠢᠨᠠᠨ ᠬᠠᠷᠭᠤᠭᠤᠯᠬᠤ ᠶᠢᠨ ᠬᠠᠮᠲᠤ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ ᠶᠠᠷᠢᠯᠴᠠᠬᠤ ᠲᠣᠪᠴᠢ ᠶᠢ ᠲᠤᠭᠤᠷᠪᠢᠨ ᠲᠣᠭᠲᠠᠭᠠᠵᠤ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠤᠳᠤᠷᠢᠳᠬᠤ ᠪᠠᠭ ᠤᠨ ᠪᠦᠷᠢᠯᠳᠦᠬᠦᠨ᠂ ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠤᠯᠤᠰ ᠲᠦᠷᠦ ᠬᠠᠤᠯᠢ ᠴᠠᠭᠠᠵᠠ ᠶᠢᠨ ᠭᠡᠰᠢᠭᠦᠳ ᠲᠠᠢ ᠲᠦᠷᠦᠭᠦᠯᠡᠨ ᠰᠡᠳᠬᠢᠯ ᠤᠨ ᠦᠭᠡ ᠪᠠᠨ ᠶᠠᠷᠢᠯᠴᠠᠪᠠ᠃ ᠤᠯᠤᠰ ᠲᠥᠷᠥ ᠬᠠᠤᠯᠢ ᠴᠠᠭᠠᠵᠠ ᠶᠢᠨ ᠡᠯ᠎ᠡ ᠨᠢᠭᠡᠴᠡ ᠶᠢᠨ ︽ᠨᠢᠭᠡᠳᠦᠭᠡᠷ ᠭᠠᠷ︾ ᠲᠤᠰ ᠰᠠᠯᠠᠭ᠎ᠠ ᠮᠥᠴᠢᠷ ᠤᠨ ᠢᠶᠠᠨ ᠰᠡᠳᠬᠢᠯ ᠤᠨ ᠦᠭᠡ ᠪᠠᠨ ᠬᠡᠯᠡᠯᠴᠡᠨ ᠶᠠᠷᠢᠯᠴᠠᠬᠤ ᠠᠵᠢᠯ ᠢ ᠨᠠᠷᠢᠨ ᠨᠢᠮᠪᠠᠶ ᠲᠣᠬᠢᠷᠠᠭᠤᠯᠤᠨ ᠪᠠᠶᠢᠷᠢᠯᠠᠭᠤᠯᠵᠤ᠂ ᠶᠠᠷᠢᠯᠴᠠᠬᠤ ᠡᠲᠡᠭᠡᠳ ᠨᠢ ᠪᠦᠬᠦᠨ ᠢ ᠬᠠᠮᠤᠷᠤᠭᠤᠯᠪᠠ᠃    ᠭᠤᠷᠪᠠ ᠳᠤ᠂ ᠠᠳᠠᠯᠢ ᠪᠤᠰᠤ ᠡᠲᠡᠭᠡᠳ ᠢ ᠢᠯᠭᠠᠨ ᠱᠠᠳᠤ ᠬᠤᠪᠢᠶᠠᠨ ᠲᠦᠷᠦᠯ ᠬᠤᠪᠢᠶᠠᠨ ᠶᠠᠷᠢᠯᠴᠠᠵᠤ᠂ ︽ᠨᠢᠭᠡ ᠯᠡ ᠳᠡᠭᠡᠷ᠎ᠡ ᠠᠳᠬᠤᠬᠤ︾ ᠠᠴᠠ ᠵᠠᠶᠢᠯᠠᠰᠬᠢᠪᠠ᠃ ︽ᠪᠥᠬᠦ ᠤᠯᠤᠰ ᠤᠨ ᠠᠩᠬᠠᠳᠠᠭᠴᠢ ᠪᠦᠯᠦᠭ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠠᠵᠢᠯ ᠤᠨ ᠵᠢᠯᠣᠭᠤᠳᠤᠮᠵᠢ︾ ᠶᠢᠨ ᠱᠠᠭᠠᠷᠳᠠᠯᠭ᠎ᠠ ᠶᠣᠰᠣᠭᠠᠷ᠂ ᠹᠧᠩᠵᠧᠨ ᠬᠤᠲᠠ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡ ᠳᠤ ᠣᠷᠣᠰᠢᠵᠤ ᠪᠠᠶᠢᠭ᠎ᠠ ︽ᠲᠤᠯᠤᠭᠠᠨ ᠶᠡᠭᠡ ᠠᠷᠬᠠᠭ ᠬᠡᠮ︾ ᠤᠨ ᠲᠣᠭᠤᠷᠢᠨ ᠳᠤ᠂ ᠤᠯᠤᠰ ᠲᠥᠷᠥ ᠬᠠᠤᠯᠢ ᠴᠠᠭᠠᠵᠠ ᠶᠢᠨ ᠡᠯ᠎ᠡ ᠰᠠᠯᠠᠭ᠎ᠠ ᠮᠥᠴᠢᠷ ᠤᠨ ᠬᠠᠤᠯᠢ ᠬᠡᠷᠡᠭᠵᠢᠭᠦᠯᠬᠦ ᠬᠠᠤᠯᠢ ᠪᠠᠷᠢᠬᠤ ᠠᠳᠠᠯᠢ ᠪᠤᠰᠤ ᠡᠭᠦᠷᠭᠡ ᠴᠢᠳᠠᠪᠤᠷᠢ᠂ ᠳᠤᠮᠳᠠ ᠳᠠᠪᠬᠤᠷᠭ᠎ᠠ ᠶᠢᠨ ᠺᠠᠳ᠋ᠷ ᠪᠣᠯᠤᠨ ᠦᠨᠳᠦᠰᠦᠨ ᠱᠠᠲᠤᠨ ᠤ ᠺᠠᠳ᠋ᠷ ᠴᠠᠭᠳᠠᠭ᠎ᠠ ᠶᠢᠨ ᠠᠳᠠᠯᠢ ᠪᠤᠰᠤ ᠠᠵᠢᠯ ᠤᠨ ᠪᠠᠶᠢᠷᠢ ᠶᠢᠨ ᠲᠠᠰ ᠳᠠᠪᠬᠤᠷᠭ᠎ᠠ ᠶᠢᠨ ᠶᠣᠰᠣᠭᠠᠷ᠂ ᠶᠠᠷᠢᠯᠴᠠᠬᠤ ᠲᠣᠪᠴᠢ ᠶᠢ ᠨᠠᠷᠢᠯᠢᠬᠵᠢᠭᠤᠯᠵᠤ᠂ ᠲᠣᠰ ᠲᠣᠰ ᠤᠨ ᠭᠤᠤᠯᠳᠠᠯᠭ᠎ᠠ ᠲᠠᠢ᠂ ᠬᠠᠷᠠᠯᠲᠠ ᠲᠠᠢ ᠪᠠᠷ ᠰᠤᠮᠤ ᠬᠠᠷᠪᠤᠬᠤ ᠶᠢ ᠪᠡᠶᠡᠯᠡᠭᠦᠯᠪᠡ᠃ ᠶᠠᠷᠢᠯᠴᠠᠭᠠᠨ ᠤ ᠭᠤᠣᠯ ᠰᠡᠳᠦᠪ ᠲᠤ ᠠᠩᠬᠠᠷᠤᠯ ᠢᠶᠠᠨ ᠲᠥᠪᠯᠡᠷᠡᠭᠦᠯᠵᠦ᠂ ᠠᠭᠤᠴᠢᠯᠠᠨ ᠰᠢᠢᠳᠬᠡᠬᠦ᠂ ᠴᠢᠩᠭ᠎ᠠ ᠰᠢᠢᠳᠭᠡᠬᠦ ᠲᠦᠷᠦ ᠶᠢᠨ ᠪᠤᠳᠤᠯᠭ᠎ᠠ ᠶᠢ ᠲᠣᠳᠣᠷᠬᠠᠶ ᠶᠠᠷᠢᠵᠤ᠂ ᠲᠦᠢᠯ ᠤᠨ ᠴᠥᠭᠡᠨ ᠲᠣᠭᠠᠨ ᠤ ᠬᠥᠮᠦᠰ ᠢ ᠰᠤᠷᠭᠠᠨ ᠬᠥᠮᠦᠵᠢᠭᠦᠯᠵᠦ ᠴᠡᠭᠴᠡᠯᠡᠨ ᠰᠢᠢᠳᠬᠡᠬᠦ ᠂ ᠣᠯᠠᠩᠬᠢ ᠲᠣᠭᠠᠨ ᠤ ᠬᠥᠮᠦᠰ ᠲᠤ ᠰᠤᠷᠭᠠᠨ ᠬᠥᠮᠦᠵᠢᠭᠦᠯᠬᠦ ᠦᠨᠳᠦᠰᠦᠨ ᠵᠠᠷᠴᠢᠮ ᠢ ᠶᠠᠷᠢᠵᠤ᠂ ᠤᠯᠤᠰ ᠲᠦᠷᠦ ᠬᠠᠤᠯᠢ ᠴᠠᠭᠠᠵᠠ ᠶᠢᠨ ᠺᠠᠳ᠋ᠷ ᠴᠠᠭᠳᠠᠭ᠎ᠠ ᠶᠢ ᠬᠥᠲᠥᠯᠥᠨ ᠵᠢᠯᠣᠭᠤᠳᠴᠤ ᠰᠡᠳᠬᠢᠯ ᠢᠶᠠᠨ ᠳᠡᠯᠭᠡᠨ᠂ ᠦᠵᠡᠯ ᠰᠠᠨᠠᠭ᠎ᠠ ᠪᠠᠨ ᠰᠣᠯᠢᠯᠴᠠᠭᠤᠯᠵᠤ᠂ ᠡᠷᠡᠭᠡᠯᠵᠡᠭᠡ ᠶᠢ ᠨᠢ ᠠᠯᠳᠠᠷᠠᠭᠠᠵᠤ᠂ ᠬᠠᠪᠰᠤᠷᠤᠨ  ᠳᠡᠭᠡᠭᠰᠢᠯᠡᠭᠦᠯᠦᠨ ᠠᠰᠠᠭᠤᠳᠠᠯ ᠢ ᠰᠢᠢᠳᠪᠦᠷᠢᠯᠡᠬᠦ ᠵᠣᠷᠢᠯᠭ᠎ᠠ ᠳᠠᠭᠠᠨ ᠦᠨᠡᠨᠬᠦ ᠬᠦᠷᠪᠡ᠃
             ᠤᠷᠴᠢᠭᠤᠯᠤᠭᠴᠢ᠄ ᠬᠠᠨ ᠰᠢᠶᠤᠤ ᠿᠦᠩ              ᠬᠢᠨᠠᠭᠴᠢ᠄ ᠼᠦᠢ ᠶᠢᠩ
 
ᠢᠷᠡᠯᠲᠡ᠄ ᠠᠮᠢᠵᠢᠷᠠᠯ ᠪᠢᠯᠬᠠᠭᠰᠠᠨ ᠹᠧᠩᠵᠧᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3