ᠮᠠᠨ ᠤ ᠬᠤᠲᠠ ᠤᠯᠠᠭᠠᠨᠴᠠᠪ ᠬᠤᠲᠠ ᠶᠢᠨ ᠵᠠᠰᠠᠭ ᠵᠠᠬᠢᠷᠭᠠᠨ ᠤ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠠᠵᠢᠯ ᠤᠨ ᠠᠬᠢᠭᠤᠯᠤᠯᠲᠠ ᠶᠢᠨ ᠬᠤᠷᠠᠯ ᠤᠨ ᠠᠬᠤᠶ ᠪᠠᠶᠢᠳᠠᠯ ᠢ ᠵᠤᠬᠢᠶᠠᠨ ᠪᠠᠶᠢᠭᠤᠯᠤᠨ ᠭᠥᠯᠢᠶᠡᠨ ᠠᠪᠴᠤ ᠰᠤᠨᠤᠰᠬᠠᠨ ᠦᠵᠡᠭᠦᠯᠪᠡ
ᠨᠡᠶᠢᠲᠡᠯᠡᠭᠰᠡᠨ ᠴᠠᠭ᠄
2021/4/16
  4 ᠰᠠᠷ᠎ᠠ ᠶᠢᠨ 14 ᠤ ᠡᠳᠦᠷ᠂ ᠤᠯᠠᠭᠠᠨᠴᠠᠪ ᠬᠤᠲᠠ ᠶᠢᠨ ᠵᠠᠰᠠᠭ ᠵᠠᠬᠢᠷᠭᠠᠨ ᠤ ᠬᠠᠤᠯᠢ ᠴᠠᠭᠠᠵᠠ ᠶᠢᠨ  ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠠᠵᠢᠯ ᠢ ᠳᠥᠯᠭᠢᠨ ᠠᠬᠢᠭᠤᠯᠬᠤ ᠬᠤᠷᠠᠯ ᠬᠤᠷᠠᠯᠳᠤᠪᠠ᠃ ᠬᠤᠷᠠᠯ ᠠᠴᠠ ᠰᠤᠷᠤᠯᠴᠠᠯᠭ᠎ᠠ ᠬᠥᠮᠦᠵᠢᠯ ᠤᠨ ᠭᠤᠭᠴᠤᠭ᠎ᠠ ᠶᠢᠨ ᠦᠷ᠎ᠡ ᠪᠦᠲᠦᠮᠵᠢ ᠪᠠ ᠣᠷᠣᠰᠢᠵᠤ ᠪᠠᠶᠢᠭ᠎ᠠ ᠬᠦᠷᠦᠯᠴᠡᠬᠦ ᠦᠭᠡᠢ ᠲᠠᠯ᠎ᠠ ᠶᠢ ᠳ᠋ᠦᠩᠨᠡᠨ ᠵᠠᠳᠠᠯᠵᠤ᠂ ᠪᠦᠬᠦ ᠬᠤᠲᠠ ᠶᠢᠨ ᠤᠯᠤᠰ ᠲᠦᠷᠦ ᠬᠠᠤᠯᠢ ᠴᠠᠭᠠᠵᠠ ᠶᠢᠨ  ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠠᠵᠢᠯ ᠤᠨ ᠪᠠᠶᠢᠴᠠᠭᠠᠨ ᠵᠠᠯᠠᠷᠠᠭᠤᠯᠵᠤ ᠴᠡᠭᠴᠡᠯᠡᠨ ᠰᠠᠶᠢᠵᠢᠷᠠᠭᠤᠯᠬᠤ ᠭᠤᠭᠴᠤᠭ᠎ᠠ ᠶᠢ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠬᠠᠤᠯᠢ ᠴᠠᠭᠠᠵᠠ ᠶᠢᠨ  ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠨᠠᠢᠮᠠᠳᠤᠭᠠᠷ ᠵᠢᠯᠣᠭᠤᠳᠬᠤ ᠳᠤᠭᠤᠶᠢᠯᠠᠩ ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠠᠵᠤ ᠠᠬᠤᠶ ᠶᠢᠨ ᠵᠥᠪᠯᠡᠯ ᠤᠨ ᠨᠢᠭᠡᠳᠦᠭᠡᠷ ᠳᠡᠰ ᠤᠨ ᠴᠠᠭᠳᠠᠨ ᠪᠠᠶᠢᠴᠠᠭᠠᠭᠴᠢ ᠶᠢᠨ ᠯᠢ ᠹᠧᠩ᠂ ᠤᠯᠠᠭᠠᠨᠴᠠᠪ ᠬᠤᠲᠠ ᠶᠢᠨ ᠨᠠᠮ ᠤᠨ ᠬᠤᠷᠢᠶᠠᠨ ᠤ ᠱᠦᠵᠢ᠂ ᠬᠤᠲᠠ ᠶᠢᠨ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠤᠳᠤᠷᠢᠳᠬᠤ ᠳᠤᠭᠤᠶᠢᠯᠠᠩ ᠤᠨ ᠳᠠᠷᠤᠭ᠎ᠠ ᠰᠦᠶ ᠸᠧᠶ ᠵᠢᠶᠦ᠋ᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠤᠯᠠᠭᠠᠨᠴᠠᠪ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠢᠦᠶ ᠬᠠᠶ ᠢᠦᠶ ᠬᠤᠷᠠᠯ ᠢ ᠡᠷᠭᠢᠯᠡᠵᠦ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠬᠠᠤᠯᠢ ᠴᠠᠭᠠᠵᠠ ᠶᠢᠨ  ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠨᠠᠢᠮᠠᠳᠤᠭᠠᠷ ᠵᠢᠯᠣᠭᠤᠳᠬᠤ ᠳᠤᠭᠤᠶᠢᠯᠠᠩ ᠤᠨ ᠬᠡᠰᠡᠭ ᠪᠦᠷᠢᠯᠳᠦᠬᠦᠨ ᠬᠤᠷᠠᠯ ᠳᠤ ᠤᠷᠤᠯᠴᠠᠪᠠ᠃ ᠬᠤᠷᠠᠯ ᠨᠢ ᠸᠢᠳᠢᠣ᠋ ᠶᠢᠨ ᠬᠡᠯᠪᠡᠷᠢ ᠪᠠᠷ ᠶᠠᠪᠤᠭᠳᠠᠵᠤ᠂ ᠮᠠᠨ ᠤ ᠬᠤᠳᠠ ᠬᠤᠪᠢᠶᠠᠷᠢ ᠬᠤᠷᠠᠯ ᠤᠨ ᠲᠠᠯᠠᠪᠠᠢ ᠭᠠᠷᠭᠠᠵᠤ ᠬᠤᠷᠠᠯ ᠤᠨ ᠪᠣᠳᠠᠲᠤ ᠪᠠᠶᠢᠳᠠᠯ ᠢ ᠬᠦᠯᠢᠶᠡᠨ ᠠᠪᠴᠤ ᠰᠣᠨᠣᠰᠪᠠ᠃
    ᠮᠠᠨ ᠤ ᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠵᠧᠨ ᠬᠠᠶ ᠵᠡᠷᠭᠡ ᠬᠤᠲᠠ ᠶᠢᠨ ᠤᠳᠤᠷᠢᠳᠤᠯᠭ᠎ᠠ ᠨᠠᠷ ᠬᠤᠪᠢᠶᠠᠷᠢ ᠬᠤᠷᠠᠯ ᠤᠨ ᠲᠠᠯᠠᠪᠠᠶ ᠳᠤ ᠣᠷᠣᠯᠴᠠᠪᠠ᠃     ᠶᠢᠨ ᠯᠢ ᠹᠧᠩ ᠵᠢᠭᠠᠵᠤ ᠭᠠᠷᠭᠠᠭᠰᠠᠨ ᠨᠢ᠂ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠠᠵᠢᠯ ᠢ ᠥᠷᠨᠢᠭᠦᠯᠦᠭᠰᠡᠨ ᠠᠴᠠ ᠨᠠᠰᠢ᠂ ᠤᠯᠠᠭᠠᠨᠴᠠᠪ ᠬᠤᠲᠠ ᠶᠢᠨ ᠨᠠᠮ ᠤᠨ ᠬᠤᠷᠢᠶ᠎ᠠ ᠨᠠᠮ ᠤᠨ ᠲᠥᠪ ᠬᠤᠷᠢᠶ᠎ᠠ ᠶᠢᠨ ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠬᠢᠨᠠᠮᠠᠭᠠᠶ ᠲᠤᠭᠤᠰᠢᠯᠠᠭᠤᠯᠤᠨ᠂ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠯᠠᠪᠳᠠᠭᠤᠨ ᠢᠶᠠᠷ ᠳᠥᠯᠭᠢᠨ ᠠᠬᠢᠭᠤᠯᠤᠨ᠂ ᠪᠥᠬᠦ ᠬᠤᠲᠠ ᠶᠢᠨ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠠᠵᠢᠯ ᠢ ᠦᠷᠭᠦᠯᠵᠢᠯᠡᠨ ᠭᠦᠨᠵᠡᠭᠡᠶᠢᠷᠡᠭᠦᠯᠪᠡ᠃ ᠲᠠᠷᠠᠭᠠᠴᠢ ᠶᠢᠨ ᠠᠯᠬᠤᠮ ᠳᠤ᠂ ᠤᠯᠤᠰ ᠲᠥᠷᠥ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ᠂ ᠭᠤᠤᠯᠳᠠᠯᠭ᠎ᠠ ᠲᠠᠢ ᠭᠤᠭᠴᠤᠭ᠎ᠠ ᠶᠢ ᠡᠵᠡᠮᠳᠡᠬᠦ᠂ ᠬᠡᠷᠡᠭ ᠢ ᠰᠢᠪᠠᠳᠠᠨ ᠰᠢᠢᠳᠪᠦᠷᠢᠯᠡᠭᠦᠯᠬᠦ ᠶᠢ ᠴᠢᠩᠭᠠᠳᠬᠠᠬᠤ᠂ ᠠᠷᠬᠠᠭ ᠬᠡᠮ ᠢ ᠴᠡᠭᠴᠡᠯᠡᠨ ᠵᠠᠰᠠᠬᠤ ᠵᠡᠷᠭᠡ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠲᠥᠪ ᠤᠨ ᠬᠢᠨᠠᠨ ᠵᠢᠯᠣᠭᠤᠳᠬᠤ ᠳᠤᠭᠤᠶᠢᠯᠠᠩ ᠤᠨ ᠠᠶᠢᠮᠠᠭ ᠬᠤᠲᠠ ᠳᠤ ᠳᠣᠷᠣᠭᠰᠢ ᠪᠠᠭᠤᠯᠭᠠᠬᠤ ᠬᠤᠯᠪᠣᠭᠳᠠᠯ ᠪᠥᠬᠦᠶ ᠠᠵᠢᠯ ᠢ ᠢᠳᠡᠪᠬᠢᠲᠡᠶ ᠬᠠᠮᠵᠢᠯᠴᠠᠨ ᠰᠠᠶᠢᠲᠤᠷ ᠬᠢᠵᠦ᠂ ᠰᠤᠷᠭᠠᠨ ᠬᠥᠮᠦᠵᠢᠭᠦᠯᠵᠦ ᠴᠡᠭᠴᠡᠯᠡᠬᠦ ᠡᠭᠦᠷᠭᠡ ᠶᠢᠨ ᠴᠢᠨᠠᠷ ᠪᠠ ᠲᠤᠭ᠎ᠠ ᠬᠡᠮᠵᠢᠶ᠎ᠡ ᠶᠢ ᠭᠦᠢᠴᠡᠳᠭᠡᠬᠦ ᠶᠢ ᠦᠨᠡᠨᠬᠦ ᠪᠠᠲᠤᠯᠠᠬᠤ ᠬᠡᠷᠡᠭᠲᠡᠶ᠃     ᠰᠦᠢ ᠸᠧᠢ ᠵᠢᠶᠦ᠋ᠨ ᠵᠢᠭᠠᠵᠤ ᠭᠠᠷᠭᠠᠭᠰᠠᠨ ᠨᠢ᠂ ᠪᠦᠬᠦ ᠬᠤᠳᠠ ᠶᠢᠨ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢ ᠥᠷᠨᠢᠭᠦᠯᠦᠭᠰᠡᠨ ᠠᠴᠠ ᠨᠠᠰᠢ᠂ ᠬᠤᠳᠠ ᠶᠢᠨ ᠨᠠᠮ ᠤᠨ ᠬᠤᠷᠢᠶ᠎ᠠ ᠶᠡᠷᠦᠩᠬᠡᠢ ᠱᠦᠵᠢ ᠰᠢ ᠶᠢᠨ ᠫᠢᠩ ᠤᠨ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠴᠢᠬᠤᠯᠠ ᠵᠢᠭᠠᠪᠤᠷᠢ ᠪᠣᠯᠤᠨ ᠰᠤᠷᠭᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ  ᠲᠤᠭᠤᠰᠢᠯᠠᠭᠤᠯᠤᠨ᠂ ᠲᠥᠪ ᠤᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠬᠠᠮᠢᠶ᠎ᠠ ᠪᠦᠬᠦᠢ ᠠᠵᠢᠯ ᠤᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠦᠳᠲᠡᠷ ᠲᠦᠷᠭᠡᠨ ᠬᠥᠳᠡᠯᠦᠯᠴᠡᠵᠦ᠂ ᠨᠠᠷᠢᠨ ᠨᠢᠮᠪᠠᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠰᠤᠷᠭᠠᠨ ᠬᠥᠮᠦᠵᠢᠯ ᠤᠨ ᠴᠡᠭᠴᠡᠯᠡᠯᠲᠡ ᠶᠢᠨ ᠨᠠᠶᠢᠳᠠᠪᠤᠷᠢᠵᠢᠭᠤᠯᠤᠯᠲᠠ ᠶᠢ ᠦᠷᠭᠦᠯᠵᠢᠯᠡᠨ ᠨᠠᠷᠢᠨ ᠨᠢᠭᠲᠠ ᠠᠬᠢᠭᠤᠯᠪᠠ᠃ ᠡᠯ᠎ᠡ ᠱᠠᠲᠤᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ︽ᠲᠦᠷᠪᠡᠨ ᠤᠬᠠᠮᠰᠠᠷ︾ ᠢᠶᠠᠨ ᠦᠨᠡᠨᠬᠦ ᠴᠢᠩᠭᠠᠳᠬᠠᠵᠤ᠂ ︽ᠲᠦᠷᠪᠡᠨ ᠢᠲᠡᠭᠡᠯ︾ ᠢᠶᠠᠨ ᠪᠠᠳᠤᠳᠬᠠᠨ᠂ ︽ᠬᠤᠶᠠᠷ ᠢ ᠬᠠᠮᠠᠭᠠᠯᠠᠬᠤ︾ ᠶᠢ ᠦᠢᠯᠡᠳᠦᠯᠭᠡᠵᠢᠭᠦᠯᠵᠦ᠂ ᠨᠠᠮ ᠪᠣᠯᠤᠨ ᠠᠷᠠᠳ ᠲᠦᠮᠡᠨ ᠤ ᠢᠲᠡᠭᠡᠯ ᠲᠠᠢ᠂ ᠨᠠᠶᠢᠳᠠᠪᠤᠷᠢᠲᠠᠢ᠂ ᠰᠠᠨᠠᠭ᠎ᠠ ᠠᠮᠤᠷ ᠤᠯᠤᠰ ᠲᠦᠷᠦ ᠬᠠᠤᠯᠢ ᠴᠠᠭᠠᠵᠠ ᠶᠢᠨ ᠲᠡᠮᠤᠷ ᠴᠡᠷᠢᠭ ᠢ ᠴᠢᠷᠮᠠᠶᠢᠨ ᠪᠠᠶᠢᠭᠤᠯᠬᠤ ᠬᠡᠷᠡᠭᠲᠡᠢ᠃     ᠰᠦᠢ ᠸᠧᠢ ᠵᠢᠶᠦ᠋ᠨ ᠴᠢᠬᠤᠯᠠᠴᠢᠯᠠᠭᠰᠠᠨ ᠨᠢ᠂ ᠡᠯ᠎ᠡ ᠱᠠᠳᠤ ᠡᠯ᠎ᠡ ᠰᠠᠯᠠᠭ᠎ᠠ ᠮᠥᠴᠢᠷ ᠠᠰᠠᠭᠤᠳᠠᠯ᠂ ᠬᠠᠷᠠᠯᠲᠠ᠂ ᠦᠷ᠎ᠡ ᠳ᠋ᠦᠩ ᠤᠨ ᠤᠳᠤᠷᠢᠳᠤᠮᠵᠢ ᠶᠢ ᠤᠯᠠᠮ ᠴᠢᠨᠠᠭᠰᠢᠳᠠ ᠪᠠᠲᠤᠳᠬᠠᠵᠤ᠂ ᠰᠤᠷᠤᠯᠴᠠᠯᠭ᠎ᠠ ᠬᠥᠮᠦᠵᠢᠯ ᠢ ᠢᠮᠠᠭᠲᠠ ᠲᠤᠭᠤᠰᠢᠯᠠᠭᠤᠯᠬᠤ ᠱᠠᠭᠠᠷᠳᠠᠯᠭ᠎ᠠ ᠶᠣᠰᠣᠭᠠᠷ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠭᠦᠨᠵᠡᠭᠡᠶᠢᠷᠡᠭᠦᠯᠵᠦ᠂ ᠦᠨᠡᠨ ᠪᠣᠳᠠᠲᠠᠢ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ︔ ᠤᠯᠤᠰ ᠲᠦᠷᠦ ᠶᠢᠨ ᠮᠠᠭᠠᠳᠯᠠᠬᠤ᠂ ᠣᠶᠢᠯᠠᠭᠠᠬᠤ᠂ ᠬᠡᠷᠡᠭᠵᠢᠭᠦᠯᠬᠦ ᠴᠢᠳᠠᠪᠤᠷᠢ ᠶᠢ ᠤᠯᠠᠮ ᠴᠢᠨᠠᠭᠰᠢᠳᠠ ᠳᠡᠭᠡᠭᠰᠢᠯᠡᠭᠦᠯᠵᠦ᠂ ᠨᠡᠩ ᠴᠢᠩᠭ᠎ᠠ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠵᠣᠷᠢᠭ ᠰᠠᠨᠠᠭ᠎ᠠ ᠪᠠᠷ ᠪᠠᠶᠢᠴᠠᠭᠠᠨ ᠵᠠᠯᠠᠷᠠᠭᠤᠯᠵᠤ ᠴᠡᠭᠴᠡᠯᠡᠨ ᠰᠠᠶᠢᠵᠢᠷᠠᠭᠤᠯᠬᠤ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠠᠬᠢᠭᠤᠯᠤᠨ᠂ ᠰᠤᠷᠤᠯᠴᠠᠯᠭ᠎ᠠ ᠬᠥᠮᠦᠵᠢᠯ ᠢ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠥᠷᠭᠡᠨ ᠳᠡᠯᠭᠡᠷᠡᠩᠭᠦᠢ ᠪᠠᠷ ᠤᠬᠠᠭᠤᠯᠤᠨ ᠲᠠᠶᠢᠴᠢᠯᠠᠵᠤ᠂ ᠵᠣᠷᠢᠭᠲᠠᠢ ᠪᠠᠷ ᠳᠣᠲᠣᠭᠰᠢ ᠪᠠᠨ ᠬᠠᠨᠳᠤᠵᠤ᠂ ᠵᠣᠷᠢᠭᠲᠠᠢ ᠪᠠᠷ ᠬᠦᠴᠦᠲᠡᠢ ᠴᠣᠬᠢᠯᠲᠠ ᠥᠭᠴᠦ᠂ ᠤᠯᠠᠨ ᠢ ᠲᠦᠢᠪᠡᠭᠡᠭᠰᠡᠨ ᠡᠳᠡᠭᠡᠳ ᠢ ᠡᠷᠡᠰ ᠴᠡᠪᠡᠷᠯᠡᠵᠦ᠂ ᠬᠡᠮ ᠠᠷᠬᠠᠭ ᠢ ᠡᠷᠡᠰ ᠴᠡᠭᠴᠡᠯᠡᠨ ᠵᠠᠰᠠᠵᠤ᠂ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠴᠡᠪᠡᠷ ᠴᠢᠨᠠᠷ ᠢ ᠦᠨᠡᠨᠬᠦ ᠳᠡᠭᠡᠭᠰᠢᠯᠡᠭᠦᠯᠬᠦ ᠬᠡᠷᠡᠭᠲᠡᠢ︔ ᠪᠠᠴᠢᠮ ᠲᠤᠯᠭᠠᠮ᠎ᠠ ᠰᠡᠳᠬᠢᠯᠭᠡ᠂ ᠬᠠᠷᠢᠭᠤᠴᠠᠯᠭᠠᠲᠤ ᠰᠡᠳᠬᠢᠯᠭᠡ᠂ ᠡᠭᠦᠷᠭᠡᠲᠦ ᠰᠡᠳᠬᠢᠯᠭᠡ ᠪᠠᠨ ᠤᠯᠠᠮ ᠴᠢᠨᠠᠭᠰᠢᠳᠠ ᠴᠢᠩᠭᠠᠳᠬᠠᠵᠤ᠂ ᠨᠢᠭᠡᠳᠦᠯᠲᠡᠶ ᠲᠥᠯᠥᠪᠯᠡᠨ ᠵᠣᠬᠢᠴᠠᠭᠤᠯᠬᠤ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ᠂ ᠤᠬᠠᠭᠤᠯᠵᠤ ᠬᠥᠲᠥᠯᠥᠨ ᠵᠢᠯᠣᠭᠤᠳᠬᠤ᠂ ᠬᠢᠨᠠᠨ ᠵᠢᠯᠣᠭᠤᠳᠬᠤ ᠶᠢ  ᠴᠢᠩᠭᠠᠳᠬᠠᠨ᠂ ᠪᠠᠲᠤ ᠴᠢᠩᠭ᠎ᠠ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠪᠠᠷ ᠰᠤᠷᠭᠠᠨ ᠬᠥᠮᠦᠵᠢᠯ ᠤᠨ ᠴᠡᠭᠴᠡᠯᠡᠯᠲᠡ ᠶᠢ ᠡᠷᠴᠢᠮᠲᠡᠢ ᠡᠮᠬᠢ ᠵᠢᠷᠤᠮ ᠲᠠᠢ ᠪᠦᠲᠦᠮᠵᠢᠲᠡᠢ ᠥᠷᠨᠢᠭᠦᠯᠬᠦ ᠶᠢ ᠪᠠᠲᠤᠯᠠᠵᠤ᠂ ᠰᠤᠷᠭᠠᠨ ᠬᠥᠮᠦᠵᠢᠯ ᠤᠨ ᠴᠡᠭᠴᠡᠯᠡᠯᠲᠡ ᠶᠢ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠠ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠬᠦ ᠲᠠᠢ ᠤᠶᠠᠯᠳᠤᠭᠤᠯᠵᠤ᠂ ᠰᠤᠷᠭᠠᠨ ᠬᠥᠮᠦᠵᠢᠯ ᠤᠨ ᠴᠡᠭᠴᠡᠯᠡᠯᠲᠡ ᠶᠢᠨ ᠰᠠᠶᠢᠨ ᠦᠷ᠎ᠡ ᠪᠦᠲᠦᠮᠵᠢ ᠪᠠᠷ ᠨᠠᠮ ᠪᠣᠯᠤᠨ ᠠᠷᠠᠳ ᠲᠦᠮᠡᠨ ᠳᠤ ᠬᠠᠨᠤᠮᠵᠢᠲᠠᠢ ᠬᠠᠷᠢᠭᠤᠯᠲᠠ ᠶᠢᠨ ᠬᠠᠭᠤᠳᠠᠰᠤ ᠲᠤᠰᠢᠶᠠᠬᠤ ᠬᠡᠷᠡᠭᠳᠡᠢ᠃                   ᠤᠷᠴᠢᠭᠤᠯᠤᠭᠴᠢ᠄ ᠬᠠᠨ ᠰᠢᠶᠤᠤ ᠿᠦᠩ                   ᠬᠢᠨᠠᠭᠴᠢ᠄ ᠼᠦᠢ ᠶᠢᠩ
 
ᠢᠷᠡᠯᠲᠡ᠄ ᠠᠮᠢᠵᠢᠷᠠᠯ ᠪᠢᠯᠬᠠᠭᠰᠠᠨ ᠹᠧᠩᠵᠧᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3