| ᠲᠦᠷᠦᠭᠦᠬᠡᠨ᠂ ᠤᠯᠠᠭᠠᠨᠴᠠᠪ ᠬᠤᠲᠠ ᠶᠢᠨ ᠣᠶ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ ᠶᠢᠨ ᠳᠠᠷᠤᠭ᠎ᠠ | ᠸᠠᠩ ᠳ᠋ᠠ ᠾᠧ ᠨᠡᠷ ᠳᠠᠭᠠᠭᠠᠨ ᠳᠡᠳᠭᠦᠭᠦ ᠴᠡᠭ ᠪᠤᠯᠬᠤ ᠾᠧᠢ ᠲᠤ ᠲᠠᠢ ᠪᠠᠯᠭᠠᠰᠤᠨ ᠤ ᠳ᠋ᠢᠶᠠᠨ ᠴᠢᠩ ᠮᠢᠶᠣᠣ ᠵᠠᠰᠠᠭ | ᠵᠠᠬᠢᠷᠭᠠᠨ ᠤ ᠲᠣᠰᠬᠤᠨ ᠳᠤ ᠭᠦᠨᠵᠡᠭᠡᠶᠢᠷᠡᠨ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠵᠦ᠂ | ᠾᠧᠢ ᠲᠤ ᠲᠠᠢ ᠪᠠᠯᠭᠠᠰᠤᠨ ᠤ ᠨᠠᠮ ᠵᠠᠰᠠᠭ ᠤᠨ ᠭᠤᠤᠯ ᠬᠠᠷᠢᠭᠤᠴᠠᠯᠭᠠᠲᠠᠨ ᠨᠥᠬᠦᠳ ᠵᠢᠴᠢ ᠮᠠᠨ ᠤ ᠬᠤᠲᠠ ᠶᠢᠨ | ᠣᠶ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ | ᠨᠠᠷ ᠪᠠᠷ᠎ᠠ ᠪᠣᠯᠪᠠ᠃ | | ᠸᠠᠩ ᠳ᠋ᠠ ᠾᠧ ᠨᠡᠷ ᠾᠸᠢ ᠲᠤ ᠲᠠᠢ ᠪᠠᠯᠭᠠᠰᠤᠨ ᠤ ᠳ᠋ᠢᠶᠠᠨ ᠴᠢᠩ ᠮᠢᠶᠣᠣ ᠵᠠᠰᠠᠭ ᠵᠠᠬᠢᠷᠭᠠᠨ ᠤ ᠲᠣᠰᠬᠤᠨ ᠤ | ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠲᠤ ᠪᠠᠯᠭᠠᠰᠤ᠂ ᠲᠣᠰᠬᠤᠨ ᠬᠤᠶᠠᠷ ᠱᠠᠲᠤᠨ ᠤ ᠭᠤᠣᠯ | ᠬᠠᠷᠢᠭᠤᠴᠠᠯᠭᠠᠲᠠᠨ ᠲᠠᠢ ᠰᠠᠭᠤᠳᠠᠯ ᠤᠨ ᠬᠤᠷᠠᠯ ᠬᠢᠵᠦ᠂ ᠣᠳᠣᠬᠠᠨ ᠤ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ | ᠠᠵᠢᠯ᠂ ᠠᠵᠤ ᠦᠢᠯᠡᠰ ᠤᠨ ᠬᠥᠭᠵᠢᠯᠲᠡ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢ | ᠪᠠᠬᠢᠵᠢᠭᠦᠯᠬᠦ ᠵᠡᠷᠭᠡ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠨᠠᠷᠢᠨ ᠬᠢᠨᠠᠮᠠᠭᠠᠢ ᠰᠣᠨᠣᠰᠴᠤ᠂ ᠣᠳᠣᠬᠢ | ᠱᠠᠲᠤᠨ ᠳᠤ ᠣᠷᠣᠰᠢᠵᠤ ᠪᠠᠶᠢᠭ᠎ᠠ ᠬᠦᠴᠢᠷᠳᠡᠯ ᠪᠣᠯᠤᠨ ᠰᠢᠢᠳᠪᠦᠷᠢᠯᠡᠬᠦ ᠴᠢᠬᠤᠯᠠᠲᠠᠢ ᠠᠰᠠᠭᠤᠳᠠᠯ ᠢ ᠨᠠᠷᠢᠨ | ᠠᠰᠠᠭᠤᠬᠤ ᠶᠢᠨ ᠬᠠᠮᠲᠤ ᠲᠣᠰᠬᠤᠨ ᠤ ᠬᠠᠮᠲᠤ ᠶᠢᠨ ᠠᠵᠤ ᠠᠬᠤᠢ ᠶᠢ ᠬᠡᠷᠬᠢᠨ ᠦᠷᠭᠦᠯᠵᠢᠯᠡᠨ ᠬᠦᠭᠵᠢᠭᠦᠯᠵᠦ | ᠪᠤᠵᠠᠭᠠᠶᠢᠷᠠᠭᠤᠯᠬᠤ᠂ ᠲᠣᠰᠬᠤᠨ ᠢ ᠨᠣᠭᠤᠭᠠᠷᠠᠭᠤᠯᠤᠨ ᠭᠤᠶᠤᠵᠢᠭᠤᠯᠬᠤ᠂ ᠣᠷᠴᠢᠨ ᠲᠣᠭᠤᠷᠢᠨ ᠤ ᠡᠷᠡᠭᠦᠯ | ᠬᠠᠮᠠᠭᠠᠯᠠᠯ ᠢ ᠴᠡᠭᠴᠡᠯᠡᠨ ᠵᠠᠰᠠᠬᠤ ᠵᠡᠷᠭᠡ ᠠᠵᠢᠯ ᠳᠤ ᠵᠢᠯᠤᠭᠤᠳᠤᠯᠭ᠎ᠠ ᠶᠢᠨ ᠴᠢᠨᠠᠷᠲᠠᠢ ᠰᠠᠨᠠᠯ ᠳᠤᠷᠠᠳᠪᠠ᠃ | ᠳᠠᠷᠠᠭ᠎ᠠ ᠨᠢ᠂ ᠸᠠᠩ ᠳ᠋ᠠ ᠾᠧ ᠨᠡᠷ ᠨᠠᠮ ᠪᠣᠯᠤᠨ ᠤᠯᠠᠨ ᠲᠦᠮᠡᠨ ᠤ ᠦᠢᠯᠡᠴᠢᠯᠡᠭᠡᠨ ᠤ ᠲᠥᠪ ᠤᠨ ᠡᠭᠦᠳᠡᠨ | ᠡᠮᠦᠨᠡᠬᠢ ᠲᠠᠯᠠᠪᠠᠢ ᠵᠢᠴᠢ ᠡᠷᠬᠢᠨ ᠲᠣᠭᠤᠷᠢᠨ ᠤ ᠣᠷᠴᠢᠨ ᠲᠣᠭᠤᠷᠢᠨ ᠢ ᠬᠠᠲᠠᠭᠤᠷᠠᠭᠤᠯᠤᠭᠰᠠᠨ ᠦᠭᠡᠢ ᠪᠠᠶᠢᠳᠠᠯ ᠢ | ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠲᠤᠬᠠᠢ ᠶᠢᠨ ᠭᠠᠵᠠᠷ ᠲᠤᠨᠢ ᠲᠤᠰᠬᠠᠢ ᠬᠥᠮᠦᠨ ᠲᠤᠬᠢᠷᠠᠭᠤᠯᠤᠨ | ᠵᠢᠷᠤᠭ ᠲᠥᠯᠥᠪᠯᠡᠭᠡ ᠬᠢᠵᠦ᠂ ᠪᠣᠳᠠᠲᠠᠢ ᠠᠰᠠᠭᠤᠳᠠᠯ ᠢ ᠨᠢ ᠬᠠᠪᠰᠤᠷᠤᠨ ᠰᠢᠢᠳᠪᠦᠷᠢᠯᠡᠪᠡ᠃ | | ᠤᠢᠢᠷ᠎ᠠ ᠶᠢᠨ ᠵᠢᠯ ᠤᠨ ᠲᠤᠷᠰᠢ᠂ ᠤᠯᠠᠭᠠᠨᠴᠠᠪ ᠬᠤᠳᠠ ᠶᠢᠨ ᠤᠢ ᠰᠢᠭᠤᠢ ᠡᠪᠡᠰᠦ ᠪᠡᠯᠴᠢᠭᠡᠷ ᠤᠨ | ᠲᠤᠪᠴᠢᠶ᠎ᠠ ᠠᠴᠠ ᠾᠧᠢ ᠲᠤ ᠲᠠᠢ ᠪᠠᠯᠭᠠᠰᠤ ᠶᠢᠨ ᠪᠡᠯᠡ ᠮᠥᠩᠭᠦ ᠠᠴᠠ ᠮᠡᠷᠭᠡᠵᠢᠯ ᠬᠦᠷᠳᠡᠯ᠎ᠡ ᠴᠥᠮ ᠬᠦᠴᠦᠲᠡᠢ | ᠳᠡᠮᠵᠢᠯᠭᠡ ᠪᠠ ᠬᠠᠪᠰᠤᠷᠤᠯᠭ᠎ᠠ ᠦᠵᠡᠭᠦᠯᠵᠦ᠂ ᠲᠣᠰᠬᠤᠨ ᠤ ᠳᠡᠰ ᠤᠨ ᠵᠢᠭᠰᠠᠭᠠᠯ ᠤᠨ ᠭᠠᠵᠠᠷ ᠤᠨ ᠪᠦᠳᠦᠭᠡᠨ | ᠪᠠᠶᠢᠭᠤᠯᠤᠯᠲᠠ ᠶᠢ ᠴᠢᠩᠭᠠᠳᠬᠠᠬᠤ ᠲᠠᠯ᠎ᠠ ᠪᠠᠷ᠂ ᠳ᠋ᠢᠶᠠᠨ ᠴᠢᠩ ᠮᠢᠶᠣᠣ ᠲᠣᠰᠬᠤᠨ ᠤ ᠨᠠᠮ ᠪᠠ ᠤᠯᠠᠨ ᠲᠦᠮᠡᠨ ᠤ | ᠦᠢᠯᠡᠴᠢᠯᠡᠭᠡᠨ ᠤ ᠲᠥᠪ ᠢ ᠬᠠᠪᠰᠤᠷᠤᠨ ᠰᠢᠨ᠎ᠡ ᠪᠠᠷ ᠪᠠᠶᠢᠭᠤᠯᠪᠠ︔ ᠲᠣᠰᠬᠤᠨ ᠤ ᠬᠠᠮᠲᠤ ᠶᠢᠨ ᠠᠵᠤ ᠠᠬᠤᠶ ᠶᠢ | ᠲᠡᠳᠬᠦᠨ ᠬᠥᠭᠵᠢᠭᠦᠯᠬᠦ ᠲᠠᠯ᠎ᠠ ᠪᠠᠷ᠂ ᠹᠧᠩᠵᠧᠨ ᠬᠤᠲᠠ ᠶᠢᠨ ᠪᠣᠬᠢᠷᠲᠤᠯ ᠥᠬᠡᠶ ᠬᠡᠷ ᠣᠷᠣᠨ ᠣᠶ ᠰᠢᠭᠤᠶ ᠶᠢᠨ | ᠦᠢᠯᠡᠴᠢᠯᠡᠭᠡᠨ ᠤ ᠲᠥᠪ ᠢ ᠬᠠᠮᠵᠢᠨ ᠳᠠᠩᠰᠠᠯᠠᠭᠤᠯᠵᠤ᠂ ᠲᠣᠰᠬᠤᠨ ᠤ ᠬᠠᠮᠲᠤ ᠶᠢᠨ ᠠᠵᠤ ᠠᠬᠤᠶ ᠶᠢᠨ ᠠᠰᠢᠭ | ᠣᠷᠣᠯᠭ᠎ᠠ ᠶᠢᠨ ᠵᠢᠯ ᠳᠠᠷᠠᠭᠠᠯᠠᠨ ᠨᠡᠮᠡᠭᠳᠡᠬᠦ ᠶᠢ ᠠᠬᠢᠭᠤᠯᠤᠨ᠂ 2020 ᠣᠨ ᠤ ᠠᠰᠢᠭ ᠣᠷᠣᠯᠭ᠎ᠠ ᠶᠢᠨ ᠬᠡᠮᠵᠢᠶ᠎ᠡ | 20 ᠲᠦᠮᠡᠨ ᠲᠥᠭᠦᠷᠢᠭ ᠲᠤ ᠬᠥᠷᠪᠡ︔ ᠬᠦᠷᠢᠶ᠎ᠡ ᠬᠠᠰᠢᠶᠠᠨ ᠤ ᠠᠵᠤ ᠠᠬᠤᠢ ᠶᠢ ᠶᠡᠬᠡᠪᠡᠷ ᠬᠥᠭᠵᠢᠭᠦᠯᠬᠦ | ᠲᠠᠯ᠎ᠠ ᠪᠠᠷ᠂ ᠲᠠᠷᠢᠶᠠᠴᠢᠨ ᠡᠷᠦᠬᠡ ᠳᠤ ᠦᠨ᠎ᠡ ᠲᠥᠯᠥᠪᠦᠷᠢ ᠦᠭᠡᠢ ᠪᠠᠷ 1600 ᠭᠠᠷᠤᠢ ᠵᠢᠮᠢᠰ ᠤᠨ ᠮᠣᠳᠣᠨ ᠤ | ᠴᠢᠬᠢ ᠬᠠᠩᠭᠠᠵᠤ᠂ ᠲᠣᠰᠬᠤᠨ ᠤ ᠠᠷᠠᠳ ᠤᠨ ᠲᠠᠷᠢᠮᠠᠯ ᠢ ᠪᠦᠬᠦᠨ ᠢ ᠪᠦᠷᠬᠦᠬᠦᠯᠪᠡ︔ ᠬᠥᠮᠦᠰ ᠤᠨ ᠣᠷᠣᠰᠢᠨ | ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠭᠦᠨᠵᠡᠭᠡᠢ ᠥᠷᠨᠢᠭᠦᠯᠬᠦ ᠲᠠᠯ᠎ᠠ ᠪᠠᠷ᠂ ᠬᠠᠮᠲᠤᠷᠠᠭᠰᠠᠨ | ᠭᠤᠣᠯ ᠰᠡᠳᠦᠪᠲᠦ ᠨᠠᠮ ᠤᠨ ᠡᠳᠦᠷ ᠬᠤᠷᠠᠯᠳᠤᠭᠤᠯᠬᠤ ᠪᠠᠷ ᠳᠠᠮᠵᠢᠭᠤᠯᠵᠤ᠂ ᠲᠤᠪᠴᠢᠶ᠎ᠠ ᠶᠢᠨ ᠪᠠᠶᠢᠭᠤᠯᠭ᠎ᠠ ᠶᠢᠨ | ᠨᠠᠮ ᠤᠨ ᠭᠡᠰᠢᠭᠦᠳ ᠢ ᠵᠣᠬᠢᠶᠠᠨ ᠪᠠᠶᠢᠭᠤᠯᠤᠨ ᠳ᠋ᠢᠶᠠᠨ ᠴᠢᠩ ᠮᠢᠶᠣᠣ ᠲᠣᠰᠬᠤᠨ ᠳᠤ ᠭᠦᠨᠵᠡᠭᠡᠶᠢᠷᠡᠨ ᠲᠣᠰᠬᠤᠨ ᠤ | ᠳᠣᠲᠣᠷᠠᠬᠢ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠲᠥᠪᠯᠡᠷᠡᠭᠦᠯᠦᠨ ᠴᠡᠪᠡᠷᠯᠡᠵᠦ᠂ ᠲᠣᠰᠬᠤᠨ ᠳᠤ 2800 | ᠭᠠᠷᠤᠢ ᠪᠤᠳᠠ ᠭᠤᠣᠯᠲᠤ ᠪᠣᠷᠣ ᠶᠢ ᠲᠠᠷᠢᠨ᠂ ᠡᠨᠡ ᠵᠢᠯ ᠲᠣᠰᠬᠤᠨ ᠤ ᠠᠷᠠᠳ ᠤᠨ ᠵᠥᠪᠯᠡᠯ ᠤᠨ ᠡᠭᠦᠳᠡᠨ ᠡᠮᠦᠨᠡᠬᠢ | ᠠᠭᠤᠳᠠᠮ ᠲᠠᠯᠠᠪᠠᠢ ᠵᠢᠴᠢ ᠡᠷᠬᠢᠨ ᠲᠣᠭᠤᠷᠢᠨ ᠤ ᠣᠷᠴᠢᠨ ᠲᠣᠭᠤᠷᠢᠨ ᠢ ᠨᠣᠭᠤᠭᠠᠷᠠᠭᠤᠯᠤᠨ ᠭᠤᠶᠤᠵᠢᠭᠤᠯᠵᠤ᠂ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠪᠦᠬᠦ ᠲᠠᠯ᠎ᠠ ᠪᠠᠷ ᠬᠦᠴᠦᠨ ᠨᠡᠮᠡᠷᠢᠯᠡᠬᠦ ᠪᠠᠷ ᠪᠡᠯᠡᠳᠭᠡᠵᠦ | ᠪᠤᠢ᠃ | | | ᠨᠠᠶᠢᠷᠠᠭᠤᠯᠤᠭᠴᠢ᠄ ᠯᠢ ᠰᠧ ᠬᠤᠢ | ᠤᠷᠴᠢᠭᠤᠯᠤᠭᠴᠢ᠄ ᠬᠠᠨ ᠰᠢᠶᠤᠤ ᠿᠦᠩ | ᠬᠢᠨᠠᠭᠴᠢ᠄ ᠼᠦᠢ ᠶᠢᠩ |