ᠬᠠᠭᠤᠴᠢᠨ ᠬᠤᠲᠠ ᠲᠣᠭᠤᠷᠢᠭ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ︽4 ᠰᠠᠷ᠎ᠠ ᠶᠢᠨ 15 ᠤ ᠡᠳᠦᠷ︾ ᠤᠨ ᠪᠥᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2021/4/16
   ᠬᠤᠳᠠ ᠶᠢᠨ ᠨᠠᠮ ᠤᠨ ᠬᠤᠷᠢᠶᠠᠨ ᠤ ᠤᠯᠤᠰ ᠤᠨ ᠠᠮᠤᠷ ᠲᠦᠪᠰᠢᠨ ᠤ ᠵᠥᠪᠯᠡᠯ ᠤᠨ ᠨᠢᠭᠡᠳᠦᠯᠲᠡᠢ ᠪᠠᠶᠢᠷᠢᠯᠠᠭᠤᠯᠤᠯᠲᠠ ᠶᠣᠰᠣᠭᠠᠷ᠂ 4 ᠰᠠᠷ᠎ᠠ ᠶᠢᠨ 15 ᠤ ᠡᠳᠦᠷ᠂ ᠬᠠᠭᠤᠴᠢᠨ ᠬᠤᠳᠠ ᠲᠣᠭᠤᠷᠢᠭ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠦᠷᠳᠡᠭᠡ ᠶᠢᠨ ᠡᠮᠦᠨᠡᠬᠢ ᠠᠭᠤᠳᠠᠮ ᠲᠠᠯᠠᠪᠠᠢ ᠳᠤ ︽ᠤᠯᠤᠰ ᠤᠨ ᠠᠮᠤᠷ ᠲᠦᠪᠰᠢᠨ ᠤ ᠶᠡᠷᠦᠩᠬᠡᠢ ᠦᠵᠡᠯᠲᠡ ᠶᠢ ᠦᠢᠯᠡᠳᠦᠯᠭᠡᠵᠢᠭᠦᠯᠵᠦ᠂ ᠬᠥᠭᠵᠢᠯᠲᠡ ᠪᠠ ᠠᠮᠤᠷ ᠲᠦᠪᠰᠢᠨ ᠵᠢᠴᠢ ᠤᠯᠠᠮᠵᠢᠯᠠᠯᠲᠤ ᠠᠮᠤᠷ ᠲᠦᠪᠰᠢᠨ ᠪᠠ ᠤᠯᠠᠮᠵᠢᠯᠠᠯᠲᠤ ᠪᠤᠰᠤ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠤᠯᠭᠠᠶ᠎ᠠ︾ ᠭᠡᠬᠦ ᠭᠤᠣᠯ ᠰᠡᠳᠦᠪᠲᠦ ᠪᠦᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠤᠨ ᠠᠵᠢᠯᠯᠠᠭ᠎ᠠ ᠶᠢ ᠵᠣᠬᠢᠶᠠᠨ ᠪᠠᠶᠢᠭᠤᠯᠵᠤ ᠦᠷᠨᠢᠭᠦᠯᠪᠡ᠃ ᠬᠠᠭᠤᠴᠢᠨ ᠬᠤᠲᠠ ᠲᠣᠭᠤᠷᠢᠭ ᠤᠨ ᠵᠡᠭᠡᠯᠢ ᠭᠤᠳᠤᠮᠵᠢ ᠶᠢᠨ ᠡᠯ᠎ᠡ ᠨᠠᠮ ᠤᠨ ᠡᠭᠦᠷ᠂ ᠪᠠᠶᠢᠭᠤᠯᠭ᠎ᠠ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠬᠢ᠂ ᠸᠧᠨ ᠮᠢᠶᠣᠣ ᠵᠡᠭᠡᠯᠢ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠬᠢ᠂ ᠫᠢᠩ ᠠᠨ ᠵᠡᠭᠡᠯᠢ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠬᠢ ᠪᠠ ᠳ᠋ᠦᠩ ᠵᠢᠤᠢ ᠴᠢᠶᠠᠩ ᠵᠡᠭᠡᠯᠢ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠬᠢ ᠠᠵᠢᠯᠯᠠᠭ᠎ᠠ ᠳᠤ ᠣᠷᠣᠯᠴᠠᠪᠠ᠃
