ᠰᠦᠢ ᠸᠧᠢ ᠵᠢᠶᠦ᠋ᠨ ᠮᠠᠨ ᠤ ᠬᠤᠳᠠ ᠳᠤ ᠤᠳᠤ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠥᠭᠵᠢᠯᠲᠡ ᠶᠢ ᠪᠠᠶᠢᠴᠠᠭᠠᠨ ᠰᠤᠳᠤᠯᠬᠤ ᠳᠠᠭᠠᠨ ᠴᠢᠬᠤᠯᠠᠴᠢᠯᠠᠭᠰᠠᠨ ᠨᠢ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠬᠦ ᠬᠡᠷᠡᠭᠲᠡᠢ
ᠨᠡᠶᠢᠲᠡᠯᠡᠭᠰᠡᠨ ᠴᠠᠭ᠄
2021/4/16
   4 ᠰᠠᠷ᠎ᠠ ᠶᠢᠨ 13 ᠤ ᠡᠳᠦᠷ᠂ ᠤᠯᠠᠭᠠᠨᠴᠠᠪ ᠬᠤᠲᠠ ᠶᠢᠨ ᠨᠠᠮ ᠤᠨ ᠬᠤᠷᠢᠶᠠᠨ ᠤ ᠱᠦᠵᠢ ᠰᠦᠶ ᠸᠧᠶ ᠵᠢᠶᠦ᠋ᠨ ᠮᠠᠨ ᠤ ᠬᠤᠲᠠ ᠳᠤ ᠭᠦᠨᠵᠡᠭᠡᠶᠢᠷᠡᠨ ᠣᠲᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠥᠭᠵᠢᠯᠲᠡ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠳᠥᠯᠭᠢᠨ ᠠᠬᠢᠭᠤᠯᠬᠤ ᠲᠤᠬᠠᠶ ᠲᠤᠰᠬᠠᠶ ᠰᠡᠳᠦᠪᠲᠦ ᠪᠠᠶᠢᠴᠠᠭᠠᠨ ᠰᠤᠳᠤᠯᠤᠯᠲᠠ ᠬᠢᠪᠠ᠃ ᠲᠡᠷᠡ ᠴᠢᠬᠤᠯᠠᠴᠢᠯᠠᠭᠰᠠᠨ ᠨᠢ᠂ ᠲᠠᠷᠢᠶᠠᠯᠠᠩ ᠪᠣᠯ ᠤᠯᠤᠰ ᠤᠨ ᠦᠨᠳᠦᠰᠦ ᠮᠥᠨ᠂ ᠦᠨᠳᠦᠰᠦ ᠪᠠᠬᠢᠵᠢᠪᠡᠯ ᠤᠯᠤᠰ ᠠᠮᠤᠭᠤᠯᠠᠩ ᠪᠣᠯᠤᠨ᠎ᠠ᠃ ᠲᠥᠪ ᠤᠨ ᠬᠥᠳᠡᠭᠡ ᠲᠣᠰᠬᠤᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠠᠵᠢᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠲᠠᠷᠢᠶᠠᠯᠠᠩ ᠬᠥᠳᠡᠭᠡ ᠲᠣᠰᠬᠤᠨ ᠤ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠠᠯᠬᠤᠴᠠ ᠶᠢ ᠲᠦᠷᠭᠡᠳᠭᠡᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠲᠦᠯᠬᠢᠨ ᠠᠬᠢᠭᠤᠯᠬᠤ ᠬᠡᠷᠡᠭᠳᠡᠢ᠃
