| ᠪᠥᠬᠦ ᠤᠯᠤᠰ ᠤᠨ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠵᠣᠷᠢᠭ | ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ | ᠰᠢᠯᠢᠳᠡᠭᠵᠢᠭᠦᠯᠦᠨ᠂ ᠦᠢᠯᠡᠴᠢᠯᠡᠭᠡᠨ ᠤ ᠦᠢᠯᠡᠳᠦᠯ ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠬᠦ ᠶᠢᠨ | ᠲᠥᠯᠥᠭᠡ᠂ ᠹᠧᠩᠵᠧᠨ ᠬᠤᠲᠠ ᠶᠢᠨ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠬᠥᠳᠡᠭᠡ ᠲᠣᠰᠬᠤᠨ ᠤ | ᠰᠠᠭᠤᠭᠠᠯᠢ ᠠᠷᠠᠳ ᠤᠨ ᠡᠩ ᠤᠨ ᠡᠭᠦᠳᠡᠨ ᠡᠮᠨᠡᠯᠭᠡ ᠶᠢᠨ ᠨᠢᠭᠡᠳᠦᠯᠳᠡᠢ ᠲᠦᠯᠦᠪᠯᠡᠨ ᠵᠠᠷᠤᠳᠠᠯ ᠢᠶᠠᠨ ᠮᠡᠳᠡᠭᠦᠯᠬᠦ | ᠠᠵᠢᠯ ᠢ ᠯᠠᠪᠳᠠᠭᠤᠨ ᠢᠶᠠᠷ ᠳᠥᠯᠭᠢᠨ ᠠᠬᠢᠭᠤᠯᠪᠠ᠃ 2020 ᠣᠨ ᠳᠤ᠂ ᠪᠥᠬᠦ ᠬᠤᠲᠠ ᠶᠢᠨ 16 ᠰᠢᠶᠠᠩ | ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠪᠠ ᠬᠤᠲᠠ ᠶᠢᠨ ᠡᠮᠦᠨ᠎ᠡ ᠲᠣᠭᠤᠷᠢᠭ ᠤᠨ ᠨᠡᠶᠢᠭᠡᠮ ᠲᠣᠭᠤᠷᠢᠭ ᠤᠨ | ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠤᠨ ᠳᠠᠭᠠᠳᠬᠠᠯ ᠳᠤ ᠣᠷᠣᠯᠴᠠᠭᠰᠠᠨ ᠰᠠᠭᠤᠭᠠᠯᠢ ᠠᠷᠠᠳ ᠤᠨ | ᠡᠭᠦᠳᠡᠨ ᠡᠮᠨᠡᠯᠭᠡ ᠶᠢᠨ ᠨᠢᠭᠡᠳᠦᠯᠲᠡᠶ ᠲᠦᠯᠦᠪᠯᠡᠨ ᠵᠠᠷᠤᠳᠠᠯ ᠢᠶᠠᠨ ᠮᠡᠳᠡᠭᠦᠯᠬᠦ ᠰᠦᠢᠳᠭᠡᠯ ᠪᠦᠬᠦᠨ ᠢ ᠬᠢᠨᠠᠨ | ᠬᠠᠷᠭᠤᠭᠤᠯᠵᠤ ᠳ᠋ᠦᠩᠨᠡᠨ ᠪᠤᠳᠤᠬᠤ ᠶᠢᠨ ᠬᠠᠮᠲᠤ ᠵᠠᠷᠤᠳᠠᠯ ᠢ ᠱᠠᠭᠠᠷᠳᠠᠯᠭ᠎ᠠ ᠶᠢ ᠬᠦᠢᠴᠡᠳᠭᠡᠪᠡ᠃ ᠨᠡᠶᠢᠲᠡ | 76666 ᠬᠥᠮᠦᠨ ᠡᠮᠨᠡᠵᠦ᠂ ᠡᠭᠦᠳᠡᠨ ᠡᠮᠨᠡᠯᠭᠡ ᠶᠢᠨ ᠶᠡᠷᠦᠩᠬᠡᠶ ᠵᠠᠷᠤᠳᠠᠯ 7027637.32 ᠲᠥᠭᠦᠷᠢᠭ᠂ ᠡᠮ | ᠡᠮᠨᠡᠯᠭᠡ ᠶᠢᠨ ᠳᠠᠭᠠᠳᠬᠠᠯ ᠤᠨ ᠪᠣᠳᠠᠲᠠᠶ ᠮᠡᠳᠡᠭᠦᠯᠦᠭᠰᠡᠨ ᠵᠠᠷᠤᠳᠠᠯ ᠨᠢ 4269223.64 ᠲᠥᠭᠦᠷᠢᠭ ᠲᠤ ᠬᠦᠷᠴᠦ | ᠂ ᠳᠠᠭᠠᠳᠬᠠᠯ ᠳᠤ ᠣᠷᠣᠯᠴᠠᠭᠰᠠᠨ ᠬᠥᠮᠦᠰ ᠤᠨ ᠡᠷᠡᠭᠦᠯ ᠬᠠᠮᠠᠭᠠᠯᠠᠯ ᠤᠨ ᠬᠤᠷᠢᠶᠠᠨ ᠳᠤ ᠡᠮᠨᠡᠭᠦᠯᠦᠭᠰᠡᠨ | ᠵᠠᠷᠤᠳᠠᠯ ᠢᠶᠠᠨ ᠮᠡᠳᠡᠭᠦᠯᠦᠭᠰᠡᠨ ᠬᠠᠷᠢᠴᠠᠯ 60% ᠂ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠲᠤ | ᠡᠮᠨᠡᠭᠦᠯᠦᠭᠰᠡᠨ ᠵᠠᠷᠤᠳᠠᠯ ᠢᠶᠠᠨ ᠮᠡᠳᠡᠭᠦᠯᠦᠭᠰᠡᠨ ᠬᠠᠷᠢᠴᠠᠯ 70% ᠪᠠᠶᠢᠵᠦ᠂ ᠤᠯᠤᠰ ᠤᠨ ᠡᠮ ᠡᠮᠨᠡᠯᠭᠡ ᠶᠢᠨ | ᠳᠠᠭᠠᠳᠬᠠᠯ ᠤᠨ ᠲᠠᠷᠢᠶᠠᠴᠢᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠬᠥᠳᠡᠭᠡ ᠲᠣᠰᠬᠤᠨ ᠤ | ᠰᠠᠭᠤᠭᠠᠯᠢ ᠠᠷᠠᠳ ᠤᠨ ᠭᠡᠷ ᠪᠦᠯᠢ ᠳᠤ ᠲᠡᠷᠡ ᠬᠡᠪ ᠢᠶᠠᠷ ᠨᠢ ᠬᠦᠷᠭᠡᠵᠦ᠂ ᠥᠷᠭᠡᠨ ᠣᠯᠠᠨ ᠳᠠᠭᠠᠳᠬᠠᠯ ᠳᠤ | ᠣᠷᠣᠯᠴᠠᠭᠰᠠᠨ ᠬᠥᠮᠦᠰ ᠤᠨ ᠵᠣᠯ ᠵᠢᠷᠭᠠᠯᠲᠤ ᠲᠥᠷᠥᠭᠳᠡᠯ᠂ ᠬᠦᠷᠳᠡᠮᠵᠢ ᠶᠢᠨ ᠲᠦᠷᠦᠭᠳᠡᠯ ᠢ ᠨᠡᠮᠡᠭᠳᠡᠭᠦᠯᠪᠡ᠃ | | | ᠤᠷᠴᠢᠭᠤᠯᠤᠭᠴᠢ᠄ ᠬᠠᠨ ᠰᠢᠶᠤᠤ ᠿᠦᠩ | ᠬᠢᠨᠠᠭᠴᠢ᠄ ᠼᠦᠢ ᠶᠢᠩ |