| ᠡᠬᠡ ᠣᠷᠣᠨᠴᠢ ᠦᠵᠡᠯ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠪᠣᠯᠪᠠᠰᠤᠨ ᠬᠤᠲᠠ ᠶᠢᠨ ᠪᠥᠲᠥᠭᠡᠨ | ᠪᠠᠶᠢᠭᠤᠯᠤᠯᠲᠠ ᠳᠤ ᠬᠦᠴᠦᠨ ᠨᠡᠮᠡᠷᠢᠯᠡᠬᠦ ᠶᠢᠨ ᠲᠥᠯᠥᠭᠡ᠂ ᠲᠦᠷᠦᠭᠦᠬᠡᠨ᠂ ᠬᠤᠲᠠ ᠶᠢᠨ ᠡᠪ ᠬᠠᠮᠳᠤ | ᠵᠠᠯᠠᠭᠤᠴᠤᠳ ᠤᠨ ᠡᠪᠯᠡᠯ ᠤᠨ ᠬᠤᠷᠢᠶ᠎ᠠ ᠬᠤᠲᠠ ᠶᠢᠨ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠯᠪᠠᠨ ᠬᠡᠷ᠂ | ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠪᠣᠭᠤᠮᠲᠠ ᠶᠢᠨ ᠠᠵᠢᠯ ᠤᠨ ᠵᠥᠪᠯᠡᠯ᠂ ᠰᠤᠷᠭᠠᠨ ᠬᠥᠮᠦᠵᠢᠯ ᠪᠡᠶ᠎ᠡ ᠶᠢᠨ | ᠲᠠᠮᠢᠷ ᠤᠨ ᠲᠣᠪᠴᠢᠶ᠎ᠠ᠂ ᠰᠣᠶᠣᠯ ᠵᠢᠭᠤᠯᠴᠢᠯᠠᠯ ᠤᠨ ᠲᠣᠪᠴᠢᠶ᠎ᠠ ᠲᠠᠢ ᠬᠠᠮᠲᠤᠷᠠᠨ ︽ᠦᠵᠡᠰᠬᠦᠯᠡᠩᠲᠦ ᠰᠠᠶᠢᠬᠠᠨ | ᠹᠧᠩᠴᠤᠸᠠᠨ ᠪᠢᠳᠠᠨ ᠤ ᠨᠤᠲᠤᠭ ᠤᠰᠤ ᠪᠠᠨ ᠬᠠᠮᠳᠤᠪᠠᠷ ᠪᠠᠶᠢᠭᠤᠯᠤᠶ᠎ᠠ︾ ᠭᠡᠬᠦ ᠭᠤᠤᠯ ᠰᠡᠳᠦᠪᠲᠦ ᠪᠠᠭᠠᠴᠤᠳ ᠤᠨ | ᠪᠦᠲᠦᠭᠡᠯᠴᠢ ᠤᠷᠠᠨ ᠵᠢᠷᠤᠭ ᠤᠨ ᠤᠷᠤᠯᠳᠤᠭᠠᠨ ᠢ ᠡᠷᠭᠢᠯᠡᠪᠡ᠃ ᠤᠷᠤᠯᠳᠤᠭᠠᠨ ᠢ ᠨᠢᠯᠬ᠎ᠠ ᠬᠡᠦᠬᠡᠳ᠂ ᠪᠠᠭ᠎ᠠ | ᠰᠤᠷᠭᠠᠭᠤᠯᠢ ᠶᠢᠨ ᠳᠣᠣᠷ᠎ᠠ ᠠᠩᠭᠢ ᠪᠠ ᠪᠠᠭ᠎ᠠ ᠰᠤᠷᠭᠠᠭᠤᠯᠢ ᠶᠢᠨ ᠳᠡᠭᠡᠷ᠎ᠡ ᠠᠩᠭᠢ ᠭᠡᠵᠦ ᠭᠤᠷᠪᠠᠨ ᠳᠤᠭᠤᠶᠢᠯᠠᠩ | ᠬᠤᠪᠢᠶᠠᠵᠤ᠂ ᠤᠷᠤᠯᠳᠤᠭᠠᠨ ᠳᠤ ᠣᠷᠣᠯᠴᠠᠭᠰᠠᠨ ᠬᠥᠮᠦᠨ ᠤ ᠲᠤᠭ᠎ᠠ ᠨᠢ 330 ᠬᠦᠷᠪᠡ᠃ ᠮᠠᠨ ᠤ ᠬᠤᠲᠠ ᠶᠢᠨ | ᠡᠯ᠎ᠡ ᠪᠠᠭ᠎ᠠ ᠰᠤᠷᠭᠠᠭᠤᠯᠢ ᠪᠠ ᠬᠡᠦᠬᠡᠳ ᠤᠨ ᠴᠡᠴᠡᠷᠯᠢᠭ ᠠᠴᠠ ᠢᠷᠡᠭᠰᠡᠨ ᠵᠢᠷᠤᠭ ᠲᠤ ᠪᠠᠭ᠋ᠠᠲᠠᠶ ︽ᠪᠢᠴᠢᠬᠠᠨ | ᠵᠢᠷᠤᠭᠴᠢᠳ︾ ᠤᠷᠤᠯᠳᠤᠭᠠᠨ ᠤ ᠳᠤᠮᠳᠠ ᠵᠢᠷᠤᠭ ᠤᠨ ᠪᠢᠷ ᠢᠶᠠᠷ ᠢᠶᠠᠨ ᠲᠦᠰᠦᠭᠡᠯᠡᠨ ᠪᠣᠳᠣᠯᠲᠠ ᠪᠠᠷ ᠲᠡᠭᠦᠯᠳᠡᠷ | ᠤᠷᠠᠨ ᠵᠢᠷᠤᠭ ᠤᠨ ᠪᠦᠲᠦᠭᠡᠯ ᠤᠳ ᠢ ᠵᠢᠷᠤᠵᠤ ᠪᠦᠳᠦᠭᠡᠭᠰᠡᠨ ᠪᠠ ᠤᠷᠠᠨ ᠪᠦᠲᠦᠭᠡᠯ ᠤᠨ ᠰᠡᠳᠬᠢᠮᠵᠢ ᠨᠢ ᠰᠢᠨ᠎ᠡ | ᠰᠡᠪᠡᠭᠦᠨ ᠥᠪᠡᠷᠮᠢᠴᠡ ᠤᠨᠴᠠᠯᠢᠭ ᠲᠠᠢ᠂ ᠠᠭᠤᠯᠭ᠎ᠠ ᠨᠢ ᠪᠠᠶᠠᠯᠢᠭ ᠰᠠᠶᠢᠬᠠᠨ ᠪᠠᠶᠢᠪᠠ᠃ ᠤᠷᠤᠯᠳᠤᠭᠠᠨ ᠢᠶᠠᠷ ᠲᠠᠮᠵᠢᠨ | ᠪᠠᠭᠠᠴᠤᠳ ᠬᠡᠦᠬᠡᠳ ᠤᠨ ᠰᠢᠨ᠎ᠡ ᠶᠢ ᠡᠭᠦᠳᠬᠦ ᠵᠣᠷᠢᠭ ᠰᠠᠨᠠᠭ᠎ᠠ ᠶᠢ ᠬᠥᠮᠦᠵᠢᠭᠦᠯᠵᠦ᠂ ᠥᠪᠡᠷ ᠢ ᠪᠠᠨ ᠳᠠᠪᠲᠠᠨ | ᠪᠣᠯᠪᠠᠰᠤᠷᠠᠭᠤᠯᠬᠤ ᠲᠠᠪᠴᠠᠩ ᠬᠠᠩᠭᠠᠭᠰᠠᠨ ᠤ ᠬᠠᠮᠲᠤ ᠪᠠᠰᠠ ᠡᠯ᠎ᠡ ᠰᠤᠷᠭᠠᠭᠤᠯᠢ ᠳᠤ ᠤᠷᠠᠯᠢᠭ ᠤᠨ ᠬᠥᠮᠦᠵᠢᠯ ᠤᠨ | ᠦᠷ᠎ᠡ ᠪᠦᠲᠦᠭᠡᠯ ᠢ ᠳᠡᠯᠭᠡᠨ ᠰᠤᠨᠢᠷᠬᠠᠭᠤᠯᠵᠤ᠂ ᠪᠠᠭᠠᠴᠤᠳ ᠬᠡᠦᠬᠡᠳ ᠤᠨ ᠦᠰᠦᠨ ᠪᠤᠶᠢᠵᠢᠯᠲᠠ ᠶᠢᠨ ᠴᠤᠭ | ᠵᠢᠪᠬᠤᠭ᠎ᠠ ᠶᠢ ᠢᠯᠡᠷᠡᠭᠦᠯᠪᠡ᠃ | | ᠤᠷᠴᠢᠭᠤᠯᠤᠭᠴᠢ᠄ ᠬᠠᠨ ᠰᠢᠶᠤᠤ ᠿᠦᠩ | ᠬᠢᠨᠠᠭᠴᠢ᠄ ᠼᠦᠢ ᠶᠢᠩ |