   ᠤᠯᠠᠭᠠᠨᠴᠠᠪ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠢᠦᠶ ᠬᠠᠶ ᠢᠦᠶ ᠪᠠᠶᠢᠴᠠᠭᠠᠨ ᠰᠤᠳᠤᠯᠤᠯᠲᠠ ᠳᠤ ᠤᠷᠤᠯᠴᠠᠵᠦ᠂ ᠮᠠᠨ ᠤ ᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠵᠧᠨ ᠬᠠᠶ ᠪᠠᠷ᠎ᠠ ᠪᠤᠯᠪᠠ᠃    ᠲᠦᠭᠦᠭᠡᠷᠦᠮᠵᠢᠳᠦ ᠲᠠᠷᠢᠶᠠᠯᠠᠩ ᠪᠣᠯ ᠹᠧᠩᠵᠧᠨ ᠬᠤᠲᠠ ᠶᠢᠨ ᠣᠳᠣ ᠦᠶ᠎ᠡ ᠶᠢᠨ ᠲᠠᠷᠢᠶᠠᠯᠠᠩ ᠤᠨ ᠤᠨᠴᠠᠯᠢᠭᠳᠤ ᠠᠵᠤ ᠦᠢᠯᠡᠰ ᠪᠣᠯᠤᠨ᠎ᠠ᠃ ᠰᠦᠢ ᠸᠧᠢ ᠵᠢᠶᠦ᠋ᠨ ᠳ᠋ᠡ ᠿᠧᠨ ︵ᠥᠪᠥᠷ ᠮᠣᠩᠭᠤᠯ︶ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠯᠢᠦᠶ ᠺᠠᠩ ᠶᠤᠸᠠᠨ ᠠᠮᠢ ᠠᠬᠤᠢ ᠶᠢᠨ ᠲᠠᠷᠢᠶᠠᠯᠠᠩ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠵᠦᠩ ᠲᠠᠢ ᠲᠠᠷᠢᠶᠠᠯᠠᠩ ᠪᠠᠷᠢᠭᠠᠳᠠ ᠶᠢᠨ ᠲᠠᠷᠢᠶᠠᠯᠠᠩ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠶᠢᠨ ᠨᠡᠷᠡᠨ ᠭᠡᠷᠡᠯ ᠤᠨ ᠬᠦᠯᠡᠮᠵᠢ ᠳᠤ ᠬᠦᠷᠴᠦ᠂ ᠲᠣᠯᠣᠭᠠᠶᠢᠯᠠᠭᠴᠢ ᠠᠵᠤ ᠠᠬᠤᠶᠢᠯᠠᠯ ᠤᠨ ᠬᠠᠷᠢᠭᠤᠴᠠᠯᠭᠠᠲᠠᠨ ᠨᠠᠷ ᠲᠠᠢ ᠰᠠᠨᠠᠯ ᠢᠶᠠᠨ ᠰᠤᠯᠢᠯᠴᠠᠨ᠂ ᠬᠤᠯᠪᠣᠭᠳᠠᠯ ᠪᠦᠬᠦᠢ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠴᠤ᠂ ᠪᠦᠳᠦᠭᠡᠨ ᠪᠠᠶᠢᠭᠤᠯᠤᠯᠲᠠ ᠶᠢᠨ ᠬᠡᠪᠴᠢᠶ᠎ᠡ᠂ ᠡᠵᠡᠩᠨᠡᠯᠲᠡ ᠶᠢᠨ ᠪᠠᠶᠢᠳᠠᠯ ᠪᠣᠯᠤᠨ ᠠᠵᠤ ᠦᠢᠯᠡᠰ ᠢᠶᠠᠷ ᠲᠠᠷᠢᠶᠠᠴᠢᠳ ᠤᠨ ᠣᠷᠣᠯᠭ᠎ᠠ ᠶᠢᠨ ᠨᠡᠮᠡᠭᠳᠡᠯ ᠢ ᠳᠠᠶᠢᠴᠢᠯᠠᠬᠤ ᠵᠡᠷᠭᠡ ᠪᠠᠶᠢᠳᠠᠯ ᠢ ᠣᠶᠢᠯᠠᠭᠠᠪᠠ᠃ ᠰᠦᠢ ᠸᠧᠶ ᠵᠢᠶᠦ᠋ᠨ ᠵᠢᠭᠠᠵᠤ ᠭᠠᠷᠭᠠᠭᠰᠠᠨ ᠨᠢ᠂ ᠶᠡᠷᠦᠩᠬᠡᠶ ᠱᠦᠵᠢ ᠰᠢ ᠶᠢᠨ ᠫᠢᠩ ᠤᠨ ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ ᠤ ᠠᠵᠢᠯ ᠤᠨ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠲᠥᠪ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠬᠤᠳᠠ ᠶᠢᠨ ᠨᠠᠮ ᠤᠨ ᠬᠤᠷᠢᠶ᠎ᠠ ᠶᠢᠨ ᠬᠥᠳᠡᠭᠡ ᠲᠣᠰᠬᠤᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠲᠠᠷᠢᠶᠠᠯᠠᠩ ᠬᠥᠳᠡᠭᠡ ᠲᠣᠰᠬᠤᠨ ᠢ ᠤᠷᠢᠳᠠᠪᠠᠷ ᠬᠥᠭᠵᠢᠭᠦᠯᠬᠦ ᠶᠡᠷᠦᠩᠬᠡᠢ ᠴᠢᠭᠯᠡᠯᠲᠡ ᠶᠢ ᠪᠠᠷᠢᠮᠳᠠᠯᠠᠨ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠶᠢ ᠰᠠᠶᠢᠲᠤᠷ ᠬᠢᠵᠦ᠂ ᠨᠡᠩ ᠶᠡᠭᠡ ᠡᠷᠴᠢᠮ᠂ ᠵᠣᠷᠢᠭ ᠰᠠᠨᠠᠭ᠎ᠠ ᠪᠠᠷ ᠬᠥᠳᠡᠭᠡ ᠲᠣᠰᠬᠤᠨ ᠤ ᠠᠵᠤ ᠦᠢᠯᠡᠰ᠂ ᠴᠢᠳᠠᠪᠤᠷᠢᠲᠠᠨ᠂ ᠰᠣᠶᠣᠯ᠂ ᠠᠮᠢ ᠠᠬᠤᠢ ᠪᠠ ᠵᠣᠬᠢᠶᠠᠨ ᠪᠠᠶᠢᠭᠤᠯᠤᠯᠲᠠ ᠶᠢ ᠬᠥᠭᠵᠢᠭᠦᠯᠦᠨ ᠮᠠᠨᠳᠤᠭᠤᠯᠬᠤ ᠶᠢ ᠪᠡᠶᠡᠯᠡᠭᠦᠯᠬᠦ ᠶᠢ ᠠᠬᠢᠭᠤᠯᠬᠤ ᠬᠡᠷᠡᠭᠲᠡᠢ᠃    ᠰᠦᠢ ᠸᠧᠢ ᠵᠢᠶᠦ᠋ᠨ ᠴᠢᠬᠤᠯᠠᠴᠢᠯᠠᠭᠰᠠᠨ ᠨᠢ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠡᠨᠡᠬᠦ ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠎ᠠ ᠠᠳᠬᠤᠵᠤ᠂ ᠲᠠᠷᠢᠶᠠᠯᠠᠩ ᠬᠥᠳᠡᠭᠡ ᠲᠣᠰᠬᠤᠨ ᠤ ᠬᠥᠭᠵᠢᠯᠲᠡ ᠶᠢᠨ ᠰᠢᠨ᠎ᠡ ᠬᠥᠳᠡᠯᠭᠡᠬᠦ ᠬᠦᠴᠦᠨ ᠢ ᠲᠠᠰᠤᠷᠠᠯᠲᠠ ᠦᠭᠡᠢ ᠪᠤᠶᠢᠵᠢᠭᠤᠯᠬᠤ ᠬᠡᠷᠡᠭᠲᠡᠢ︔ ᠠᠵᠤ ᠦᠢᠯᠡᠰ ᠤᠨ ᠬᠥᠭᠵᠢᠯᠲᠡ ᠶᠢᠨ ᠵᠢᠮ᠎ᠡ ᠶᠣᠰᠣ ᠶᠢ ᠳᠠᠭᠠᠵᠤ᠂ ᠲᠤᠬᠠᠢ ᠶᠢᠨ ᠭᠠᠵᠠᠷ ᠤᠨ ᠤᠨᠴᠠᠯᠢᠬᠳᠤ ᠡᠬᠢ ᠪᠠᠶᠠᠯᠢᠭ ᠲᠤ ᠰᠠᠭᠤᠷᠢᠯᠠᠵᠤ᠂ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠨ ᠪᠤᠵᠠᠭᠠᠢᠢᠷᠠᠬᠤ ᠶᠢ ᠠᠬᠢᠭᠤᠯᠵᠤ᠂ ᠨᠡᠩ ᠤᠯᠠᠨ ᠲᠠᠷᠢᠶᠠᠴᠢᠳ ᠲᠤ ᠠᠵᠤ ᠦᠢᠯᠡᠰ ᠤᠨ ᠦᠷᠳᠡᠭ ᠨᠡᠮᠡᠭᠳᠡᠯ ᠤᠨ ᠠᠰᠢᠭ ᠣᠯᠵᠠᠪᠤᠷᠢ ᠶᠢ ᠡᠳ᠋ᠯᠡᠭᠦᠯᠬᠦ ᠬᠡᠷᠡᠭᠲᠡᠢ︔ ᠵᠠᠬ᠎ᠠ ᠳᠡᠯᠭᠡᠭᠦᠷ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ᠂ ᠲᠦᠷᠦᠯ ᠵᠦᠢᠯ ᠢ ᠰᠢᠯᠢᠳᠡᠭᠵᠢᠭᠦᠯᠵᠦ᠂  ᠲᠠᠷᠢᠶᠠᠯᠠᠩ ᠤᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠪᠠᠷ ᠭᠤᠣᠯᠳᠠᠯᠭ᠎ᠠ  ᠪᠠ ᠰᠢᠨᠵᠢᠯᠡᠬᠦ ᠤᠬᠠᠭᠠᠨ ᠮᠡᠷᠭᠡᠵᠢᠯ ᠢᠶᠠᠷ ᠬᠥᠳᠡᠭᠡ ᠠᠵᠤ ᠠᠬᠤᠢ ᠶᠢ ᠬᠥᠭᠵᠢᠭᠦᠯᠬᠦ ᠪᠠᠷ ᠰᠢᠪᠲᠤᠯᠤᠯᠲᠠ ᠶᠢᠨ ᠴᠡᠭ ᠪᠤᠯᠠᠭᠠᠨ᠂ ᠲᠦᠬᠦᠭᠡᠷᠦᠮᠵᠢᠲᠦ ᠬᠥᠳᠡᠭᠡ ᠠᠵᠤ ᠠᠬᠤᠢ ᠶᠢ ᠶᠡᠬᠡᠪᠡᠷ ᠬᠥᠭᠵᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠬᠡᠷᠡᠭᠲᠡᠢ︔ ᠠᠵᠤ ᠦᠢᠯᠡᠰ ᠤᠨ ᠲᠦᠷᠦ ᠶᠢᠨ ᠪᠤᠳᠤᠯᠭ᠎ᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠲᠡᠳᠬᠦᠨ ᠳᠡᠮᠵᠢᠬᠦ ᠠᠷᠭ᠎ᠠ ᠮᠠᠶ᠋ᠢᠭ ᠤᠨ ᠲᠠᠯ᠎ᠠ ᠪᠠᠷ ᠰᠢᠨ᠎ᠡ ᠶᠢ ᠡᠭᠦᠳᠴᠦ᠂ ᠭᠤᠣᠯᠳᠠᠯᠭ᠎ᠠ ᠲᠠᠢ ᠲᠣᠯᠣᠭᠠᠶᠢᠯᠠᠭᠴᠢ ᠠᠵᠤ ᠠᠬᠤᠶᠢᠯᠠᠯ ᠢ ᠲᠡᠳᠬᠦᠨ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠲᠣᠯᠣᠭᠠᠶᠢᠯᠠᠭᠴᠢ ᠠᠵᠤ ᠠᠬᠤᠶᠢᠯᠠᠯ ᠤᠨ ᠬᠥᠭᠵᠢᠨ ᠪᠤᠵᠠᠭᠠᠢᠢᠷᠠᠬᠤ ᠶᠢ ᠢᠳᠡᠪᠬᠢᠲᠡᠶ ᠪᠠᠷ ᠳᠡᠮᠵᠢᠵᠦ᠂ ᠲᠠᠷᠢᠶᠠᠯᠠᠩ ᠤᠨ ᠠᠵᠤ ᠦᠢᠯᠡᠰᠴᠢᠯᠡᠯᠲᠡ ᠶᠢᠨ ᠦᠳᠲᠡᠷ ᠲᠦᠷᠭᠡᠨ ᠬᠥᠭᠵᠢᠯᠲᠡ ᠶᠢ ᠬᠦᠴᠦᠯᠡᠨ ᠠᠬᠢᠭᠤᠯᠬᠤ ᠬᠡᠷᠡᠭᠲᠡᠶ᠃    ᠰᠦᠶ ᠸᠧᠶ ᠵᠢᠶᠦ᠋ᠨ ᠱᠠᠭᠠᠷᠳᠠᠭᠰᠠᠨ ᠨᠢ᠂ ᠤᠨᠴᠠᠯᠢᠭᠳᠤ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠳᠤᠮᠳᠠᠬᠢ ᠲᠣᠯᠣᠭᠠᠶᠢᠯᠠᠭᠴᠢ ᠠᠵᠤ ᠠᠬᠤᠶᠢᠯᠠᠯ ᠤᠨ ᠵᠢᠱᠢᠶ᠎ᠡ ᠦᠵᠡᠭᠦᠯᠦᠨ ᠳᠠᠶᠢᠴᠢᠯᠠᠬᠤ ᠦᠢᠯᠡᠳᠦᠯ ᠢ ᠦᠨᠡᠨᠬᠦ ᠪᠠᠳᠠᠷᠠᠭᠤᠯᠵᠤ᠂ ᠲᠤᠬᠠᠶ ᠶᠢᠨ ᠭᠠᠵᠠᠷ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠲᠠᠷᠢᠶᠠᠴᠢᠳ ᠢ ᠳᠠᠶᠢᠴᠢᠯᠠᠨ ᠢᠳᠡᠪᠬᠢᠲᠡᠶ ᠣᠷᠣᠯᠴᠠᠭᠤᠯᠵᠤ᠂ ᠠᠵᠤ ᠠᠬᠤᠶᠢᠯᠠᠯ ᠤᠨ ᠬᠥᠭᠵᠢᠯᠲᠡ᠂ ᠲᠠᠷᠢᠶᠠᠴᠢᠳ ᠤᠨ ᠣᠷᠣᠯᠭ᠎ᠠ ᠶᠢᠨ ᠨᠡᠮᠡᠭᠳᠡᠯ ᠤᠨ ︽ᠬᠤᠶᠠᠷ ᠲᠠᠯ᠎ᠠ ᠪᠠᠷ ᠢᠶᠠᠨ ᠠᠰᠢᠭ ᠭᠥᠷᠳᠡᠬᠦ︾ ᠪᠠᠶᠢᠳᠠᠯ ᠢ ᠪᠣᠶ ᠪᠣᠯᠭᠠᠬᠤ ᠬᠡᠷᠡᠭᠲᠡᠶ︔ ᠨᠡᠩ ᠪᠦᠲᠦᠮᠵᠢᠲᠡᠢ᠂ ᠨᠡᠩ ᠤᠷᠲᠤ ᠬᠤᠭᠤᠴᠠᠭᠠᠨ ᠤ ᠠᠰᠢᠭ ᠲᠤᠰᠠ ᠶᠢᠨ ᠬᠤᠯᠪᠣᠭᠠᠨ ᠤ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ ᠲᠠᠷᠢᠶᠠᠴᠢᠳ ᠤᠨ ᠣᠷᠣᠯᠭ᠎ᠠ ᠶᠢ ᠦᠷᠭᠦᠯᠵᠢᠯᠡᠨ ᠨᠡᠮᠡᠭᠳᠡᠭᠦᠯᠦᠨ ᠠᠰᠢᠭ ᠬᠦᠷᠲᠡᠭᠡᠬᠦ ᠪᠠᠷ ᠴᠢᠷᠮᠠᠶᠢᠬᠤ ᠬᠡᠷᠡᠭᠲᠡᠢ︔ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠦᠷ᠎ᠡ ᠪᠦᠲᠦᠮᠵᠢ ᠶᠢ ᠦᠷᠭᠦᠯᠵᠢᠯᠡᠨ ᠲᠡᠭᠡᠭᠰᠢᠯᠡᠬᠦᠯᠦᠨ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠲᠠᠰᠤᠷᠠᠯᠲᠠ ᠦᠭᠡᠢ ᠰᠢᠯᠢᠳᠡᠭᠵᠢᠭᠦᠯᠵᠦ᠂ ᠠᠵᠤ ᠠᠬᠤᠶᠢᠯᠠᠯ ᠤᠨ ᠲᠠᠰᠤᠷᠠᠯᠲᠠ ᠦᠭᠡᠢ ᠬᠥᠭᠵᠢᠨ ᠪᠤᠵᠠᠭᠠᠢᠢᠷᠠᠬᠤ ᠶᠢ ᠠᠬᠢᠭᠤᠯᠬᠤ ᠬᠡᠷᠡᠭᠲᠡᠢ               ᠤᠷᠴᠢᠭᠤᠯᠤᠭᠴᠢ᠄ ᠬᠠᠨ ᠰᠢᠶᠤᠤ ᠿᠦᠩ               ᠬᠢᠨᠠᠭᠴᠢ᠄ ᠼᠦᠢ ᠶᠢᠩ
 
ᠢᠷᠡᠯᠲᠡ᠄ ᠠᠮᠢᠵᠢᠷᠠᠯ ᠪᠢᠯᠬᠠᠭᠰᠠᠨ ᠹᠧᠩᠵᠧᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3