ᠮᠠᠨ ᠤ ᠬᠤᠲᠠ ᠰᠢᠨ᠎ᠡ ᠲᠣᠮᠢᠯᠠᠭᠳᠠᠭᠰᠠᠨ ᠲᠣᠰᠬᠤᠨ ᠤ ᠪᠠ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠲᠦᠪᠯᠡᠷᠡᠭᠦᠯᠦᠭᠰᠡᠨ ᠪᠤᠯᠪᠠᠰᠤᠷᠠᠭᠤᠯᠤᠯ ᠤᠨ ᠠᠩᠭᠢ ᠶᠢ ᠡᠷᠭᠢᠯᠡᠪᠡ
ᠨᠡᠶᠢᠲᠡᠯᠡᠭᠰᠡᠨ ᠴᠠᠭ᠄
2021/4/16
   ᠸᠧᠨ ᠪᠢᠨ ᠶᠠᠷᠢᠶᠠᠨ ᠳᠠᠭᠠᠨ ᠵᠢᠭᠠᠵᠤ ᠭᠠᠷᠭᠠᠭᠰᠠᠨ ᠨᠢ᠂ ᠡᠨᠡ ᠵᠢᠯ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠶ ᠮᠦᠷᠳᠡᠭᠡᠨ ︽ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ︾ ᠶᠢ ᠬᠡᠷᠡᠭᠵᠢᠭᠦᠯᠬᠦ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠰᠢᠨ᠎ᠡ ᠠᠶᠠᠨ ᠢ ᠡᠬᠢᠯᠡᠭᠦᠯᠦᠭᠰᠡᠨ ᠠᠩᠬᠠᠨ ᠤ ᠵᠢᠯ ᠮᠥᠨ᠂ ᠪᠠᠰᠠ ᠬᠤᠲᠠ᠂ ᠰᠢᠶᠠᠩ᠂ ᠲᠣᠰᠬᠤᠨ ᠤ ᠬᠤᠭᠤᠴᠠᠭ᠎ᠠ ᠰᠣᠯᠢᠬᠤ ᠵᠢᠯ ᠮᠥᠨ᠃ ᠲᠣᠰᠬᠤᠨ᠂ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠤᠨ ᠬᠤᠭᠤᠴᠠᠭ᠎ᠠ ᠰᠣᠯᠢᠬᠤ ᠪᠣᠯ ᠡᠳᠡᠭᠡᠷ ᠶᠡᠭᠡ ᠴᠢᠬᠤᠯᠠ ᠶᠠᠪᠤᠳᠠᠯ ᠤᠨ ᠳᠣᠲᠣᠷᠠᠬᠢ ᠨᠢᠭᠡᠨ ᠴᠢᠬᠤᠯᠠ ᠠᠵᠢᠯ ᠪᠣᠯᠤᠨ᠎ᠠ᠃ ᠬᠤᠲᠠ ᠶᠢᠨ ᠨᠠᠮ ᠤᠨ ᠬᠤᠷᠢᠶᠠᠨ ᠤ ᠳᠡᠭᠡᠳᠦ ᠬᠡᠮᠵᠢᠶᠡᠨ ᠤ ᠴᠢᠬᠤᠯᠠᠴᠢᠯᠠᠭ᠎ᠠ ᠪᠠ ᠪᠠᠲᠤ ᠴᠢᠩᠭ᠎ᠠ ᠤᠳᠤᠷᠢᠳᠤᠯᠭ᠎ᠠ ᠶᠢᠨ ᠳᠣᠤᠷ᠎ᠠ᠂ ᠮᠠᠨ ᠤ ᠬᠤᠲᠠ ︽ᠰᠣᠩᠭᠤᠭᠤᠯᠢ ᠶᠠᠪᠤᠭᠤᠯᠬᠤ ᠠᠴᠠ ᠡᠮᠦᠨ᠎ᠡ ᠪᠡᠯᠡᠳᠬᠡᠯ ᠭᠦᠢᠴᠡᠳ ᠪᠠᠶᠢᠬᠤ ᠶᠢ ᠦᠨᠡᠨᠬᠦ ᠪᠠᠲᠤᠯᠠᠬᠤ᠂ ᠰᠣᠩᠭᠤᠭᠤᠯᠢ ᠶᠠᠪᠤᠭᠤᠯᠬᠤ ᠳᠤ ᠲᠣᠭᠲᠠᠭᠤᠨ ᠪᠥᠭᠡᠳ ᠪᠦᠲᠦᠮᠵᠢᠲᠡᠶ ᠪᠠᠶᠢᠬᠤ ᠶᠢ ᠦᠨᠡᠨᠬᠦ ᠪᠠᠲᠤᠯᠠᠬᠤ᠂ ᠰᠣᠩᠭᠤᠭᠤᠯᠢ ᠶᠠᠪᠤᠭᠤᠯᠤᠭᠰᠠᠨ ᠤ ᠳᠠᠷᠠᠭ᠎ᠠ ᠥᠨᠳᠥᠷ ᠪᠦᠲᠦᠮᠵᠢᠲᠡᠶ ᠪᠠᠷ ᠶᠠᠪᠤᠭᠳᠠᠬᠤ ᠶᠢ ᠦᠨᠡᠨᠬᠦ ᠪᠠᠲᠤᠯᠠᠬᠤ︾ ᠵᠠᠷᠴᠢᠮ ᠶᠣᠰᠣᠭᠠᠷ᠂ ᠪᠥᠬᠦ ᠬᠤᠲᠠ ᠶᠢᠨ ᠲᠣᠰᠬᠤᠨ᠂ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠤᠨ ᠬᠤᠭᠤᠴᠠᠭ᠎ᠠ ᠰᠣᠯᠢᠬᠤ ᠠᠵᠢᠯ ᠢ ᠴᠢᠨᠠᠷ ᠰᠠᠶᠢᠲᠠᠶ  ᠪᠡᠶᠡᠯᠡᠭᠦᠯᠪᠡ᠃ ᠪᠦᠬᠦ ᠬᠤᠳᠠ ᠶᠢᠨ ᠰᠢᠨ᠎ᠡ ᠨᠢᠭᠡ ᠬᠤᠭᠤᠴᠠᠭᠠᠨ ᠤ ᠲᠣᠰᠬᠤᠨ᠂ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠪᠤᠯᠪᠠᠰᠤᠷᠠᠭᠤᠯᠤᠯ ᠤᠨ ᠠᠩᠬᠢ ᠪᠣᠯ ᠳᠠᠷᠤᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠬᠥᠮᠦᠵᠢᠯ ᠢ ᠴᠢᠨᠠᠭᠰᠢᠳᠠ ᠭᠦᠨᠵᠡᠭᠡᠶᠢᠷᠡᠭᠦᠯᠵᠦ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠬᠦ᠂ ᠤᠯᠤᠰ ᠲᠦᠷᠦ ᠶᠢᠨ ᠴᠢᠳᠠᠪᠤᠷᠢ ᠪᠠᠨ ᠨᠡᠮᠡᠭᠳᠡᠭᠦᠯᠬᠦ᠂ ᠨᠠᠮᠴᠢ ᠴᠢᠨᠠᠷ ᠤᠨ ᠪᠣᠯᠪᠠᠰᠤᠷᠠᠯ ᠢᠶᠠᠨ ᠳᠠᠪᠲᠠᠨ ᠪᠣᠯᠪᠠᠰᠤᠷᠠᠭᠤᠯᠬᠤ ᠶᠢ ᠠᠬᠢᠭᠤᠯᠬᠤ ᠬᠡᠷᠡᠭᠳᠡᠢ︔ ᠳᠠᠷᠤᠢ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠶᠡᠷᠦᠩᠬᠡᠢ ᠬᠡᠪ ᠴᠢᠨᠠᠷ ᠴᠢᠳᠠᠪᠤᠷᠢ ᠶᠢ ᠴᠢᠨᠠᠭᠰᠢᠳᠠ ᠳᠡᠭᠡᠭᠰᠢᠯᠡᠭᠦᠯᠵᠦ᠂ ︽ᠨᠠᠮ ᠤᠨ ᠪᠠᠶᠢᠭᠤᠯᠤᠯᠲᠠ ᠶᠢ ᠣᠶᠢᠯᠠᠭᠠᠬᠤ᠂ ᠨᠡᠶᠢᠭᠡᠮ ᠤᠨ ᠵᠠᠰᠠᠯᠲᠠ ᠶᠢ ᠣᠶᠢᠯᠠᠭᠠᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠣᠶᠢᠯᠠᠭᠠᠬᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠦᠢᠯᠡᠳᠦᠯᠭᠡ ᠪᠠᠨ ᠵᠢᠯᠤᠭᠤᠳᠤᠭᠤᠯᠵᠤ᠂ ᠠᠵᠢᠯ ᠢᠶᠠᠨ ᠠᠬᠢᠭᠤᠯᠵᠤ ᠴᠢᠳᠠᠬᠤ︾ ᠳᠠᠭᠠᠭᠤᠯᠤᠭᠴᠢ ᠶᠢᠨ ᠡᠩᠨᠡᠭᠡ ᠶᠢ ᠬᠦᠴᠦᠯᠡᠨ ᠬᠥᠮᠦᠵᠢᠭᠦᠯᠬᠦ ᠪᠠ ᠪᠠᠶᠢᠭᠤᠯᠬᠤ ᠬᠡᠷᠡᠭᠳᠡᠢ︔ ᠵᠣᠷᠢᠭᠲᠠᠶ ᠪᠠᠷ ᠡᠭᠦᠷᠭᠡᠯᠡᠵᠦ ᠵᠢᠳᠬᠦᠯ ᠭᠠᠷᠭᠠᠬᠤ ᠢᠯᠡ ᠲᠣᠳᠣ ᠤᠳᠤᠷᠢᠳᠤᠮᠵᠢ ᠶᠢ ᠤᠯᠠᠮ ᠨᠢᠭᠡ ᠠᠯᠬᠤᠮ ᠪᠤᠢ ᠪᠣᠯᠭᠠᠵᠤ᠂ ᠬᠠᠮᠲᠤ ᠶᠢᠨ ᠲᠠᠨᠢᠯᠲᠠ ᠪᠠ ᠨᠡᠶᠢᠯᠡᠮᠡᠯ ᠬᠦᠴᠦᠨ ᠢ ᠨᠢᠭᠲᠠᠷᠠᠭᠤᠯᠵᠤ᠂ ᠬᠥᠳᠡᠭᠡ ᠲᠣᠰᠬᠤᠨ᠂ ᠨᠡᠶᠢᠭᠡᠮ ᠲᠣᠭᠤᠷᠢᠭ ᠤᠨ ᠡᠯ᠎ᠡ ᠵᠦᠢᠯ ᠤᠨ ᠠᠵᠢᠯ ᠦᠢᠯᠡᠰ ᠤᠨ ᠡᠷᠡᠭᠦᠯ ᠢᠶᠠᠷ ᠬᠥᠭᠵᠢᠬᠦ ᠶᠢ ᠲᠠᠰᠤᠷᠠᠯᠲᠠ ᠦᠭᠡᠢ ᠲᠦᠯᠬᠢᠨ ᠠᠬᠢᠭᠤᠯᠬᠤ ᠬᠡᠷᠡᠭᠳᠡᠢ᠃
