| ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠢ ᠥᠷᠨᠢᠭᠦᠯᠵᠦ᠂ ︽ᠪᠢ ᠤᠯᠠᠨ ᠲᠦᠮᠡᠨ ᠳᠤ | ᠪᠣᠳᠠᠲᠠᠢ ᠶᠠᠪᠤᠳᠠᠯ ᠬᠢᠵᠦ ᠥᠭᠬᠦ︾ ᠠᠵᠢᠯᠯᠠᠭ᠎ᠠ ᠶᠢ ᠭᠦᠨᠵᠡᠭᠡᠢ ᠪᠥᠭᠡᠳ ᠪᠣᠳᠠᠲᠠᠢ ᠬᠢᠬᠦ ᠶᠢ ᠠᠬᠢᠭᠤᠯᠬᠤ ᠶᠢᠨ | ᠲᠥᠯᠥᠭᠡ᠂ ᠤᠢᠢᠷ᠎ᠠ ᠳᠤ᠂ ᠹᠸᠩᠵᠸᠨ ᠬᠤᠳᠠ ᠶᠢᠨ ᠵᠠᠰᠠᠭ ᠤᠨ ᠣᠷᠳᠣᠨ ᠤ ᠠᠯᠪᠠᠨ ᠭᠡᠷ ᠤᠨ ᠠᠵᠢᠯᠲᠠᠳ ︽ | 12345︾ ᠵᠠᠰᠠᠭ ᠤᠨ ᠣᠷᠳᠣᠨ ᠤ ᠠᠷᠠᠳ ᠲᠤ ᠲᠦᠬᠦᠮ ᠦᠵᠡᠭᠦᠯᠬᠦ ᠬᠠᠯᠠᠮᠰᠢᠯ ᠤᠲᠠᠰᠤ ᠪᠣᠯᠤᠨ ᠬᠤᠳᠠ ᠶᠢᠨ | ᠳᠠᠷᠤᠭ᠎ᠠ ᠶᠢᠨ ᠵᠠᠬᠢᠳᠠᠯ ᠤᠨ ᠬᠠᠶᠢᠷᠴᠠᠭ ᠲᠤ ᠲᠦᠰᠢᠭᠯᠡᠨ᠂ ᠠᠵᠤ ᠦᠢᠯᠡᠳᠪᠦᠷᠢ ᠶᠢᠨ ᠲᠣᠭᠤᠷᠢᠭ᠂ ᠵᠢᠤᠢ ᠪᠦᠦ | ᠵᠤᠸᠠᠩ᠂ ᠬᠠᠭᠤᠴᠢᠨ ᠬᠤᠳᠠ ᠲᠣᠭᠤᠷᠢᠭ᠂ ᠰᠢᠨ᠎ᠡ ᠬᠤᠳᠠ ᠲᠣᠭᠤᠷᠢᠭ ᠵᠡᠷᠭᠡ ᠭᠠᠵᠠᠷ ᠢᠶᠠᠷ ᠭᠦᠨᠵᠡᠭᠡᠶᠢᠷᠡᠵᠦ᠂ | ᠤᠯᠠᠨ ᠲᠦᠮᠡᠨ ᠤ ᠲᠤᠰᠬᠠᠭᠰᠠᠨ ᠠᠰᠠᠭᠤᠳᠠᠯ ᠢ ᠪᠣᠳᠠᠲᠠᠢ ᠭᠠᠵᠠᠷ ᠲᠤᠨᠢ ᠤᠢᠢᠯᠠᠭᠠᠭᠰᠠᠨ ᠪᠥᠭᠡᠳ ᠨᠠᠷᠢᠨ ᠬᠢᠨᠠᠮᠠᠭᠠᠢ | ᠵᠣᠬᠢᠴᠠᠭᠤᠯᠤᠨ ᠰᠢᠢᠳᠪᠦᠷᠢᠯᠡᠪᠡ᠃ | | ᠬᠠᠭᠤᠴᠢᠨ ᠬᠤᠳᠠ ᠲᠣᠭᠤᠷᠢᠭ ᠤᠨ ᠳ᠋ᠦᠩ ᠵᠢᠤᠢ ᠴᠢᠶᠠᠩ ᠨᠡᠶᠢᠭᠡᠮ ᠲᠣᠭᠤᠷᠢᠭ ᠲᠤ᠂ ᠰᠠᠭᠤᠭᠠᠯᠢ | ᠠᠷᠠᠳ ᠤᠨ ᠲᠤᠰᠬᠠᠭᠰᠠᠨ ᠢᠶᠠᠷ᠂ ᠹᠸᠩᠬᠤᠸᠠ ᠪᠠᠭ᠎ᠠ ᠰᠤᠷᠭᠠᠭᠤᠯᠢ ᠶᠢᠨ ᠤᠢᠢᠷ᠎ᠠ ᠬᠠᠪᠢ ᠶᠢᠨ ᠤᠯᠠᠨ ᠭᠠᠵᠠᠷ ᠲᠤ | ᠤᠰᠤ ᠬᠤᠷᠠᠵᠤ᠂ ᠡᠷᠬᠢᠨ ᠲᠣᠭᠤᠷᠢᠨ ᠤ ᠰᠠᠭᠤᠭᠠᠯᠢ ᠠᠷᠠᠳ ᠤᠨ ᠶᠠᠪᠤᠵᠤ ᠰᠠᠭᠤᠬᠤ ᠪᠠ ᠲᠠᠷᠢᠶ᠎ᠠ ᠲᠦᠮᠦᠰᠦ | ᠭᠠᠷᠭᠠᠬᠤ ᠳᠤᠨᠢ ᠪᠦᠷ ᠬᠠᠷᠰᠢ ᠰᠠᠭᠠᠳ ᠪᠤᠯᠪᠠ᠃ ᠵᠠᠰᠠᠭ ᠤᠨ ᠣᠷᠳᠣᠨ ᠤ ᠠᠯᠪᠠᠨ ᠬᠡᠷ ᠤᠨ ᠠᠵᠢᠯᠲᠠᠳ ︽ᠣᠯᠠᠨ | ᠲᠦᠮᠡᠨ ᠤ ᠠᠰᠢᠭ ᠲᠤᠰᠠ ᠳᠤ ᠪᠠᠭ᠎ᠠ ᠶᠠᠪᠤᠳᠠᠯ ᠭᠡᠵᠦ ᠥᠬᠡᠶ︾ ᠭᠡᠬᠦ ᠣᠪᠣᠷ ᠢᠶᠠᠷ᠂ ᠬᠠᠭᠤᠴᠢᠨ ᠬᠤᠲᠠ | ᠲᠣᠭᠤᠷᠢᠭ ᠤᠨ ᠬᠡᠷᠡᠭ ᠡᠷᠬᠢᠯᠡᠬᠦ ᠭᠠᠵᠠᠷ ᠤᠨ ᠬᠠᠮᠢᠶ᠎ᠠ ᠪᠥᠬᠦᠶ ᠬᠥᠮᠦᠰ ᠲᠠᠢ ᠵᠣᠬᠢᠴᠠᠭᠤᠯᠤᠨ ᠲᠤᠬᠠᠶ ᠶᠢᠨ | ᠭᠠᠵᠠᠷ ᠲᠤᠨᠢ ᠪᠠᠶᠢᠴᠠᠭᠠᠨ ᠦᠵᠡᠵᠦ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ | ᠰᠠᠯᠠᠭ᠎ᠠ ᠮᠥᠴᠢᠷ ᠲᠠᠢ ᠴᠠᠭ ᠲᠤᠬᠠᠶ ᠳᠤᠨᠢ ᠬᠠᠷᠢᠯᠴᠠᠵᠤ ᠪᠤᠵᠠᠷ ᠤᠰᠤᠨ ᠤ ᠬᠤᠭᠤᠯᠠᠶ ᠶᠢᠨ ᠱᠤᠭᠤᠮ ᠢ | ᠨᠡᠪᠲᠡᠷᠡᠭᠦᠯᠵᠦ᠂ ᠣᠯᠠᠨ ᠲᠦᠮᠡᠨ ᠤ ᠶᠠᠪᠤᠵᠤ ᠰᠠᠭᠤᠬᠤ ᠳᠤ ᠬᠦᠴᠢᠷ᠂ ᠲᠠᠷᠢᠶ᠎ᠠ ᠳᠠᠷᠢᠬᠤ ᠳᠤ ᠬᠦᠴᠢᠷ ᠠᠰᠠᠭᠤᠳᠠᠯ ᠢ | ᠰᠢᠢᠳᠪᠦᠷᠢᠯᠡᠭᠰᠡᠨ ᠪᠥᠭᠡᠳ ᠬᠤᠲᠠ ᠶᠢᠨ ︽ᠪᠣᠬᠢᠷ ᠦᠮᠡᠬᠡᠶ ᠤᠰᠤᠨ ᠴᠣᠭᠴᠠ︾ ᠪᠦᠷᠢᠯᠳᠦᠬᠦ ᠠᠴᠠ ᠵᠠᠶᠢᠯᠠᠰᠬᠢᠨ᠂ | ᠰᠠᠭᠤᠭᠠᠯᠢ ᠠᠷᠠᠳ ᠤᠨ ᠠᠮᠢᠳᠤᠷᠠᠯ ᠢ ᠬᠡᠪ ᠤᠨ ᠪᠠᠶᠢᠳᠠᠯ ᠳᠤ ᠤᠷᠤᠭᠤᠯᠪᠠ᠃ | ᠬᠠᠭᠤᠴᠢᠨ ᠬᠤᠲᠠ ᠲᠣᠭᠤᠷᠢᠭ ᠤᠨ ᠤᠤᠯ ᠤᠨ ᠮᠠ ᠴᠢᠶᠣᠤ ᠵᠡᠭᠡᠯᠢ ᠶᠢᠨ ᠪᠠᠭ᠎ᠠ ᠰᠤᠷᠭᠠᠭᠤᠯᠢ ᠶᠢᠨ | ᠬᠠᠪᠢ ᠶᠢᠨ ᠰᠠᠭᠤᠭᠠᠯᠢ ᠠᠷᠠᠳ ᠤᠨ ᠲᠤᠰᠬᠠᠭᠰᠠᠨ ᠢᠶᠠᠷ᠂ ᠣᠷᠣᠨ ᠰᠠᠭᠤᠴᠠ ᠶᠢᠨ ᠠᠰᠠᠷ ᠢ ᠤᠳᠠᠭᠠᠨ ᠵᠢᠯ | ᠵᠠᠰᠠᠭᠰᠠᠨ ᠦᠭᠡᠶ᠂ ᠣᠷᠣᠶ ᠶᠢᠨ ᠠᠰᠠᠷ ᠤᠨ ᠬᠠᠪᠲᠠᠰᠤ ᠬᠡᠷᠡᠮ ᠤᠨ ᠬᠠᠯᠢᠰᠤ ᠨᠢ ᠨᠡᠶᠢᠳᠠᠮ ᠬᠠᠭᠠᠷᠠᠨ ᠤᠨᠠᠵᠤ᠂ | ᠮᠠᠰᠢ ᠶᠡᠭᠡ ᠠᠮᠤᠷ ᠲᠦᠪᠰᠢᠨ ᠤ ᠳᠠᠯᠳᠠ ᠭᠡᠮ ᠣᠷᠣᠰᠢᠵᠤ ᠪᠠᠶᠢᠨ᠎ᠠ᠃ ᠵᠠᠰᠠᠭ ᠤᠨ ᠣᠷᠳᠣᠨ ᠤ ᠠᠯᠪᠠᠨ ᠬᠡᠷ ᠤᠨ | ᠠᠵᠢᠯᠲᠠᠳ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠢ | ᠵᠣᠬᠢᠴᠠᠭᠤᠯᠤᠨ ᠲᠤᠬᠠᠶ ᠶᠢᠨ ᠭᠠᠵᠠᠷ ᠲᠤᠨᠢ ᠣᠶᠢᠯᠠᠭᠠᠭᠰᠠᠨ ᠢᠶᠠᠷ᠂ ᠲᠣᠰ ᠭᠠᠵᠠᠷ ᠤᠨ ᠣᠷᠣᠨ ᠰᠠᠭᠤᠴᠠ ᠶᠢᠨ | ᠠᠰᠠᠷ ᠢ ᠨᠢᠭᠡᠨᠲᠡ ᠰᠡᠯᠪᠢᠨ ᠵᠠᠰᠠᠬᠤ ᠲᠥᠯᠥᠪᠯᠡᠭᠡ ᠳᠤ ᠣᠷᠣᠭᠤᠯᠤᠭᠰᠠᠨ ᠪᠣᠯᠬᠤᠷ ᠪᠣᠳᠠᠲᠠᠶ ᠪᠠᠶᠢᠳᠠᠯ ᠢ | ᠦᠨᠳᠦᠰᠦᠯᠡᠨ ᠴᠠᠭ ᠲᠤᠬᠠᠶ ᠳᠤᠨᠢ ᠰᠡᠯᠪᠢᠨ ᠵᠠᠰᠠᠨ᠎ᠠ᠃ | | ᠠᠵᠤ ᠦᠢᠯᠡᠳᠪᠦᠷᠢ ᠶᠢᠨ ᠲᠣᠭᠤᠷᠢᠭ ᠤᠨ ᠲᠦᠸᠧ ᠰᠢᠤ ᠯᠦ ᠨᠡᠶᠢᠭᠡᠮ ᠲᠣᠭᠤᠷᠢᠭ ᠤᠨ ᠨᠢᠭᠡᠳᠦᠭᠡᠷ ᠳᠤᠮᠳᠠᠳᠤ | ᠰᠤᠷᠭᠠᠭᠤᠯᠢ ᠶᠢᠨ ᠲᠠᠷᠢᠶᠠᠯᠠᠩ ᠤᠨ ᠲᠠᠯᠠᠪᠠᠢ ᠶᠢᠨ ᠪᠠᠶᠢᠰᠢᠩ ᠤᠨ ᠲᠣᠭᠤᠷᠢᠭ ᠵᠢᠴᠢ ᠵᠢᠤᠢ ᠪᠦᠦ ᠵᠤᠸᠠᠩ | ᠪᠠᠯᠭᠠᠰᠤ ᠶᠢᠨ ᠵᠢᠦ ᠳ᠋ᠦᠨ ᠭᠸᠤ ᠲᠣᠰᠬᠤᠨ ᠳᠤ᠂ ᠰᠠᠭᠤᠭᠠᠯᠢ ᠠᠷᠠᠳ ᠤᠨ ᠥᠪᠡᠷ ᠢᠶᠠᠨ ᠪᠠᠶᠢᠭᠤᠯᠤᠭᠰᠠᠨ ᠤᠰᠤᠨ | ᠬᠤᠳᠳᠤᠭ ᠤᠨ ᠤᠰᠤᠨ ᠤ ᠴᠢᠨᠠᠷ ᠮᠠᠭᠤ᠂ ᠲᠦᠭᠡᠭᠡᠯ ᠤᠰᠤ ᠤᠭᠰᠠᠷᠠᠬᠤ ᠶᠢ ᠬᠦᠰᠡᠵᠦ ᠪᠠᠶᠢᠬᠤ ᠪᠠᠶᠢᠳᠠᠯ ᠢ | ᠬᠤᠲᠠ ᠶᠢᠨ ᠳᠠᠷᠤᠭ᠎ᠠ ᠶᠢᠨ ᠵᠠᠬᠢᠳᠠᠯ ᠤᠨ ᠬᠠᠶᠢᠷᠴᠠᠭ ᠢᠶᠠᠷ ᠳᠡᠮᠵᠢᠨ ᠣᠶᠢᠯᠠᠭᠠᠭᠰᠠᠨ ᠤ ᠳᠠᠷᠠᠭ᠎ᠠ᠂ ᠵᠠᠰᠠᠭ ᠤᠨ | ᠣᠷᠳᠣᠨ ᠤ ᠠᠯᠪᠠᠨ ᠬᠡᠷ ᠤᠨ ᠠᠵᠢᠯᠲᠠᠳ ᠲᠡᠷᠡ ᠳᠠᠷᠤᠶ ᠳᠤᠨᠢ ᠲᠦᠭᠡᠭᠡᠯ ᠤᠰᠤᠨ ᠤ ᠺᠣᠮᠫᠠᠨᠢ ᠲᠠᠢ ᠬᠠᠷᠢᠯᠴᠠᠨ | ᠤᠰᠤᠨ ᠤ ᠴᠢᠨᠠᠷ ᠢ ᠪᠠᠶᠢᠴᠠᠭᠠᠨ ᠦᠵᠡᠵᠦ᠂ ᠬᠤᠳᠳᠤᠭ ᠤᠨ ᠤᠰᠤᠨ ᠤ ᠥᠯᠢᠭᠡᠷ ᠡᠳ᠋ ᠢ ᠠᠪᠤᠭᠰᠠᠨ ᠤ ᠳᠠᠷᠠᠭ᠎ᠠ᠂ | ᠤᠰᠤᠨ ᠠᠰᠢᠭᠯᠠᠯᠲᠠ ᠶᠢᠨ ᠰᠠᠯᠠᠭ᠎ᠠ ᠮᠥᠴᠢᠷ ᠢ ᠢᠳᠡᠪᠬᠢᠲᠡᠶ ᠵᠣᠬᠢᠴᠠᠭᠤᠯᠵᠤ ᠪᠠᠶᠢᠭᠠᠳ ᠭᠤᠷᠪᠠᠳᠠᠬᠢ ᠡᠲᠡᠭᠡᠳ ᠢ | ᠤᠷᠢᠵᠤ ᠤᠰᠤᠨ ᠤ ᠴᠢᠨᠠᠷ ᠤᠨ ᠰᠢᠯᠭᠠᠨ ᠪᠠᠶᠢᠴᠠᠭᠠᠯᠲᠠ ᠬᠢᠯᠭᠡᠵᠦ᠂ ᠣᠯᠠᠨ ᠲᠦᠮᠡᠨ ᠤ ᠠᠩᠬᠠᠷᠴᠤ ᠪᠠᠶᠢᠭ᠎ᠠ | ᠠᠰᠠᠭᠤᠳᠠᠯ ᠳᠤ ᠴᠠᠭ ᠲᠤᠬᠠᠶ ᠳᠤᠨᠢ ᠬᠠᠷᠢᠭᠤ ᠦᠭᠴᠦ ᠣᠯᠠᠨ ᠲᠦᠮᠡᠨ ᠳᠤ ᠲᠦᠭᠡᠭᠡᠯ ᠤᠰᠤ ᠶᠢ ᠡᠷᠲᠡᠬᠡᠨ | ᠬᠡᠷᠡᠭᠯᠡᠭᠦᠯᠬᠦ ᠶᠢᠨ ᠲᠥᠯᠥᠭᠡ᠂ ᠣᠳᠣᠬᠠᠨ ᠳᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠰᠠᠯᠠᠭ᠎ᠠ ᠮᠥᠴᠢᠷ ᠵᠢᠴᠢ ᠠᠵᠤ ᠦᠢᠯᠡᠳᠪᠦᠷᠢ ᠶᠢᠨ ᠲᠣᠭᠤᠷᠢᠭ ᠤᠨ ᠬᠡᠷᠡᠭ ᠡᠷᠬᠢᠯᠡᠬᠦ ᠭᠠᠵᠠᠷ | ᠶᠠᠭ ᠡᠮᠦᠨᠡᠬᠢ ᠬᠤᠭᠤᠴᠠᠭᠠᠨ ᠤ ᠪᠠᠶᠢᠴᠠᠭᠠᠨ ᠰᠤᠳᠤᠯᠤᠯᠲᠠ ᠪᠠ ᠦᠨᠡᠯᠡᠨ ᠵᠢᠱᠢᠯᠲᠡ ᠶᠢ ᠢᠳᠡᠪᠬᠢᠲᠡᠶ ᠦᠷᠨᠢᠬᠦᠯᠵᠦ | ᠪᠠᠶᠢᠨ᠎ᠠ᠃ | ᠰᠢᠨ᠎ᠡ ᠬᠤᠲᠠ ᠲᠣᠭᠤᠷᠢᠭ ᠤᠨ ᠱᠠᠩ ᠬᠠᠢ ᠴᠸᠩ ᠳᠤ᠂ ᠰᠠᠭᠤᠭᠠᠯᠢ ᠠᠷᠠᠳ ᠤᠨ ᠲᠤᠰᠬᠠᠭᠰᠠᠨ ᠤᠰᠤᠨ ᠤ | ᠳᠠᠷᠤᠯᠲᠠ ᠬᠦᠷᠦᠯᠴᠡᠬᠦ ᠥᠬᠡᠶ ᠠᠴᠠ ᠪᠣᠯᠵᠣ᠂ ᠠᠰᠠᠷ ᠤᠨ ᠳᠠᠪᠬᠤᠷᠭ᠎ᠠ ᠪᠠᠷ ᠨᠡᠯᠢᠶᠡᠳ ᠥᠨᠳᠥᠷ ᠰᠠᠭᠤᠭᠠᠯᠢ ᠠᠷᠠᠳ | ᠣᠯᠠᠨ ᠡᠳᠦᠷ ᠳᠠᠷᠠᠭᠠᠯᠠᠨ ᠤᠰᠤ ᠬᠡᠷᠡᠭᠯᠡᠬᠦ ᠳᠤ ᠬᠦᠴᠢᠷᠳᠡᠵᠦ ᠪᠠᠶᠢᠬᠤ ᠪᠠᠶᠢᠳᠠᠯ ᠳᠤ ᠴᠢᠭᠯᠡᠭᠦᠯᠦᠨ ᠵᠠᠰᠠᠭ ᠤᠨ | ᠣᠷᠳᠣᠨ ᠤ ᠠᠯᠪᠠᠨ ᠬᠡᠷ 3 