ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠸᠧᠶ ᠭᠦᠸᠧ ᠨᠠᠨ ᠮᠠᠨ ᠤ ᠬᠤᠲᠠ ᠶᠢᠨ ᠬᠤᠲᠠ ᠪᠠᠯᠭᠠᠰᠤᠨ ᠤ ᠬᠠᠭᠤᠴᠢᠨ ᠲᠣᠭᠤᠷᠢᠭ ᠤᠨ ᠥᠭᠡᠷᠡᠴᠢᠯᠡᠯᠲᠡ ᠶᠢᠨ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2021/4/16
  4 ᠰᠠᠷ᠎ᠠ ᠶᠢᠨ 13 ᠤ ᠡᠳᠦᠷ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠸᠧᠶ ᠭᠦᠸᠧ ᠨᠠᠨ ᠨᠠᠷ ᠮᠠᠨ ᠤ ᠬᠤᠲᠠ ᠳᠤ ᠬᠤᠲᠠ ᠪᠠᠯᠭᠠᠰᠤᠨ ᠤ ᠬᠠᠭᠤᠴᠢᠨ ᠲᠣᠭᠤᠷᠢᠭ ᠤᠨ ᠥᠭᠡᠷᠡᠴᠢᠯᠡᠯᠲᠡ ᠶᠢᠨ ᠪᠠᠶᠢᠳᠠᠯ ᠢ ᠪᠠᠶᠢᠴᠠᠭᠠᠨ ᠰᠤᠳᠤᠯᠪᠠ᠃ ᠤᠯᠠᠭᠠᠨᠴᠠᠪ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠪᠠᠶ ᠬᠤᠤ᠂ ᠳᠡᠳ᠋ ᠲᠡᠷᠢᠭᠦᠯᠡᠭᠴᠢ ᠯᠢ ᠶᠤᠸᠠᠨ ᡁᠢ ᠵᠢᠴᠢ ᠮᠠᠨ ᠤ ᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠵᠧᠨ ᠬᠠᠶ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠵᠠᠩ ᠵᠢᠶ ᠨᠠᠷ ᠪᠠᠷ᠎ᠠ ᠪᠤᠯᠪᠠ᠃
    ᠸᠧᠶ ᠭᠦᠸᠧ ᠨᠠᠨ ᠨᠠᠷ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠲᠣᠭᠤᠷᠢᠭ᠂ ᠤᠯᠤᠰ ᠤᠨ ᠭᠠᠶᠢᠯᠢ ᠶᠢᠨ ᠲᠣᠭᠤᠷᠢᠭ᠂ ᠬᠦᠶ ᠶᠤᠸᠠᠨ ᠲᠣᠭᠤᠷᠢᠭ ᠵᠡᠷᠭᠡ ᠰᠠᠭᠤᠭᠠᠯᠢ ᠲᠤᠭᠤᠷᠢᠭ ᠲᠤ ᠬᠦᠷᠴᠦ᠂ ᠬᠠᠮᠢᠶ᠎ᠠ ᠪᠦᠬᠦᠢ ᠬᠠᠷᠢᠭᠤᠴᠠᠯᠭᠠᠲᠠᠨ ᠤ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠪᠠᠶᠢᠭᠤᠯᠬᠤ ᠠᠵᠢᠯ ᠢ ᠥᠷᠨᠢᠭᠦᠯᠦᠭᠰᠡᠨ ᠪᠠᠶᠢᠳᠠᠯ᠂ ᠬᠡᠷᠡᠭᠵᠢᠭᠦᠯᠦᠭᠰᠡᠨ ᠭᠤᠣᠯ ᠠᠷᠭ᠎ᠠ ᠬᠡᠮᠵᠢᠶ᠎ᠡ ᠵᠢᠴᠢ ᠳᠠᠷᠠᠭᠠᠴᠢ ᠶᠢᠨ ᠠᠯᠬᠤᠮ ᠤᠨ ᠠᠵᠢᠯ ᠤᠨ ᠲᠥᠯᠥᠪᠯᠡᠭᠡ ᠶᠢᠨ ᠲᠤᠬᠠᠢ ᠲᠠᠨᠢᠯᠴᠠᠭᠤᠯᠭ᠎ᠠ ᠶᠢ ᠰᠣᠨᠣᠰᠴᠤ᠂ ᠡᠯ᠎ᠡ ᠰᠠᠭᠤᠭᠠᠯᠢ ᠠᠷᠠᠳ ᠤᠨ ᠲᠣᠭᠤᠷᠢᠭ ᠤᠨ ᠤᠰᠤ ᠬᠠᠩᠭᠠᠬᠤ ᠢᠨᠵᠧᠨᠧᠷᠢᠩ᠂ ᠭᠡᠷ ᠤᠨ ᠭᠠᠳᠠᠨᠠᠬᠢ ᠤᠰᠤ ᠵᠠᠯᠠᠬᠤ ᠬᠤᠭᠤᠯᠠᠢ᠂ ᠢᠯᠴᠢ ᠬᠠᠩᠭᠠᠬᠤ ᠬᠤᠭᠤᠯᠠᠢ᠂ ᠵᠠᠮ ᠬᠠᠲᠠᠭᠤᠷᠠᠭᠰᠠᠨ᠂ ᠡᠭᠦᠳᠡ ᠴᠣᠩᠬᠤ ᠶᠢ ᠰᠣᠯᠢᠭᠰᠠᠨ᠂ ᠴᠠᠬᠢᠯᠭᠠᠨ ᠱᠠᠳᠤ ᠶᠢ ᠨᠡᠮᠡᠵᠦ ᠤᠭᠰᠠᠷᠠᠭᠰᠠᠨ ᠵᠡᠷᠭᠡ ᠪᠣᠳᠠᠲᠠᠢ ᠥᠭᠡᠷᠡᠴᠢᠯᠡᠨ ᠵᠠᠰᠠᠬᠤ ᠠᠵᠢᠯ ᠤᠨ ᠪᠠᠶᠢᠳᠠᠯ ᠢ ᠨᠠᠷᠢᠨ ᠤᠶᠢᠯᠠᠭᠠᠬᠰᠠᠨ ᠪᠠ ᠰᠠᠭᠤᠭᠠᠯᠢ ᠠᠷᠠᠳ ᠲᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠤᠯᠠᠨ ᠤ ᠥᠭᠡᠷᠡᠴᠢᠯᠡᠯᠲᠡ ᠶᠢᠨ ᠠᠵᠢᠯ ᠤᠨ ᠲᠤᠬᠠᠢ ᠬᠠᠨᠤᠮᠵᠢ ᠶᠢᠨ ᠬᠡᠮᠵᠢᠶ᠎ᠡ ᠪᠣᠯᠤᠨ ᠬᠠᠮᠢᠶ᠎ᠠ ᠪᠦᠬᠦᠢ ᠰᠠᠨᠠᠭᠤᠯᠭ᠎ᠠ ᠶᠢ ᠣᠶᠢᠯᠠᠭᠠᠪᠠ᠃
   ᠸᠧᠶ ᠭᠦᠸᠧ ᠨᠠᠨ ᠮᠠᠨ ᠤ ᠬᠤᠲᠠ ᠶᠢᠨ ᠬᠤᠲᠠ ᠪᠠᠯᠭᠠᠰᠤᠨ ᠤ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠦᠭᠡᠷᠡᠴᠢᠯᠡᠭᠰᠡᠨ ᠠᠵᠢᠯ ᠢ ᠨᠤᠳᠠᠯᠠᠬᠤ ᠶᠢᠨ ᠬᠠᠮᠳᠤ᠂ ᠠᠯᠢ ᠣᠯᠠᠨ ᠬᠦᠴᠦᠲᠡᠶ ᠠᠷᠭ᠎ᠠ ᠬᠡᠮᠵᠢᠶ᠎ᠡ ᠪᠠᠷ ᠳᠠᠮᠵᠢᠭᠤᠯᠤᠨ ᠹᠧᠩᠵᠧᠨ ᠬᠤᠲᠠ ᠶᠢᠨ ᠬᠤᠲᠠ ᠪᠠᠯᠭᠠᠰᠤᠨ ᠤ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠬᠦ ᠠᠵᠢᠯ ᠢᠯᠡᠳᠲᠡ ᠦᠷ᠎ᠡ ᠪᠦᠲᠦᠮᠵᠢ ᠤᠯᠵᠤ᠂ ᠹᠧᠩᠵᠧᠨ ᠬᠤᠲᠠ ᠠᠵᠢᠯ ᠤᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠠᠵᠢᠯ ᠤᠨ ᠠᠷᠭ᠎ᠠ ᠬᠡᠮᠵᠢᠶ᠎ᠡ ᠪᠠᠨ ᠲᠠᠰᠤᠷᠠᠯᠲᠠ ᠥᠬᠡᠶ ᠲᠡᠭᠦᠯᠳᠡᠷᠵᠢᠭᠦᠯᠦᠨ᠂ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠬᠦ ᠬᠢᠷᠢ ᠲᠦᠪᠰᠢᠨ ᠢᠶᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠷᠠᠳ ᠤᠨ ᠠᠮᠢᠳᠤᠷᠠᠯ ᠤᠨ ᠢᠨᠵᠧᠨᠧᠷᠢᠩ ᠢ ᠪᠣᠳᠠᠲᠠᠶ ᠪᠥᠭᠡᠳ ᠰᠠᠶᠢᠲᠤᠷ ᠡᠷᠭᠢᠯᠡᠬᠦ ᠶᠢ ᠬᠦᠰᠡᠵᠦ ᠪᠠᠶᠢᠨ᠎ᠠ ᠭᠡᠵᠦ ᠵᠢᠭᠠᠨ ᠭᠠᠷᠭᠠᠪᠠ᠃                 ᠤᠷᠴᠢᠭᠤᠯᠤᠭᠴᠢ᠄ ᠬᠠᠨ ᠰᠢᠶᠤᠤ ᠿᠦᠩ                 ᠬᠢᠨᠠᠭᠴᠢ᠄ ᠼᠦᠢ ᠶᠢᠩ
 
ᠢᠷᠡᠯᠲᠡ᠄ ᠠᠮᠢᠵᠢᠷᠠᠯ ᠪᠢᠯᠬᠠᠭᠰᠠᠨ ᠹᠧᠩᠵᠧᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3