   ᠠᠵᠢᠯᠯᠠᠭᠠᠨ ᠤ ᠳᠤᠮᠳᠠ᠂ ᠬᠠᠭᠤᠴᠢᠨ ᠬᠤᠲᠠ ᠲᠣᠭᠤᠷᠢᠭ ᠤᠨ ᠡᠯ᠎ᠡ ᠨᠠᠮ ᠤᠨ ᠡᠭᠦᠷ᠂ ᠡᠯ᠎ᠡ ᠰᠠᠶᠢᠨ ᠳᠤᠷ᠎ᠠ ᠶᠢᠨ ᠦᠢᠯᠡᠴᠢᠯᠡᠭᠴᠢᠳ ᠤᠨ ᠦᠢᠯᠡᠴᠢᠯᠡᠭᠡᠨ ᠤ ᠠᠩᠭᠢ ᠨᠠᠮ ᠤᠨ ᠭᠡᠰᠢᠭᠦᠳ ᠪᠣᠯᠤᠨ ᠰᠠᠶᠢᠨ ᠳᠤᠷ᠎ᠠ ᠶᠢᠨ ᠦᠢᠯᠡᠴᠢᠯᠡᠭᠴᠢᠳ ᠢ ᠵᠣᠬᠢᠶᠠᠨ ᠪᠠᠶᠢᠭᠤᠯᠵᠤ᠂ ᠰᠠᠭᠤᠭᠠᠯᠢ ᠠᠷᠠᠳ ᠲᠤ ᠠᠮᠤᠷ ᠲᠦᠪᠰᠢᠨ ᠤ ᠬᠥᠮᠦᠵᠢᠯ ᠤᠨ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠨ᠂ ᠲᠤᠬᠠᠢ ᠶᠢᠨ ᠲᠠᠯᠠᠪᠤᠷ ᠲᠤ ᠲᠠᠶᠢᠯᠤᠮᠵᠢ ᠬᠢᠵᠦ᠂ ᠠᠮᠤᠷ ᠲᠦᠪᠰᠢᠨ ᠤ ᠬᠥᠮᠦᠵᠢᠯ ᠤᠨ ᠮᠡᠳᠡᠯᠭᠡ ᠶᠢ ᠲᠦᠭᠡᠮᠡᠯᠵᠢᠭᠦᠯᠦᠨ᠂ ᠤᠯᠠᠨ ᠲᠦᠮᠡᠨ ᠢ ᠬᠦᠳᠦᠯᠦᠨ ᠵᠢᠯᠣᠭᠤᠳᠴᠤ ᠤᠯᠤᠰ ᠤᠨ ᠠᠮᠤᠷ ᠲᠦᠪᠰᠢᠨ ᠤ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠪᠣᠯᠤᠨ ᠤᠯᠤᠰ ᠤᠨ ᠠᠮᠤᠷ ᠲᠦᠪᠰᠢᠨ ᠤ ᠬᠠᠮᠢᠶ᠎ᠠ ᠪᠦᠬᠦᠢ ᠮᠡᠳᠡᠯᠭᠡ ᠶᠢ ᠰᠠᠨᠠᠭᠠᠴᠢᠯᠠᠭ᠎ᠠ ᠠᠴᠠ ᠪᠠᠨ ᠰᠤᠷᠤᠯᠴᠠᠭᠤᠯᠵᠤ᠂ ᠤᠯᠤᠰ ᠤᠨ ᠠᠰᠢᠭ ᠲᠤᠰᠠ ᠶᠢᠨ ᠬᠠᠮᠠᠭᠠᠯᠠᠭᠴᠢ᠂ ᠤᠯᠤᠰ ᠤᠨ ᠠᠮᠤᠷ ᠲᠦᠪᠰᠢᠨ ᠤ ᠬᠠᠮᠠᠭᠠᠯᠠᠭᠴᠢ ᠪᠣᠯᠬᠤ ᠬᠦᠰᠡᠯᠡᠩ ᠢᠲᠡᠭᠡᠯ ᠪᠢᠰᠢᠷᠡᠯ ᠢ ᠤᠬᠠᠮᠰᠠᠷ ᠠᠴᠠ ᠪᠠᠨ ᠪᠤᠢ ᠪᠤᠯᠭᠠᠨ᠂ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠠᠷᠠᠳ ᠲᠦᠮᠡᠨ ᠤ ᠰᠡᠷᠭᠡᠶᠢᠯᠡᠯᠲᠡ ᠶᠢᠨ ᠱᠤᠭᠤᠮ ᠢ ᠬᠠᠮᠲᠤᠪᠠᠷ ᠪᠠᠲᠤ ᠴᠤᠭᠴᠠᠯᠠᠬᠤ ᠤᠬᠠᠮᠰᠠᠷ ᠢ ᠪᠤᠢ ᠪᠤᠯᠭᠠᠪᠠ᠃            ᠤᠷᠴᠢᠭᠤᠯᠤᠭᠴᠢ᠄ ᠬᠠᠨ ᠰᠢᠶᠤᠤ ᠿᠦᠩ            ᠬᠢᠨᠠᠭᠴᠢ᠄ ᠼᠦᠢ ᠶᠢᠩ
 
ᠢᠷᠡᠯᠲᠡ᠄ ᠠᠮᠢᠵᠢᠷᠠᠯ ᠪᠢᠯᠬᠠᠭᠰᠠᠨ ᠹᠧᠩᠵᠧᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3