ᠰᠠᠷ᠎ᠠ ᠶᠢᠨ 25 ᠤ ᠡᠳᠦᠷ ᠵᠣᠬᠢᠴᠠᠭᠤᠯᠤᠨ ᠰᠢᠢᠳᠪᠦᠷᠢᠯᠡᠵᠦ᠂ ᠲᠤᠬᠠᠶ ᠶᠢᠨ | ᠭᠠᠵᠠᠷ ᠲᠤᠨᠢ ᠳᠠᠬᠢᠨ ᠬᠠᠷᠢᠭᠤ ᠰᠤᠷᠪᠤᠯᠵᠢᠯᠠᠪᠠ᠃ ᠣᠳᠣᠬᠠᠨ ᠳᠤ ᠪᠠᠨ ᠠᠮᠢᠳᠤᠷᠠᠯ ᠳᠤ ᠬᠡᠷᠡᠭᠯᠡᠬᠦ ᠤᠰᠤ | ᠪᠠᠲᠤᠯᠠᠭ᠎ᠠ ᠲᠠᠢ ᠪᠤᠯᠤᠬᠰᠠᠨ ᠠᠴᠠ ᠰᠠᠭᠤᠭᠠᠯᠢ ᠠᠷᠠᠳ ᠵᠠᠰᠠᠭ ᠤᠨ ᠣᠷᠳᠣᠨ ᠤ ᠬᠠᠯᠠᠮᠵᠢᠯᠠᠯ ᠳᠤ ᠲᠠᠯᠠᠷᠬᠠᠬᠰᠠᠨ | ᠪᠥᠭᠡᠳ ᠵᠠᠰᠠᠭ ᠤᠨ ᠣᠷᠳᠣᠨ ᠤ ᠠᠯᠪᠠᠨ ᠬᠡᠷ ᠤᠨ ᠠᠵᠢᠯᠲᠠᠨ ᠤ ᠴᠠᠭ ᠲᠤᠬᠠᠶ ᠳᠤᠨᠢ᠂ ᠥᠨᠳᠥᠷ ᠪᠦᠲᠦᠮᠵᠢᠲᠡᠶ᠂ | ᠬᠦᠯᠢᠴᠡᠩᠭᠦᠶ ᠪᠠᠶᠢᠬᠤ ᠶᠢ ᠮᠠᠭᠲᠠᠨ ᠰᠠᠶᠢᠰᠢᠶᠠᠪᠠ᠃ | ︽ᠪᠢ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠬᠦ︾ ᠰᠠᠨᠠᠯ ᠰᠠᠨᠠᠭᠤᠯᠭ᠎ᠠ ᠴᠤᠭᠯᠠᠭᠤᠯᠬᠤ | ᠠᠵᠢᠯᠯᠠᠭ᠎ᠠ ᠶᠢ ᠥᠷᠨᠢᠭᠦᠯᠦᠭᠰᠡᠨ ᠠᠴᠠ ᠨᠠᠰᠢ᠂ ᠵᠠᠰᠠᠭ ᠤᠨ ᠣᠷᠳᠣᠨ ᠤ ᠠᠯᠪᠠᠨ ᠭᠡᠷ ᠠᠷᠠᠳ ᠲᠦᠮᠡᠨ ᠢᠶᠠᠷ ᠭᠤᠣᠯ | ᠪᠣᠯᠭᠠᠬᠤ ᠶᠢ ᠪᠠᠷᠢᠮᠲᠠᠯᠠᠵᠤ᠂ ︽ᠪᠢ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠬᠦ︾ ᠠᠵᠢᠯᠯᠠᠭ᠎ᠠ ᠶᠢ | ᠭᠦᠨᠵᠡᠭᠡᠢ ᠪᠥᠭᠡᠳ ᠪᠣᠳᠠᠲᠠᠢ ᠪᠠᠷ ᠠᠬᠢᠭᠤᠯᠵᠤ᠂ ᠤᠯᠠᠨ ᠲᠦᠮᠡᠨ ᠤ ᠬᠦᠴᠢᠷ ᠠᠰᠠᠭᠤᠳᠠᠯ ᠮᠠᠳᠠᠭ ᠲᠠᠢ ᠠᠰᠠᠭᠤᠳᠠᠯ ᠢ | ᠨᠠᠷᠢᠨ ᠬᠢᠨᠠᠮᠠᠭᠠᠢ ᠰᠢᠢᠳᠪᠦᠷᠢᠯᠡᠵᠦ᠂ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠲᠡᠦᠬᠡ ᠶᠢᠨ ᠰᠤᠷᠤᠯᠴᠠᠯᠭ᠎ᠠ | ᠬᠥᠮᠦᠵᠢᠯ ᠤᠨ ᠦᠷ᠎ᠡ ᠪᠦᠲᠦᠭᠡᠯ ᠢ ᠦᠢᠯᠡᠳᠦᠯᠬᠡᠵᠢᠬᠦᠯᠪᠡ᠃ ᠣᠲᠣ ᠪᠣᠯᠲᠠᠯ᠎ᠠ᠂ ᠨᠡᠶᠢᠲᠡ 12345 ᠵᠠᠰᠠᠭ ᠤᠨ | ᠣᠷᠳᠣᠨ ᠤ ᠦᠢᠯᠡᠴᠢᠯᠡᠬᠡᠨ ᠤ ᠬᠠᠯᠠᠭᠤᠨ ᠤᠲᠠᠰᠤ ᠪᠠᠷ ᠰᠢᠯᠵᠢᠭᠦᠯᠦᠨ ᠰᠢᠢᠳᠪᠦᠷᠢᠯᠡᠭᠰᠡᠨ ᠬᠡᠷᠡᠭ ᠶᠠᠪᠤᠳᠠᠯ ᠢ | 266 ᠭᠥᠯᠢᠶᠡᠨ ᠠᠪᠴᠤ᠂ 214 ᠬᠡᠷᠡᠭ ᠢ ᠰᠢᠢᠳᠪᠦᠷᠢᠯᠡᠨ ᠳᠠᠭᠤᠰᠬᠠᠪᠠ ︵ᠦᠯᠡᠳᠡᠭᠰᠡᠨ 52 ᠬᠡᠷᠡᠭ ᠢ | ᠣᠶᠢᠷ᠎ᠠ ᠳᠤ ᠢᠳᠡᠪᠬᠢᠲᠡᠶ ᠰᠢᠢᠳᠪᠦᠷᠢᠯᠡᠵᠦ ᠪᠠᠶᠢᠨ᠎ᠠ︶᠃ ᠬᠤᠲᠠ ᠶᠢᠨ ᠳᠠᠷᠤᠭ᠎ᠠ ᠶᠢᠨ ᠵᠠᠬᠢᠳᠠᠯ ᠤᠨ ᠬᠠᠶᠢᠷᠴᠠᠭ ᠲᠤ | ᠣᠯᠠᠨ ᠲᠦᠮᠡᠨ ᠤ ᠲᠤᠰᠬᠠᠭᠰᠠᠨ 17 ᠭᠤᠶᠤᠴᠢᠯᠠᠯ ᠢ ᠬᠦᠯᠢᠶᠡᠨ ᠠᠪᠴᠤ ᠰᠢᠢᠳᠪᠦᠷᠢᠯᠡᠨ᠂ ᠲᠤᠰᠬᠠᠭᠰᠠᠨ | ᠠᠭᠤᠯᠭ᠎ᠠ ᠶᠢ ᠣᠳᠣᠬᠠᠨ ᠳᠤ ᠪᠦᠬᠦᠨ ᠢᠶᠠᠷ ᠨᠢ ᠰᠢᠢᠳᠪᠦᠷᠢᠯᠡᠵᠦ ᠳᠠᠭᠤᠰᠬᠠᠪᠠ᠃ | | | ᠨᠠᠶᠢᠷᠠᠭᠤᠯᠤᠭᠴᠢ᠄ ᠯᠢ ᠰᠧ ᠬᠤᠢ | ᠤᠷᠴᠢᠭᠤᠯᠤᠬᠴᠢ᠄ ᠬᠠᠨ ᠰᠢᠶᠤᠤ ᠿᠦᠩ | ᠬᠢᠨᠠᠬᠴᠢ᠄ ᠼᠦᠢ ᠶᠢᠩ |