| 4 ᠰᠠᠷ᠎ᠠ ᠶᠢᠨ 21 ᠤ ᠡᠳᠦᠷ᠂ 2021 ᠣᠨ ᠤ ᠪᠥᠬᠦ ᠬᠤᠲᠠ ᠶᠢᠨ ᠪᠠᠷᠢᠯᠭ᠎ᠠ ᠶᠢᠨ ᠠᠵᠢᠯ ᠤᠨ ᠠᠶᠤᠯᠭᠦᠶ | ᠦᠢᠯᠡᠳᠪᠦᠷᠢᠯᠡᠯ ᠵᠢᠴᠢ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠤᠨ ᠬᠤᠷᠠᠯ ᠬᠤᠷᠠᠯᠳᠤᠪᠠ᠃ ᠬᠤᠲᠠ ᠶᠢᠨ | ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠬᠤᠲᠠ ᠶᠢᠨ ᠳᠠᠷᠤᠭ᠎ᠠ ᠯᠢ ᠱᠦ | ᠸᠧᠶ ᠬᠤᠷᠠᠯ ᠳᠤ ᠣᠷᠣᠯᠴᠠᠭᠰᠠᠨ ᠪᠥᠭᠡᠳ ᠠᠵᠢᠯ ᠤᠨ ᠪᠠᠶᠢᠷᠢᠯᠠᠭᠤᠯᠤᠯᠲᠠ ᠬᠢᠪᠡ᠃ | | ᠬᠤᠷᠠᠯ ᠠᠴᠠ ᠣᠳᠣᠬᠠᠨ ᠤ ᠮᠠᠨ ᠤ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠠᠵᠢᠯ ᠲᠥᠷᠥᠯ ᠤᠨ ᠬᠦᠷᠢᠶᠡᠨ ᠳᠠᠬᠢ ᠠᠶᠤᠯᠭᠦᠶ ᠦᠢᠯᠡᠳᠪᠦᠷᠢᠯᠡᠯ ᠤᠨ ᠪᠠᠶᠢᠳᠠᠯ ᠢ ᠨᠠᠷᠢᠨ | ᠬᠢᠨᠠᠮᠠᠭᠠᠶ ᠵᠠᠳᠠᠯᠵᠤ᠂ ᠲᠤᠷᠰᠢᠯᠭ᠎ᠠ ᠪᠠᠨ ᠳ᠋ᠦᠩᠨᠡᠨ᠂ ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ | ᠲᠠᠷᠠᠭᠠᠴᠢ ᠶᠢᠨ ᠱᠠᠲᠤᠨ ᠤ ᠭᠤᠤᠯᠳᠠᠯᠭ᠎ᠠ ᠲᠠᠢ ᠠᠵᠢᠯ ᠢᠶᠠᠨ ᠳᠣᠭᠢᠷᠠᠭᠤᠯᠤᠨ ᠪᠠᠶᠢᠷᠢᠯᠠᠭᠤᠯᠬᠤ ᠶᠢᠨ ᠬᠠᠮᠲᠤ | ᠪᠠᠷᠢᠯᠭ᠎ᠠ ᠶᠢᠨ ᠠᠵᠢᠯ ᠤᠨ ᠶᠠᠰᠤ ᠴᠢᠨᠠᠷ ᠤᠨ ᠠᠶᠤᠯᠭᠦᠶ ᠦᠢᠯᠡᠳᠪᠦᠷᠢᠯᠡᠯ ᠤᠨ ᠠᠵᠢᠯ ᠤᠨ ᠪᠣᠯᠪᠠᠰᠤᠷᠠᠭᠤᠯᠤᠯ ᠬᠢᠪᠡ᠃ | | ᠬᠤᠷᠠᠯ ᠠᠴᠠ ᠱᠠᠭᠠᠷᠳᠠᠭᠰᠠᠨ ᠨᠢ᠂ ᠣᠳᠣᠬᠠᠨ ᠤ ᠪᠠᠶᠢᠳᠠᠯ ᠢ ᠲᠣᠳᠣᠷᠬᠠᠢ ᠲᠠᠨᠢᠵᠤ᠂ ᠤᠯᠤᠰ ᠲᠦᠷᠦ ᠶᠢᠨ | ᠵᠣᠭᠰᠣᠴᠠ ᠪᠠᠨ ᠳᠡᠭᠡᠭᠰᠢᠯᠡᠭᠦᠯᠵᠦ᠂ ᠴᠠᠭ ᠢᠮᠠᠭᠲᠠ ︽ᠠᠮᠤᠷ ᠲᠦᠪᠰᠢᠨ ᠤ ᠬᠥᠪᠴᠢ︾ ᠪᠠᠨ ᠴᠢᠩᠭᠠᠯᠠᠬᠤ | ᠬᠡᠷᠡᠭᠲᠡᠢ︔ ᠠᠵᠢᠯ ᠤᠨ ᠭᠤᠣᠯᠳᠠᠯᠭ᠎ᠠ ᠪᠠᠨ ᠲᠤᠪᠤᠶᠢᠯᠭᠠᠨ ᠡᠭᠦᠷᠭᠡ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ | ᠠᠮᠤᠷ ᠲᠦᠪᠰᠢᠨ ᠤ ︽ᠰᠡᠷᠭᠡᠶᠢᠯᠡᠯᠲᠡ ᠶᠢᠨ ᠬᠡᠷᠡᠮ︾ ᠢ ᠪᠠᠲᠤ ᠴᠤᠬᠴᠠᠯᠠᠨ ᠡᠬᠢ ᠡᠭᠦᠰᠦᠯ ᠠᠴᠠ ᠨᠢ ᠡᠵᠡᠮᠳᠡᠨ | ᠬᠠᠮᠢᠶᠠᠷᠬᠤ ᠶᠢ ᠴᠢᠩᠭᠠᠳᠬᠠᠵᠤ᠂ ᠭᠡᠮ ᠰᠣᠭᠤᠭ ᠢ ᠵᠢᠭᠰᠠᠭᠠᠨ ᠪᠠᠶᠢᠴᠠᠭᠠᠬᠤ ᠶᠢ ᠦᠷᠨᠢᠬᠦᠯᠦᠨ ᠬᠠᠤᠯᠢ | ᠬᠡᠷᠡᠭᠵᠢᠭᠦᠯᠦᠯᠲᠡ ᠶᠢᠨ ᠬᠠᠮᠢᠶᠠᠷᠤᠯᠲᠠ ᠶᠢ ᠴᠢᠩᠳᠠᠯᠠᠵᠤ᠂ ᠬᠥᠮᠦᠵᠢᠯ ᠪᠤᠯᠪᠠᠰᠤᠷᠠᠭᠤᠯᠤᠯ ᠢ ᠴᠢᠩᠭᠠᠳᠬᠠᠬᠤ ᠬᠡᠷᠡᠭᠲᠡᠢ︔ | ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ ᠠᠵᠢᠯ ᠤᠨ ᠡᠭᠦᠷᠭᠡ ᠬᠠᠷᠢᠭᠤᠴᠠᠯᠭ᠎ᠠ ᠪᠠᠨ | ᠭᠦᠢᠴᠡᠳᠬᠡᠵᠦ᠂ ᠬᠠᠷᠢᠭᠤᠴᠠᠯᠭ᠎ᠠ ᠶᠢᠨ ︽ᠡᠷᠭᠢ ᠱᠤᠷᠠᠭ︾ ᠢ ᠴᠢᠩᠭᠠᠯᠠᠬᠤ ᠬᠡᠷᠡᠭᠲᠡᠢ︔ ᠪᠠᠷᠢᠯᠭ᠎ᠠ ᠶᠢᠨ ᠭᠠᠵᠠᠷ᠂ | ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠪᠠ ᠪᠠᠷᠢᠯᠭ᠎ᠠ ᠶᠢᠨ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢ ᠤᠯᠠᠮ | ᠨᠢᠭᠡ ᠠᠯᠬᠤᠮ ᠵᠢᠷᠤᠮᠵᠢᠭᠤᠯᠤᠨ ᠴᠢᠩᠭᠠᠳᠬᠠᠵᠤ᠂ ᠪᠠᠷᠢᠯᠭ᠎ᠠ ᠶᠢᠨ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ | ᠳᠡᠪᠰᠢᠬᠦ ᠶᠢ ᠳᠥᠯᠭᠢᠨ ᠠᠬᠢᠭᠤᠯᠬᠤ ᠬᠡᠷᠡᠭᠲᠡᠶ︔ ᠣᠷᠣᠨ ᠰᠠᠭᠤᠴᠠ ᠪᠠ ᠪᠦᠳᠦᠭᠡᠨ ᠪᠠᠶᠢᠭᠤᠯᠤᠯᠲᠠ ᠶᠢᠨ ᠰᠢᠰᠲ᠋ᠧᠮ | ᠪᠣᠯᠤᠨ ᠡᠯ᠎ᠡ ᠪᠠᠷᠢᠯᠭ᠎ᠠ ᠪᠠᠷᠢᠬᠤ ᠠᠵᠤ ᠠᠬᠤᠶᠢᠯᠠᠯ ᠡᠷᠬᠡᠪᠰᠢ ᠡᠭᠦᠷᠭᠡ ᠬᠠᠷᠢᠭᠤᠴᠠᠯᠭ᠎ᠠ ᠪᠠᠨ ᠴᠢᠩᠭᠠᠳᠬᠠᠨ | ᠠᠵᠢᠯ ᠢᠶᠠᠨ ᠯᠠᠪᠳᠠᠭᠤᠨ ᠪᠠᠲᠤᠲᠠᠢ ᠥᠷᠨᠢᠭᠦᠯᠵᠦ᠂ ᠪᠠᠷᠢᠯᠭ᠎ᠠ ᠶᠢᠨ ᠵᠠᠬ᠎ᠠ ᠳᠡᠯᠭᠡᠭᠦᠷ ᠤᠨ ᠠᠮᠤᠷ ᠲᠦᠪᠰᠢᠨ ᠡᠮᠬᠢ | ᠳᠢᠭᠯᠢᠮ ᠲᠠᠢ᠂ ᠡᠷᠡᠭᠦᠯ ᠢᠶᠠᠷ ᠬᠥᠭᠵᠢᠬᠦ ᠶᠢ ᠪᠠᠲᠤᠯᠠᠬᠤ ᠬᠡᠷᠡᠭᠲᠡᠢ᠃ | | | ᠨᠠᠶᠢᠷᠠᠭᠤᠯᠤᠭᠴᠢ᠄ ᠯᠢ ᠰᠧ ᠬᠤᠢ | ᠤᠷᠴᠢᠭᠤᠯᠤᠭᠴᠢ᠄ ᠬᠠᠨ ᠰᠢᠶᠤᠤ ᠿᠦᠩ | ᠬᠢᠨᠠᠭᠴᠢ᠄ ᠼᠦᠢ ᠶᠢᠩ |