| 4 ᠰᠠᠷ᠎ᠠ ᠶᠢᠨ 20 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ | ᠳᠤᠭᠤᠶᠢᠯᠠᠩ 2021 ᠣᠨ ᠤ ᠳᠣᠯᠣᠳᠤᠭᠠᠷ ᠤᠳᠠᠭ᠎ᠠ ᠶᠢᠨ ᠲᠥᠪᠯᠡᠷᠡᠭᠦᠯᠦᠨ ᠰᠤᠷᠤᠯᠴᠠᠬᠤ ᠬᠤᠷᠠᠯ | ᠬᠤᠷᠠᠯᠳᠤᠭᠤᠯᠵᠤ᠂ ᠨᠠᠮ ᠤᠨ ᠲᠡᠦᠬᠡ ᠶᠢ ᠰᠤᠷᠤᠯᠴᠠᠬᠤ ᠶᠢᠨ ᠬᠠᠮᠲᠤ ᠰᠠᠨᠠᠯ ᠢᠶᠠᠨ ᠰᠣᠯᠢᠯᠴᠠᠵᠤ ᠰᠤᠳᠤᠯᠤᠨ | ᠶᠠᠷᠢᠯᠴᠠᠪᠠ᠃ | | ᠬᠤᠳᠠ ᠶᠢᠨ ᠨᠠᠮ ᠤᠨ ᠬᠤᠷᠢᠶᠠᠨ ᠤ ᠱᠦᠵᠢ ᠸᠠᠩ ᠵᠧᠨ ᠬᠠᠢ᠂ ᠬᠤᠳᠠ ᠶᠢᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠠᠩ ᠵᠢᠶᠦ᠋ᠨ ᠲᠤᠤ ᠵᠡᠷᠭᠡ | ᠬᠤᠳᠠ ᠶᠢᠨ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠪᠦᠷᠢᠯᠳᠦᠬᠦᠨ | ᠰᠤᠷᠤᠯᠴᠠᠯᠭ᠎ᠠ ᠶᠢᠨ ᠬᠤᠷᠠᠯ ᠳᠤ ᠣᠷᠣᠯᠴᠠᠪᠠ᠃ ᠸᠠᠩ ᠵᠧᠨ ᠬᠠᠢ ᠰᠤᠷᠤᠯᠴᠠᠯᠭ᠎ᠠ ᠶᠢᠨ ᠬᠤᠷᠠᠯ ᠢ ᠡᠷᠬᠢᠯᠡᠪᠡ᠃ | ᠬᠤᠷᠠᠯ ᠳᠡᠭᠡᠷ᠎ᠡ᠂ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ | ᠳᠠᠷᠤᠭ᠎ᠠ ᠸᠧᠢ ᡁᠢ ᠵᠢᠶᠦ᠋ᠨ ᠰᠢᠨ᠎ᠡ ᠠᠷᠠᠳᠴᠢᠯᠠᠭᠰᠠᠨ ᠬᠤᠪᠢᠰᠬᠠᠯ ᠤᠨ ᠦᠶ᠎ᠡ ᠶᠢᠨ ᠲᠡᠦᠬᠡ ᠶᠢ ᠲᠠᠭᠠᠭᠤᠯᠤᠨ | ᠰᠤᠷᠤᠯᠴᠠᠪᠠ︔ ᠬᠤᠷᠠᠯ ᠳᠤ ᠣᠷᠣᠯᠴᠠᠭᠰᠠᠳ ᠰᠢᠨ᠎ᠡ ᠠᠷᠠᠳᠴᠢᠯᠠᠭᠰᠠᠨ ᠬᠤᠪᠢᠰᠬᠠᠯ ᠤᠨ ᠦᠶ᠎ᠡ ᠶᠢᠨ ᠲᠡᠦᠬᠡ ᠶᠢᠨ | ᠲᠣᠭᠤᠷᠢᠨ ᠳᠤ ᠰᠣᠯᠢᠯᠴᠠᠭ᠎ᠠ ᠬᠢᠵᠦ ᠰᠤᠳᠤᠯᠤᠨ ᠶᠠᠷᠢᠯᠴᠠᠪᠠ︔ ᠰᠤᠷᠤᠯᠴᠠᠯᠭ᠎ᠠ ᠶᠢᠨ ᠬᠤᠷᠠᠯ ᠳᠡᠭᠡᠷ᠎ᠡ ᠪᠠᠰᠠ ᠰᠢᠨ᠎ᠡ | ᠠᠷᠠᠳᠴᠢᠯᠠᠭᠰᠠᠨ ᠬᠤᠪᠢᠰᠬᠠᠯ ᠤᠨ ᠦᠶ᠎ᠡ ᠶᠢᠨ ᠲᠡᠦᠬᠡ ᠶᠢᠨ ᠲᠤᠰᠬᠠᠶ ᠰᠡᠳᠦᠪᠲᠦ ᠰᠢᠯᠭᠠᠯᠲᠠ ᠶᠠᠪᠤᠭᠤᠯᠪᠠ᠃ | ᠰᠤᠷᠤᠯᠴᠠᠯᠭ᠎ᠠ ᠶᠢᠨ ᠬᠤᠷᠠᠯ ᠠᠴᠠ ᠴᠢᠬᠤᠯᠠᠴᠢᠯᠠᠨ ᠵᠢᠭᠠᠵᠤ ᠭᠠᠷᠭᠠᠭᠰᠠᠨ ᠨᠢ᠂ ᠰᠢᠨ᠎ᠡ ᠠᠷᠠᠳᠴᠢᠯᠠᠭᠰᠠᠨ | ᠬᠤᠪᠢᠰᠬᠠᠯ ᠤᠨ ᠦᠶ᠎ᠡ ᠶᠢᠨ ᠲᠡᠦᠬᠡ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠮᠡᠨᠳᠦᠯᠡᠭᠰᠡᠨ ᠠᠴᠠ ᠰᠢᠨ᠎ᠡ | ᠳᠤᠮᠳᠠᠳᠤ ᠤᠯᠤᠰ ᠢ ᠪᠠᠶᠢᠭᠤᠯᠬᠤ ᠬᠦᠷᠲᠡᠯᠡᠬᠢ ᠲᠡᠦᠬᠡ ᠮᠥᠨ᠂ ᠮᠠᠨ ᠤ ᠨᠠᠮ ᠠᠯᠬᠤᠮ ᠠᠯᠬᠤᠮ ᠢᠶᠠᠷ ᠪᠠᠭ᠎ᠠ ᠠᠴᠠ | ᠶᠡᠭᠡ᠂ ᠪᠠᠭᠤᠷᠠᠶ ᠠᠴᠠ ᠬᠦᠴᠦᠷᠬᠡᠭ ᠪᠤᠯᠵᠤ᠂ ᠲᠠᠰᠤᠷᠠᠯᠳᠠ ᠦᠭᠡᠢ ᠢᠯᠠᠯᠲᠠ ᠠᠴᠠ ᠨᠡᠩ ᠶᠡᠭᠡ ᠢᠯᠠᠯᠲᠠ ᠵᠦᠭ | ᠤᠷᠤᠭᠰᠢᠯᠠᠭᠰᠠᠨ ᠦᠢᠯᠡᠰ ᠪᠣᠰᠬᠠᠭᠰᠠᠨ ᠲᠡᠦᠬᠡ᠂ ᠡᠷᠡᠯᠬᠡᠭᠯᠡᠨ ᠤᠷᠤᠭᠰᠢᠯᠠᠭᠰᠠᠨ ᠲᠡᠦᠬᠡ ᠮᠥᠨ᠂ ᠮᠠᠨ ᠤ ᠨᠠᠮ | ᠳᠤᠮᠳᠠᠳᠤ ᠤᠯᠤᠰ ᠤᠨ ᠠᠷᠠᠳ ᠲᠦᠮᠡᠨ ᠢ ᠳᠠᠭᠠᠭᠤᠯᠤᠨ ︽ᠭᠤᠷᠪᠠᠨ ᠶᠡᠭᠡ ᠠᠭᠤᠯᠠ︾ ᠶᠢ ᠲᠦᠯᠬᠢᠨ ᠤᠨᠠᠭᠠᠵᠤ᠂ | ᠦᠨᠳᠦᠰᠦᠲᠡᠨ ᠤ ᠲᠤᠰᠠᠭᠠᠷ ᠲᠣᠭᠲᠠᠨᠢᠯ ᠪᠠ ᠠᠷᠠᠳ ᠲᠦᠮᠡᠨ ᠤ ᠴᠢᠯᠥᠭᠡᠯᠡᠯᠲᠡ ᠶᠢ ᠪᠡᠶᠡᠯᠡᠭᠦᠯᠦᠭᠰᠡᠨ ᠲᠡᠮᠡᠴᠡᠯ ᠤᠨ | ᠲᠡᠦᠬᠡ ᠮᠥᠨ᠃ ᠡᠨᠡ ᠬᠡᠰᠡᠭ ᠲᠡᠦᠬᠡ ᠶᠢ ᠡᠷᠭᠢᠴᠡᠭᠦᠯᠬᠦ ᠪᠠᠷ ᠳᠠᠮᠵᠢᠭᠤᠯᠤᠨ᠂ ᠤᠯᠠᠭᠠᠨ ᠵᠠᠰᠠᠭ ᠢ ᠲᠡᠶᠢᠮᠦ | ᠬᠢᠯᠪᠠᠷᠬᠠᠨ ᠢᠶᠠᠷ ᠣᠯᠤᠭᠰᠠᠨ ᠪᠢᠰᠢ᠂ ᠰᠢᠨ᠎ᠡ ᠳᠤᠮᠳᠠᠳᠤ ᠤᠯᠤᠰ ᠢ ᠲᠡᠶᠢᠮᠦ ᠬᠢᠯᠪᠠᠷᠬᠠᠨ ᠢᠶᠠᠷ ᠣᠯᠤᠭᠰᠠᠨ ᠪᠢᠰᠢ᠂ | ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠢ ᠲᠡᠶᠢᠮᠦ ᠬᠢᠯᠪᠠᠷᠬᠠᠨ ᠢᠶᠠᠷ ᠣᠯᠤᠭᠰᠠᠨ ᠪᠢᠰᠢ ᠭᠡᠳᠡᠭ ᠢ | ᠨᠡᠩ ᠭᠦᠨᠵᠡᠭᠡᠶ ᠲᠠᠨᠢᠵᠤ ᠤᠯᠪᠠ᠃ ᠲᠡᠦᠬᠡ ᠰᠤᠷᠤᠯᠴᠠᠨ ᠶᠣᠰᠣ ᠤᠴᠢᠷ ᠢ ᠮᠡᠳᠡᠬᠦ ᠶᠢ ᠪᠠᠷᠢᠮᠲᠠᠯᠠᠵᠤ᠂ ᠦᠵᠡᠯ | ᠰᠠᠨᠠᠭᠠᠨ ᠤ ᠵᠠᠯᠠᠭᠤᠷ ᠢ ᠯᠠᠪᠳᠠᠭᠤᠨ ᠡᠵᠡᠮᠳᠡᠨ᠎ᠡ︔ ᠲᠡᠦᠬᠡ ᠰᠤᠷᠤᠯᠴᠠᠨ ᠢᠲᠡᠭᠡᠯᠴᠡᠭᠡ ᠪᠠᠨ ᠨᠡᠮᠡᠭᠳᠡᠭᠦᠯᠬᠦ ᠶᠢ | ᠪᠠᠷᠢᠮᠲᠠᠯᠠᠵᠤ᠂ ᠢᠲᠡᠭᠡᠯ ᠪᠢᠰᠢᠷᠡᠯ ᠤᠨ ᠰᠠᠭᠤᠷᠢ ᠶᠢ ᠪᠠᠲᠤ ᠴᠣᠭᠴᠠᠯᠠᠨ᠎ᠠ︔ ᠲᠡᠦᠬᠡ ᠰᠤᠷᠤᠯᠴᠠᠨ ᠶᠣᠰᠣ | ᠰᠤᠷᠲᠠᠬᠤᠨ ᠢ ᠡᠷᠬᠢᠮᠯᠡᠬᠦ ᠶᠢ ᠪᠠᠷᠢᠮᠲᠠᠯᠠᠵᠤ᠂ ᠤᠯᠤᠰ ᠲᠦᠷᠦ ᠶᠢᠨ ᠤᠤᠷ ᠴᠢᠨᠠᠷ ᠢᠶᠠᠨ ᠡᠭᠦᠷᠢᠳᠡ ᠬᠠᠳᠠᠭᠠᠯᠠᠨ᠎ᠠ︔ | ᠲᠡᠦᠬᠡ ᠰᠤᠷᠤᠯᠴᠠᠨ ᠴᠢᠷᠮᠠᠶᠢᠨ ᠠᠵᠢᠯᠯᠠᠬᠤ ᠶᠢ ᠪᠠᠷᠢᠮᠲᠠᠯᠠᠵᠤ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠨ ᠠᠵᠢᠯ | ᠦᠢᠯᠡᠰ ᠪᠦᠳᠦᠭᠡᠨ᠎ᠡ᠃ ᠪᠦᠬᠦ ᠬᠤᠲᠠ ᠶᠢᠨ ᠥᠷᠭᠡᠨ ᠣᠯᠠᠨ ᠨᠠᠮ ᠤᠨ ᠭᠡᠰᠢᠭᠦᠨ ᠤᠳᠤᠷᠢᠳᠬᠤ ᠺᠠᠳ᠋ᠷ ᠨᠠᠮ ᠤᠨ | ᠲᠡᠦᠬᠡᠨ ᠳᠤ ᠠᠴᠢᠶᠠᠯᠠᠭᠰᠠᠨ ᠬᠤᠪᠢᠰᠬᠠᠯ ᠤᠨ ᠭᠧᠨ ᠪᠠ ᠣᠶᠤᠨ ᠰᠠᠨᠠᠭᠠᠨ ᠤ ᠰᠢᠰᠲ᠋ᠧᠮ ᠢ ᠭᠦᠨᠵᠡᠭᠡᠶ ᠣᠶᠢᠯᠠᠭᠠᠵᠤ᠂ | ᠬᠤᠪᠢᠰᠬᠠᠯ ᠤᠨ ᠠᠬᠠᠮᠠᠳ ᠦᠶ᠎ᠡ ᠶᠢᠨ ᠢᠷᠠᠭᠤ ᠠᠯᠳᠠᠷᠲᠤ ᠤᠯᠠᠮᠵᠢᠯᠠᠯ ᠢ ᠵᠠᠯᠭᠠᠮᠵᠢᠯᠠᠨ ᠪᠠᠳᠠᠷᠠᠭᠤᠯᠵᠤ᠂ | ᠬᠤᠪᠢᠰᠬᠠᠯ ᠤᠨ ᠵᠣᠷᠢᠭ ᠰᠠᠨᠠᠭ᠎ᠠ ᠶᠢ ᠡᠳᠦᠷ ᠳᠤᠳᠤᠮ ᠤᠨ ᠠᠵᠢᠯ ᠳᠠᠭᠠᠨ ᠠᠭᠤᠰᠤᠯᠴᠠᠭᠤᠯᠵᠤ᠂ ᠪᠣᠳᠠᠲᠠᠢ | ᠬᠠᠲᠠᠭᠤᠵᠢᠯᠲᠠᠢ ᠠᠵᠢᠯᠯᠠᠵᠤ᠂ ᠦᠷᠭᠦᠯᠵᠢᠯᠡᠨ ᠲᠡᠮᠡᠴᠡᠵᠦ᠂ ᠶᠡᠭᠡ ᠲᠠᠯ᠎ᠠ ᠶᠢᠨ ᠶᠡᠭᠡ ᠬᠠᠨᠳᠤᠰᠢ ᠶᠢ ᠡᠵᠡᠮᠳᠡᠬᠦ᠂ | ᠠᠶᠤᠯ ᠲᠦᠭᠰᠢᠭᠦᠷᠢ ᠥᠷᠢᠰᠥᠯᠳᠦᠭᠡᠨ ᠢ ᠠᠷᠭᠠᠴᠠᠬᠤ᠂ ᠪᠣᠳᠠᠲᠠᠢ ᠠᠵᠢᠯ ᠢ ᠠᠬᠢᠭᠤᠯᠬᠤ ᠴᠢᠳᠠᠪᠤᠷᠢ ᠲᠦᠪᠰᠢᠨ ᠢᠶᠠᠨ | ᠲᠠᠰᠤᠷᠠᠯᠲᠠ ᠦᠭᠡᠢ ᠳᠡᠭᠡᠭᠰᠢᠯᠡᠭᠦᠯᠵᠦ᠂ ᠰᠢᠨ᠎ᠡ ᠴᠠᠭ ᠦᠶ᠎ᠡ ᠶᠢᠨ ᠡᠭᠦᠷᠭᠡᠯᠡᠯ ᠬᠠᠷᠢᠭᠤᠴᠠᠯᠭ᠎ᠠ ᠪᠠᠷ ᠰᠢᠨ᠎ᠡ ᠭᠡᠷᠡᠯ | ᠰᠠᠴᠤᠷᠠᠩᠭᠤᠢ ᠠᠮᠵᠢᠯᠲᠠ ᠪᠦᠲᠦᠮᠵᠢ ᠭᠠᠷᠭᠠᠵᠤ᠂ ᠠᠭᠤᠤ ᠶᠡᠭᠡ ︽ᠳᠤᠮᠳᠠᠳᠤ ᠶᠢᠨ ᠵᠡᠭᠦᠳᠦ︾ ᠶᠢ | ᠲᠡᠷᠭᠡᠯᠰᠢᠭᠦᠯᠬᠦ ᠶᠢᠨ ᠲᠥᠯᠥᠭᠡ ᠴᠥᠬᠦᠷᠡᠰᠢ ᠦᠭᠡᠢ ᠴᠢᠷᠮᠠᠶᠢᠨ ᠲᠡᠮᠡᠴᠡᠬᠦ ᠬᠡᠷᠡᠭᠲᠡᠢ᠃ | | | ᠨᠠᠶᠢᠷᠠᠭᠤᠯᠤᠭᠴᠢ᠄ ᠯᠢ ᠰᠧ ᠬᠤᠢ | ᠤᠷᠴᠢᠭᠤᠯᠤᠬᠴᠢ᠄ ᠬᠠᠨ ᠰᠢᠶᠤᠤ ᠿᠦᠩ | ᠬᠢᠨᠠᠬᠴᠢ᠄ ᠼᠦᠢ ᠶᠢᠩ |