| 4 ᠰᠠᠷ᠎ᠠ ᠶᠢᠨ 14 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠵᠧᠨ ᠬᠠᠶ ᠬᠤᠲᠠ ᠶᠢᠨ | ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ᠂ ᠬᠤᠲᠠ ᠶᠢᠨ ᠳᠣᠲᠣᠭᠠᠳᠤ ᠶᠢ | ᠬᠠᠮᠠᠭᠠᠯᠠᠬᠤ ᠲᠣᠪᠴᠢᠶ᠎ᠠ᠂ ᠰᠢᠭᠦᠬᠦ ᠬᠤᠷᠢᠶ᠎ᠠ ᠪᠠ ᠪᠠᠶᠢᠴᠠᠭᠠᠬᠤ ᠬᠤᠷᠢᠶ᠎ᠠ ᠳᠤ ᠭᠦᠨᠵᠡᠭᠡᠶᠢᠷᠡᠨ ᠤᠯᠤᠰ ᠲᠥᠷᠥ ᠬᠠᠤᠯᠢ | ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠠᠵᠢᠯ ᠤᠨ ᠲᠤᠬᠠᠶ ᠪᠠᠶᠢᠴᠠᠭᠠᠨ ᠰᠤᠳᠤᠯᠤᠨ ᠬᠢᠨᠠᠨ | ᠵᠢᠯᠣᠭᠤᠳᠴᠤ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ | ᠬᠤᠷᠢᠶᠠᠨ ᠤ ᠱᠦᠵᠢ ᠼᠤᠤ ᠶᠠᠨ ᠯᠢᠨ ᠨᠡᠷ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃ | | ᠸᠠᠩ ᠵᠧᠨ ᠬᠠᠶ ᠬᠦᠷᠦᠭᠰᠡᠨ ᠭᠠᠵᠠᠷ ᠪᠤᠯᠭᠠᠨ ᠤ ᠪᠠᠭ ᠤᠨ ᠪᠦᠷᠢᠯᠳᠦᠬᠦᠨ ᠪᠠ ᠺᠠᠳ᠋ᠷ ᠴᠠᠭᠳᠠᠭ᠎ᠠ ᠲᠠᠢ | ᠨᠢᠭᠤᠷᠲᠠᠨ ᠶᠠᠷᠢᠯᠴᠠᠵᠤ᠂ ᠮᠠᠲ᠋ᠧᠷᠢᠶᠠᠯ ᠪᠠᠶᠢᠴᠠᠭᠠᠨ ᠦᠵᠡᠬᠦ᠂ ᠬᠠᠷᠢᠭᠤ ᠮᠡᠳᠡᠭᠦᠯᠦᠯᠲᠡ ᠶᠢ ᠰᠣᠨᠣᠰᠬᠤ᠂ ᠠᠰᠠᠭᠤᠯᠲᠠ | ᠳᠤᠷᠠᠳᠬᠤ ᠠᠷᠭ᠎ᠠ ᠬᠡᠯᠪᠡᠷᠢ ᠪᠠᠷ ᠡᠯ᠎ᠡ ᠨᠢᠭᠡᠴᠡ ᠶᠢᠨ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ | ᠬᠥᠮᠦᠵᠢᠯ ᠴᠡᠭᠴᠡᠯᠡᠯᠲᠡ ᠶᠢᠨ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠪᠥᠬᠦ ᠲᠠᠯ᠎ᠠ ᠪᠠᠷ ᠣᠶᠢᠯᠠᠭᠠᠪᠠ᠃ | ᠸᠠᠩ ᠵᠧᠨ ᠬᠠᠶ ᠪᠥᠬᠦ ᠬᠤᠲᠠ ᠶᠢᠨ ᠤᠯᠤᠰ ᠲᠥᠷᠥ ᠬᠠᠤᠯᠢ ᠴᠠᠭᠠᠵᠠ ᠶᠢᠨ ᠰᠢᠰᠲ᠋ᠧᠮ ᠤᠨ ᠶᠡᠭᠡ ᠲᠠᠯ᠎ᠠ ᠶᠢᠨ | ᠲᠣᠭᠲᠠᠭᠤᠨ ᠪᠠᠶᠢᠳᠠᠯ ᠢ ᠬᠠᠮᠠᠭᠠᠯᠠᠬᠤ᠂ ᠥᠭᠡᠷᠡᠴᠢᠯᠡᠯᠲᠡ ᠬᠥᠭᠵᠢᠯᠲᠡ ᠳᠤ ᠦᠢᠯᠡᠴᠢᠯᠡᠬᠦ ᠵᠡᠷᠭᠡ ᠲᠠᠯ᠎ᠠ ᠪᠠᠷ | ᠣᠯᠤᠭᠰᠠᠨ ᠠᠮᠵᠢᠯᠲᠠ ᠪᠦᠲᠦᠮᠵᠢ ᠵᠢᠴᠢ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ | ᠴᠡᠭᠴᠡᠯᠡᠯᠲᠡ ᠶᠢᠨ ᠠᠵᠢᠯ ᠢ ᠥᠷᠨᠢᠭᠦᠯᠦᠭᠰᠡᠨ ᠪᠠᠶᠢᠳᠠᠯ ᠢ ᠭᠦᠢᠴᠡᠳ ᠨᠤᠲᠠᠯᠠᠪᠠ᠃ | ᠸᠠᠩ ᠵᠧᠨ ᠬᠠᠶ ᠴᠢᠬᠤᠯᠠᠴᠢᠯᠠᠭᠰᠠᠨ ᠨᠢ᠂ ᠣᠳᠣᠬᠠᠨ ᠳᠤ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ | ᠬᠥᠮᠦᠵᠢᠯ ᠴᠡᠭᠴᠡᠯᠡᠯᠲᠡ ᠨᠢᠭᠡᠨᠲᠡ ᠪᠠᠶᠢᠴᠠᠭᠠᠨ ᠵᠠᠯᠠᠷᠠᠭᠤᠯᠵᠤ ᠴᠡᠭᠴᠡᠯᠡᠨ ᠰᠠᠶᠢᠵᠢᠷᠠᠭᠤᠯᠬᠤ ᠵᠠᠩᠭᠢᠯᠠᠭ᠎ᠠ ᠶᠢᠨ | ᠦᠶ᠎ᠡ ᠳᠤ ᠪᠠᠶᠢᠵᠤ᠂ ᠦᠨᠡᠨ ᠪᠣᠳᠠᠲᠠᠶ ᠪᠠᠷ ᠰᠢᠢᠳᠪᠦᠷᠢᠯᠡᠬᠦ ᠪᠠ ᠪᠣᠳᠠᠲᠤ ᠪᠦᠲᠦᠮᠵᠢ ᠤᠯᠬᠤ ᠶᠢᠨ ᠵᠠᠩᠭᠢᠯᠠᠭ᠎ᠠ ᠶᠢᠨ | ᠭᠤᠭᠴᠤᠭ᠎ᠠ ᠮᠥᠨ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠳᠠᠯᠠᠨ᠂ ᠡᠯ᠎ᠡ ᠵᠦᠢᠯ ᠤᠨ ᠠᠷᠭ᠎ᠠ | ᠵᠠᠮ ᠢᠶᠠᠷ ᠰᠦᠪᠡᠭᠴᠢ ᠶᠢᠨ ᠰᠠᠭᠤᠷᠢ ᠲᠤᠭ᠎ᠠ ᠶᠢ ᠲᠣᠳᠣᠷᠬᠠᠢ ᠣᠶᠢᠯᠠᠭᠠᠵᠤ᠂ ᠳᠦᠷᠦᠯ ᠬᠤᠪᠢᠶᠠᠨ ᠳᠦᠷᠦ ᠶᠢᠨ | ᠪᠤᠳᠤᠯᠭ᠎ᠠ ᠶᠢ ᠬᠡᠷᠡᠭᠵᠢᠬᠦᠯᠦᠨ᠂ ᠬᠠᠷᠠᠯᠲᠠ ᠲᠠᠢ ᠪᠠᠷ ᠡᠮᠨᠡᠨ ᠵᠠᠰᠠᠵᠤ᠂ ᠳᠦᠷᠢᠮ ᠲᠣᠭᠲᠠᠭᠠᠯ ᠲᠣᠭᠲᠠᠭᠠᠬᠤ ᠶᠢ | ᠠᠬᠢᠭᠤᠯᠤᠨ᠂ ᠪᠠᠶᠢᠴᠠᠭᠠᠨ ᠵᠠᠯᠠᠷᠠᠭᠤᠯᠵᠤ ᠴᠡᠭᠴᠡᠯᠡᠨ ᠰᠠᠶᠢᠵᠢᠷᠠᠭᠤᠯᠬᠤ ᠳᠤ ᠦᠨᠡᠨ ᠪᠣᠳᠠᠲᠠᠢ ᠦᠷ᠎ᠡ ᠪᠦᠲᠦᠮᠵᠢ ᠲᠠᠢ | ᠪᠠᠶᠢᠬᠤ ᠶᠢ ᠪᠠᠲᠤᠯᠠᠬᠤ ᠬᠡᠷᠡᠭᠲᠡᠢ︔ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ︽ᠥᠪᠡᠷ ᠢ ᠪᠠᠨ | ᠪᠠᠶᠢᠴᠠᠭᠠᠬᠤ ᠶᠢ ᠠᠭᠤᠴᠢᠯᠠᠨ ᠰᠢᠳᠬᠡᠬᠦ᠂ ᠪᠠᠶᠢᠴᠠᠭᠠᠭᠳᠠᠭᠴᠢ ᠶᠢ ᠴᠢᠩᠭ᠎ᠠ ᠰᠢᠳᠬᠡᠬᠦ︾ ᠦᠵᠡᠯ ᠰᠠᠨᠠᠭ᠎ᠠ | ᠲᠠᠨᠢᠯᠲᠠ ᠶᠢ ᠪᠠᠲᠤ ᠪᠤᠢ ᠪᠣᠯᠭᠠᠵᠤ᠂ ᠥᠩᠭᠡᠷᠡᠭᠰᠡᠨ ᠢ ᠨᠢ ᠵᠠᠯᠬᠠᠭᠠᠵᠤ ᠬᠤᠶᠢᠰᠢ ᠳᠤᠨᠢ ᠴᠡᠭᠡᠷᠯᠡᠯ ᠪᠣᠯᠭᠠᠬᠤ᠂ | ᠡᠪᠡᠳᠴᠢᠨ ᠢ ᠨᠢ ᠵᠠᠰᠠᠵᠤ ᠡᠳᠡᠭᠡᠷᠡᠭᠦᠯᠦᠨ ᠠᠪᠬᠤ᠂ ᠣᠯᠠᠩᠬᠢ ᠶᠢ ᠨᠢ ᠬᠥᠮᠦᠵᠢᠭᠦᠯᠬᠦ᠂ ᠲᠦᠢᠯ ᠤᠨ | ᠴᠥᠭᠡᠩᠬᠢ ᠶᠢ ᠨᠢ ᠶᠠᠯᠠᠯᠠᠨ ᠰᠢᠳᠬᠡᠬᠦ ᠵᠣᠷᠢᠯᠭ᠎ᠠ ᠳᠤ ᠬᠦᠷᠭᠡᠬᠦ ᠬᠡᠷᠡᠭᠲᠡᠢ︔ ᠪᠠᠭᠠᠲᠤᠷ ᠵᠢᠱᠢᠶᠡᠴᠢ ᠶᠢᠨ ᠵᠣᠷᠢᠭ | ᠰᠠᠨᠠᠭ᠎ᠠ ᠪᠠ ᠨᠡᠶᠢᠲᠡᠯᠢᠭ ᠵᠢᠱᠢᠶ᠎ᠡ ᠶᠢᠨ ᠬᠦᠳᠦᠯᠦᠨ ᠳᠠᠭᠠᠭᠤᠯᠬᠤ ᠳᠠᠶᠢᠴᠢᠯᠠᠬᠤ ᠦᠢᠯᠡᠳᠦᠯ ᠢ ᠶᠡᠬᠡᠪᠡᠷ ᠪᠠᠳᠠᠷᠠᠭᠤᠯᠬᠤ | ᠬᠡᠷᠡᠭᠲᠡᠢ︔ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠨᠢᠭᠡᠳᠦᠯᠲᠡᠶ ᠲᠥᠯᠥᠪᠯᠡᠵᠦ | ᠨᠡᠶᠢᠲᠡ ᠳᠤᠨᠢ ᠬᠠᠷᠠᠭᠠᠯᠵᠠᠬᠤ ᠶᠢ ᠴᠢᠩᠭᠠᠳᠬᠠᠨ᠂ ᠬᠥᠮᠦᠵᠢᠯ ᠴᠡᠭᠴᠡᠯᠡᠯᠲᠡ ᠶᠢ ᠨᠠᠮ ᠤᠨ ᠲᠡᠦᠬᠡ ᠶᠢᠨ | ᠰᠤᠷᠤᠯᠴᠠᠯᠭ᠎ᠠ ᠬᠥᠮᠦᠵᠢᠯ᠂ ︽ᠪᠢ ᠣᠯᠠᠨ ᠲᠦᠮᠡᠨ ᠳᠤ ᠪᠣᠳᠠᠲᠠᠶ ᠠᠵᠢᠯ ᠬᠢᠵᠦ ᠦᠭᠭᠦᠨ᠎ᠡ︾ ᠵᠡᠷᠭᠡ | ᠠᠵᠢᠯᠯᠠᠭ᠎ᠠ ᠲᠠᠢ ᠤᠶᠠᠯᠳᠤᠭᠤᠯᠵᠤ᠂ ᠤᠯᠠᠨ ᠲᠦᠮᠡᠨ ᠤ ᠠᠮᠢ ᠪᠡᠶ᠎ᠡ ᠶᠢᠨ ᠠᠰᠢᠭ ᠲᠤᠰᠠ ᠳᠤ ᠬᠤᠯᠪᠣᠭᠳᠠᠬᠤ | ᠠᠰᠠᠭᠤᠳᠠᠯ ᠲᠠᠢ ᠤᠶᠠᠯᠳᠤᠭᠤᠯᠤᠨ᠂ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠥᠷᠨᠢᠭᠦᠯᠵᠦ᠂ ᠠᠷᠠᠳ | ᠤᠯᠠᠨ ᠳᠤ ᠬᠠᠤᠯᠢ ᠴᠠᠭᠠᠵᠠ ᠶᠢᠨ ᠬᠡᠷᠡᠭ ᠨᠢᠭᠡᠪᠦᠷᠢ ᠶᠢᠨ ᠳᠤᠮᠳᠠ ᠠᠴᠠ ᠲᠥᠪ ᠭᠤᠣᠯᠴᠢ ᠰᠢᠳᠤᠷᠭᠤ ᠶᠣᠰᠣ ᠶᠢ | ᠮᠡᠳᠡᠷᠡᠬᠦᠯᠦᠨ᠂ ᠬᠥᠮᠦᠵᠢᠯ ᠴᠡᠭᠴᠡᠯᠡᠯᠲᠡ ᠶᠢᠨ ᠦᠷ᠎ᠡ ᠪᠦᠲᠦᠮᠵᠢ ᠶᠢ ᠦᠨᠡᠨᠬᠦ ᠲᠣᠭᠲᠠᠭᠤᠨ ᠪᠠᠶᠢᠳᠠᠯ ᠢ ᠬᠠᠮᠠᠭᠠᠯᠠᠬᠤ᠂ | ᠤᠯᠠᠨ ᠲᠦᠮᠡᠨ ᠳᠤ ᠦᠢᠯᠡᠴᠢᠯᠡᠬᠦ ᠬᠥᠳᠡᠯᠭᠡᠭᠴᠢ ᠬᠦᠴᠦᠨ ᠪᠣᠯᠭᠠᠨ ᠬᠤᠪᠢᠷᠠᠭᠤᠯᠵᠤ᠂ ᠨᠠᠮ ᠪᠠ ᠠᠷᠠᠳ | ᠲᠦᠮᠡᠨ ᠳᠤ ᠬᠠᠨᠤᠮᠵᠢᠲᠠᠶ ᠬᠠᠷᠢᠭᠤᠯᠲᠠ ᠶᠢᠨ ᠬᠠᠭᠤᠳᠠᠰᠤ ᠲᠤᠰᠢᠶᠠᠬᠤ ᠬᠡᠷᠡᠭᠳᠡᠢ᠃ | | | ᠤᠷᠴᠢᠭᠤᠯᠤᠭᠴᠢ᠄ ᠬᠠᠨ ᠰᠢᠶᠤᠤ ᠿᠦᠩ | ᠬᠢᠨᠠᠭᠴᠢ᠄ ᠼᠦᠢ ᠶᠢᠩ | |