   ᠸᠧᠨ ᠪᠢᠨ ᠵᠢᠭᠠᠵᠤ ᠭᠠᠷᠭᠠᠭᠰᠠᠨ ᠨᠢ᠂ ᠲᠣᠰᠬᠤᠨ᠂ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠲᠤᠰ ᠪᠡᠶ᠎ᠡ ᠶᠢᠨ ᠪᠠᠶᠢᠭᠤᠯᠤᠯᠲᠠ ᠪᠠᠨ ᠦᠨᠡᠨᠬᠦ ᠴᠢᠩᠭᠠᠳᠬᠠᠵᠤ᠂ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ︽ᠭᠤᠷᠪᠠᠨ ᠨᠢᠭᠡ︾ ᠶᠢ ᠢᠮᠠᠭᠲᠠ ᠪᠡᠶᠡᠯᠡᠬᠦᠯᠵᠦ ᠨᠢᠭᠡ ᠰᠡᠳᠬᠢᠯ ᠢᠶᠠᠷ ᠨᠠᠮ ᠳᠠᠭᠠᠨ ᠬᠠᠨᠳᠤᠬᠤ ᠬᠡᠷᠡᠭᠲᠡᠶ︔ ᠰᠢᠯᠢᠳᠡᠭ ᠲᠣᠰᠬᠤᠨ ᠤ ᠪᠠ ᠨᠡᠶᠢᠭᠡᠮ ᠲᠣᠭᠤᠷᠢᠭ ᠤᠨ ᠱᠦᠵᠢ ᠪᠣᠯᠬᠤ ᠳᠤ᠂ ᠨᠠᠮ ᠤᠨ ᠦᠭᠡ ᠶᠢ ᠰᠣᠨᠣᠰᠴᠤ᠂ ᠨᠠᠮ ᠤᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠡᠷᠡᠰ ᠲᠤᠭᠤᠰᠢᠯᠠᠭᠤᠯᠤᠨ᠂ ᠦᠵᠡᠯ ᠰᠠᠨᠠᠭ᠎ᠠ ᠤᠯᠤᠰ ᠲᠦᠷᠦ ᠦᠢᠯᠡ ᠠᠵᠢᠯᠯᠠᠭ᠎ᠠ ᠶᠢᠨ ᠲᠠᠯ᠎ᠠ ᠪᠠᠷ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠬᠤ ᠶᠢ ᠪᠠᠳᠤᠯᠠᠵᠦ ᠨᠢᠭᠡ ᠰᠡᠳᠬᠢᠯ ᠢᠶᠠᠷ ᠠᠵᠢᠯ ᠬᠢᠬᠦ ᠬᠡᠷᠡᠭᠲᠡᠶ︔ ᠰᠢᠯᠢᠳᠡᠭ ᠲᠣᠰᠬᠤᠨ ᠤ ᠪᠠ ᠨᠡᠶᠢᠭᠡᠮ ᠲᠣᠭᠤᠷᠢᠭ ᠤᠨ ᠱᠦᠵᠢ ᠪᠣᠯᠬᠤ ᠳᠤ᠂ ᠵᠢᠩᠬᠢᠨᠢ ᠴᠢᠳᠠᠪᠤᠷᠢ ᠲᠠᠢ ᠪᠠᠶᠢᠵᠤ᠂ ᠠᠵᠢᠯ ᠤᠨ ᠴᠢᠳᠠᠪᠤᠷᠢ ᠪᠠᠨ ᠦᠨᠡᠨᠬᠦ ᠳᠡᠭᠡᠭᠰᠢᠯᠡᠭᠦᠯᠵᠦ᠂ ᠪᠣᠳᠠᠲᠠᠢ ᠠᠵᠢᠯᠯᠠᠵᠤ ᠬᠠᠲᠠᠭᠤᠵᠢᠯᠲᠠᠢ ᠠᠵᠢᠯᠯᠠᠵᠤ᠂ ᠭᠤᠣᠯᠳᠠᠯᠭ᠎ᠠ ᠲᠠᠢ ᠲᠦᠷᠦᠯ ᠵᠦᠢᠯ ᠪᠣᠯᠤᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠨᠢᠭᠡᠳ ᠨᠢᠭᠡ ᠪᠠᠷ ᠰᠠᠶᠢᠲᠤᠷ ᠬᠢᠵᠦ᠂ ᠠᠵᠢᠯ ᠬᠢᠬᠦ ᠠᠮᠠᠯᠠᠯᠲᠠ ᠪᠠᠨ ᠢᠳᠡᠪᠬᠢᠲᠡᠢ ᠪᠡᠶᠡᠯᠡᠬᠦᠯᠦᠨ ᠨᠢᠭᠡ ᠰᠡᠳᠬᠢᠯ ᠢᠶᠠᠷ ᠨᠡᠶᠢᠲᠡ ᠶᠢᠨ ᠲᠥᠯᠥᠭᠡ ᠵᠢᠳᠬᠦᠬᠦ ᠬᠡᠷᠡᠭᠲᠡᠶ︔ ᠰᠢᠯᠢᠳᠡᠭ ᠲᠣᠰᠬᠤᠨ ᠤ ᠪᠠ ᠨᠡᠶᠢᠭᠡᠮ ᠲᠣᠭᠤᠷᠢᠭ ᠤᠨ ᠱᠦᠵᠢ ᠪᠣᠯᠬᠤ ᠳᠤ ᠨᠢᠭᠡ ᠰᠡᠳᠬᠢᠯ ᠢᠶᠠᠷ ᠠᠷᠠᠳ ᠤᠨ ᠲᠥᠯᠥᠭᠡ ᠵᠢᠳᠬᠦᠵᠦ᠂ ᠲᠥᠪ ᠭᠤᠣᠯᠴᠢ ᠶᠢ ᠡᠷᠬᠢᠮᠯᠡᠨ᠂ ᠶᠣᠰᠣ ᠲᠦᠷᠢᠮ ᠢ ᠰᠠᠬᠢᠵᠤ᠂ ᠪᠡᠶ᠎ᠡ ᠪᠠᠷ ᠢᠶᠠᠨ ᠲᠦᠷᠦᠭᠦᠯᠡᠨ ᠪᠡᠶ᠎ᠡ ᠪᠠᠨ ᠴᠢᠩᠭ᠎ᠠ ᠱᠠᠭᠠᠷᠳᠠᠵᠤ᠂ ᠲᠥᠪ ᠭᠤᠣᠯᠴᠢ ᠪᠠᠷ ᠠᠵᠢᠯᠯᠠᠬᠤ ᠬᠡᠷᠡᠭᠲᠡᠶ︔ ᠡᠨᠡ ᠤᠳᠠᠭ᠎ᠠ ᠶᠢᠨ  ᠪᠤᠯᠪᠠᠰᠤᠷᠠᠭᠤᠯᠤᠯ ᠢᠶᠠᠷ ᠠᠵᠠ ᠲᠣᠬᠢᠶᠠᠯ ᠪᠣᠯᠭᠠᠵᠤ᠂ ᠵᠣᠬᠢᠶᠠᠨ ᠪᠠᠶᠢᠭᠤᠯᠤᠯᠲᠠ ᠠᠴᠠ ᠣᠯᠭᠤᠭᠰᠠᠨ ᠢᠲᠡᠭᠡᠯ ᠪᠠ ᠤᠯᠠᠨ ᠲᠦᠮᠡᠨ ᠤ ᠲᠠᠯᠪᠢᠭᠰᠠᠨ ᠬᠦᠨᠳᠦ ᠨᠠᠶᠢᠳᠠᠯᠭ᠎ᠠ ᠶᠢ ᠬᠤᠪᠢ ᠲᠠᠬᠢᠨ ᠨᠠᠨᠳᠢᠩᠨᠠᠵᠤ᠂ ᠰᠢᠨ᠎ᠡ ᠠᠵᠢᠯ ᠤᠨ ᠪᠠᠶᠢᠷᠢ ᠰᠢᠨ᠎ᠡ ᠳᠦᠷᠢ ᠳᠤ ᠢᠳᠡᠪᠬᠢᠲᠡᠢ ᠵᠣᠬᠢᠴᠠᠵᠤ᠂ ︽ᠠᠷᠠᠳ ᠲᠦᠮᠡᠨ ᠳᠤ ᠦᠢᠯᠡᠴᠢᠯᠡᠬᠦ ᠰᠢᠨ᠎ᠡ ᠶᠢ ᠡᠭᠦᠳᠦᠨ ᠬᠠᠲᠠᠭᠤᠵᠢᠯᠲᠠᠢ ᠲᠡᠮᠡᠴᠡᠬᠦ ᠠᠳᠠᠷ ᠬᠠᠭᠠᠯᠪᠤᠷᠢᠯᠠᠬᠴᠢ  ᠰᠢᠳᠤᠷᠭᠤ ᠠᠷᠠᠯ ᠤᠨ ᠱᠠᠷ︾ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠠᠩᠬᠠᠨ ᠤ ᠠᠯᠬᠤᠮ ᠢᠶᠠᠨ ᠰᠠᠶᠢᠲᠤᠷ ᠠᠯᠬᠤᠵᠤ᠂ ᠰᠢᠨ᠎ᠡ ᠳᠦᠷᠰᠦ ᠪᠠᠶᠢᠳᠠᠯ ᠢ ᠪᠤᠢ ᠪᠣᠯᠭᠠᠬᠤ ᠬᠡᠷᠡᠭᠲᠡᠢ᠃    ᠠᠩᠭᠢ ᠡᠬᠢᠯᠡᠬᠦ ᠶᠣᠰᠣᠯᠠᠯ ᠳᠠᠭᠤᠰᠤᠭᠰᠠᠨ ᠤ ᠳᠠᠷᠠᠭ᠎ᠠ᠂ ᠬᠤᠲᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠪᠠᠭᠰᠢ ᠨᠠᠷ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠪᠠᠷ ᠲᠤᠰᠬᠠᠶ ᠰᠡᠳᠦᠪᠯᠡᠨ ᠬᠢᠴᠢᠶᠡᠯᠯᠡᠪᠡ᠃ ᠲᠣᠰ ᠤᠳᠠᠭᠠᠨ ᠤ ᠪᠣᠯᠪᠠᠰᠤᠷᠠᠭᠤᠯᠤᠯ ᠤᠨ ᠬᠤᠭᠤᠴᠠᠭ᠎ᠠ ᠨᠢ ᠭᠤᠷᠪᠠᠨ ᠡᠳᠦᠷ ᠪᠠᠶᠢᠵᠦ᠂ ᠡᠨᠡ ᠬᠤᠭᠤᠴᠠᠭᠠᠨ ᠳᠤ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠲᠤᠬᠠᠶᠢᠯᠠᠭᠰᠠᠨ ᠠᠵᠢᠯ᠂ ᠨᠠᠮ ᠤᠨ ᠲᠡᠤᠬᠡ ᠶᠢᠨ ᠮᠡᠳᠡᠯᠭᠡ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠵᠡᠷᠭᠡ ᠲᠤᠰᠬᠠᠶ ᠰᠡᠳᠦᠪᠲᠦ ᠪᠣᠯᠪᠠᠰᠤᠷᠠᠭᠤᠯᠤᠯ ᠤᠨ ᠲᠤᠬᠠᠢ ᠬᠠᠪᠰᠤᠷᠤᠨ ᠵᠢᠯᠣᠭᠤᠳᠣᠯᠭ᠎ᠠ ᠬᠢᠵᠦ᠂ ᠪᠥᠬᠦ ᠬᠤᠲᠠ ᠶᠢᠨ 108 ᠰᠢᠨ᠎ᠡ ᠪᠠᠷ ᠲᠣᠮᠢᠯᠠᠭᠳᠠᠭᠰᠠᠨ ᠲᠣᠰᠬᠤᠨ ᠤ ᠪᠠ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠨᠠᠷ ᠪᠣᠯᠪᠠᠰᠤᠷᠠᠭᠤᠯᠤᠯ ᠳᠤ ᠤᠷᠤᠯᠴᠠᠪᠠ᠃             ᠤᠷᠴᠢᠭᠤᠯᠤᠭᠴᠢ᠄ ᠬᠠᠨ ᠰᠢᠶᠤᠤ ᠿᠦᠩ             ᠬᠢᠨᠠᠭᠴᠢ᠄ ᠼᠦᠢ ᠶᠢᠩ
 
ᠢᠷᠡᠯᠲᠡ᠄ ᠠᠮᠢᠵᠢᠷᠠᠯ ᠪᠢᠯᠬᠠᠭᠰᠠᠨ ᠹᠧᠩᠵᠧᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3