| 4 ᠰᠠᠷ᠎ᠠ ᠶᠢᠨ 28 ᠤ ᠡᠳᠦᠷ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠬᠠᠤᠯᠢ ᠴᠠᠭᠠᠵᠠ ᠶᠢᠨ | ᠡᠩᠨᠡᠭᠡᠨ ᠤ ᠰᠤᠷᠭᠠᠨ ᠬᠥᠮᠦᠵᠢᠯ ᠤᠨ ᠴᠡᠭᠴᠡᠯᠡᠯᠲᠡ ᠶᠢᠨ ᠨᠠᠢᠮᠠᠳᠤᠭᠠᠷ ᠵᠢᠯᠣᠭᠤᠳᠬᠤ ᠳᠤᠭᠤᠶᠢᠯᠠᠩ ᠤᠨ ᠬᠢᠨ ᠮᠠᠨ ᠤ | ᠬᠤᠲᠠ ᠳᠤ ᠭᠦᠨᠵᠡᠭᠡᠶᠢᠷᠡᠨ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠰᠤᠷᠭᠠᠨ ᠬᠥᠮᠦᠵᠢᠯ ᠤᠨ | ᠴᠡᠭᠴᠡᠯᠡᠯᠲᠡ ᠶᠢᠨ ᠣᠳᠣᠬᠢ ᠱᠠᠲᠤᠨ ᠤ ᠥᠷᠨᠢᠭᠦᠯᠵᠦ ᠪᠠᠶᠢᠭ᠎ᠠ ᠪᠠᠶᠢᠳᠠᠯ ᠢ ᠬᠢᠨᠠᠨ ᠵᠢᠯᠣᠭᠤᠳᠴᠤ ᠪᠠᠶᠢᠴᠠᠭᠠᠪᠠ᠃ | ᠮᠠᠨ ᠤ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ | ᠱᠦᠵᠢ ᠼᠤᠤ ᠶᠠᠨ ᠯᠢᠨ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ | ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠵᠠᠩ ᠶᠦᠩ ᠱᠧᠩ ᠪᠠᠷ᠎ᠠ ᠪᠣᠯᠪᠠ᠃ | | ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ | ᠠᠩᠭᠢ᠂ ᠰᠠᠬᠢᠨ ᠬᠤᠷᠢᠬᠤ ᠭᠠᠵᠠᠷ᠂ ᠲᠦᠷ ᠬᠤᠷᠢᠬᠤ ᠭᠠᠵᠠᠷ᠂ ᠬᠠᠤᠯᠢ ᠴᠠᠭᠠᠵᠠ ᠶᠢᠨ ᠲᠣᠪᠴᠢᠶ᠎ᠠ ᠳᠤ᠂ ᠬᠢᠨᠠᠨ | ᠵᠢᠯᠣᠭᠤᠳᠬᠤ ᠳᠤᠭᠤᠶᠢᠯᠠᠩ ᠤᠨ ᠬᠢᠨ ᠲᠤᠬᠠᠶ ᠶᠢᠨ ᠲᠠᠯᠠᠪᠤᠷ ᠲᠤ ᠪᠠᠶᠢᠴᠠᠭᠠᠯᠲᠠ ᠬᠢᠬᠦ᠂ ᠶᠠᠷᠢᠯᠴᠠᠨ ᠣᠶᠢᠯᠠᠭᠠᠬᠤ᠂ | ᠡᠬᠡ ᠳᠠᠩᠰᠠ ᠶᠢ ᠪᠠᠶᠢᠴᠠᠭᠠᠨ ᠦᠵᠡᠬᠦ ᠵᠡᠷᠭᠡ ᠠᠷᠭ᠎ᠠ ᠬᠡᠯᠪᠡᠷᠢ ᠪᠠᠷ ᠡᠯ᠎ᠡ ᠤᠯᠤᠰ ᠲᠥᠷᠥ ᠬᠠᠤᠯᠢ ᠴᠠᠭᠠᠵᠠ ᠶᠢᠨ | ᠨᠢᠭᠡᠴᠡ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠪᠠᠶᠢᠴᠠᠭᠠᠨ ᠵᠠᠯᠠᠷᠠᠭᠤᠯᠵᠤ ᠴᠡᠭᠴᠡᠯᠡᠨ ᠰᠠᠶᠢᠵᠢᠷᠠᠭᠤᠯᠬᠤ | ᠭᠤᠭᠴᠤᠭ᠎ᠠ ᠶᠢᠨ ᠡᠯ᠎ᠡ ᠵᠦᠢᠯ ᠤᠨ ᠠᠵᠢᠯ ᠤᠨ ᠠᠬᠢᠴᠠ ᠶᠢᠨ ᠪᠠᠶᠢᠳᠠᠯ ᠢ ᠨᠠᠷᠢᠨ ᠣᠶᠢᠯᠠᠭᠠᠪᠠ᠃ ᠥᠪᠡᠷ ᠢᠶᠠᠨ | ᠪᠠᠶᠢᠴᠠᠭᠠᠵᠤ ᠥᠪᠡᠷ ᠢᠶᠠᠨ ᠵᠠᠯᠠᠷᠠᠭᠤᠯᠬᠤ᠂ ᠰᠡᠳᠬᠢᠯ ᠤᠨ ᠦᠭᠡ ᠪᠠᠨ ᠶᠠᠷᠢᠯᠴᠠᠬᠤ ᠵᠡᠷᠭᠡ ᠠᠵᠢᠯ ᠤᠨ ᠪᠠᠶᠢᠳᠠᠯ ᠢ | ᠭᠤᠣᠯᠳᠠᠯᠭ᠎ᠠ ᠲᠠᠢ ᠪᠠᠶᠢᠴᠠᠭᠠᠬᠤ ᠶᠢᠨ ᠬᠠᠮᠲᠤ᠂ ᠰᠤᠷᠭᠠᠨ ᠬᠥᠮᠦᠵᠢᠭᠦᠯᠵᠦ ᠴᠡᠭᠴᠡᠯᠡᠬᠦ ᠤᠬᠠᠭᠤᠯᠭ᠎ᠠ ᠶᠢᠨ ᠠᠭᠤᠷ | ᠠᠮᠢᠰᠬᠤᠯ᠂ ᠰᠤᠷᠤᠯᠴᠠᠬᠤ ᠠᠭᠤᠷ ᠠᠮᠢᠰᠬᠤᠯ ᠢ ᠪᠤᠢ ᠪᠣᠯᠭᠠᠬᠤ ᠵᠡᠷᠭᠡ ᠲᠠᠯ᠎ᠠ ᠪᠠᠷ ᠲᠤᠰ ᠲᠤᠰ ᠲᠤᠬᠠᠶ ᠶᠢᠨ | ᠭᠠᠵᠠᠷ ᠲᠤᠨᠢ ᠪᠠᠶᠢᠴᠠᠭᠠᠨ ᠦᠵᠡᠭᠰᠡᠨ ᠪᠥᠭᠡᠳ ᠠᠰᠠᠭᠤᠯᠲᠠ ᠶᠢᠨ ᠬᠠᠭᠤᠳᠠᠰᠤ ᠶᠢ ᠲᠥᠪᠯᠡᠷᠡᠭᠦᠯᠦᠨ ᠪᠠᠶᠢᠴᠠᠭᠠᠪᠠ᠃ | | ᠬᠢᠨᠠᠨ ᠵᠢᠯᠣᠭᠤᠳᠬᠤ ᠳᠤᠭᠤᠶᠢᠯᠠᠩ ᠠᠴᠠ ᠴᠢᠬᠤᠯᠠᠴᠢᠯᠠᠭᠰᠠᠨ ᠨᠢ᠂ ᠬᠠᠷᠢᠭᠤᠴᠠᠯᠭ᠎ᠠ ᠶᠢᠨ ᠬᠡᠯᠬᠢᠶ᠎ᠡ ᠪᠠ | ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠰᠤᠷᠭᠠᠨ ᠬᠥᠮᠦᠵᠢᠭᠦᠯᠵᠦ ᠴᠡᠭᠴᠡᠯᠡᠬᠦ ᠶᠢᠨ | ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠥᠪᠡᠷ ᠢ ᠪᠠᠨ ᠪᠠᠶᠢᠴᠠᠭᠠᠵᠤ ᠥᠪᠡᠷ ᠢ ᠪᠠᠨ | ᠵᠠᠯᠠᠷᠠᠭᠤᠯᠬᠤ ᠶᠢ ᠴᠢᠩᠭᠠᠳᠬᠠᠨ᠂ ᠴᠢᠩᠭ᠎ᠠ ᠪᠠᠶᠢᠴᠠᠭᠠᠨ ᠵᠠᠯᠠᠷᠠᠭᠤᠯᠵᠤ ᠴᠡᠭᠴᠡᠯᠡᠨ ᠰᠠᠶᠢᠵᠢᠷᠠᠭᠤᠯᠬᠤ ᠶᠢ ᠠᠳᠬᠤᠵᠤ᠂ | ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠪᠤᠯᠤᠨ ᠦᠩᠭᠡᠨ ᠲᠠᠯ᠎ᠠ ᠪᠠ ᠦᠨᠳᠦᠰᠦ ᠠᠴᠠ ᠨᠢ ᠵᠠᠰᠠᠬᠤ ᠶᠢ | ᠪᠠᠷᠢᠮᠲᠠᠯᠠᠬᠤ ᠬᠡᠷᠡᠭᠲᠡᠢ︔ ᠥᠪᠡᠷ ᠢ ᠪᠠᠨ ᠪᠠᠶᠢᠴᠠᠭᠠᠵᠤ ᠥᠪᠡᠷ ᠢ ᠪᠠᠨ ᠵᠠᠯᠠᠷᠠᠭᠤᠯᠬᠤ ᠪᠠ ᠬᠡᠮ ᠠᠷᠬᠠᠭ ᠢ ᠴᠡᠭᠴᠡᠯᠡᠨ | ᠵᠠᠰᠠᠬᠤ ᠶᠢ ᠵᠡᠷᠭᠡᠪᠡᠷ ᠠᠷᠭ᠎ᠠ ᠰᠦᠪᠡᠭᠴᠢᠯᠡᠨ ᠠᠬᠢᠭᠤᠯᠵᠤ᠂ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ | ᠤᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ ᠬᠠᠯᠠᠮᠰᠢᠯ ᠠᠰᠠᠭᠤᠳᠠᠯ᠂ ᠬᠦᠴᠢᠷ ᠠᠰᠠᠭᠤᠳᠠᠯ ᠳᠤ ᠠᠩᠬᠠᠷᠤᠯ ᠢᠶᠠᠨ | ᠲᠥᠪᠯᠡᠷᠡᠭᠦᠯᠵᠦ᠂ ᠬᠦᠴᠦᠲᠡᠢ ᠠᠷᠭ᠎ᠠ ᠬᠡᠮᠵᠢᠶ᠎ᠡ ᠠᠪᠴᠤ ᠴᠡᠭᠴᠡᠯᠡᠨ ᠵᠠᠰᠠᠬᠤ ᠶᠢ ᠪᠣᠳᠠᠲᠠᠢ ᠳᠤ | ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ︔ ᠰᠤᠷᠤᠯᠴᠠᠯᠭ᠎ᠠ ᠬᠥᠮᠦᠵᠢᠯ ᠢ ᠤᠯᠤᠰ ᠲᠦᠷᠦ ᠬᠠᠤᠯᠢ | ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠠᠵᠢᠯᠯᠠᠭ᠎ᠠ ᠶᠢᠨ ᠪᠦᠬᠦ ᠶᠠᠪᠤᠴᠠ ᠳᠤ ᠲᠤᠭᠤᠰᠢᠯᠠᠭᠤᠯᠤᠨ᠂ | ᠰᠤᠷᠤᠯᠴᠠᠯᠭ᠎ᠠ ᠬᠥᠮᠦᠵᠢᠯ ᠢ ᠪᠠᠶᠢᠴᠠᠭᠠᠨ ᠵᠠᠯᠠᠷᠠᠭᠤᠯᠵᠤ ᠴᠡᠭᠴᠡᠯᠡᠨ ᠰᠠᠶᠢᠵᠢᠷᠠᠭᠤᠯᠬᠤ ᠲᠠᠢ ᠣᠷᠭᠠᠨᠢᠭ ᠢᠶᠠᠷ | ᠤᠶᠠᠯᠳᠤᠭᠤᠯᠵᠤ᠂ ᠪᠠᠶᠢᠴᠠᠭᠠᠨ ᠵᠠᠯᠠᠷᠠᠭᠤᠯᠵᠤ ᠴᠡᠭᠴᠡᠯᠡᠨ ᠰᠠᠶᠢᠵᠢᠷᠠᠭᠤᠯᠬᠤ ᠦᠵᠡᠯ ᠰᠠᠨᠠᠭᠠᠨ ᠤ ᠤᠬᠠᠮᠰᠠᠷ ᠢᠶᠠᠨ | ᠤᠯᠠᠮ ᠨᠢᠭᠡ ᠠᠯᠬᠤᠮ ᠴᠢᠩᠭᠠᠳᠬᠠᠬᠤ ᠬᠡᠷᠡᠭᠲᠡᠢ᠃ | | ᠨᠠᠶᠢᠷᠠᠭᠤᠯᠤᠭᠴᠢ᠄ ᠵᠢᠶᠠ ᠷᠠᠨ ᠲᠦᠩ | ᠤᠷᠴᠢᠭᠤᠯᠤᠭᠴᠢ᠄ ᠬᠠᠨ ᠰᠢᠶᠤᠤ ᠿᠦᠩ | ᠬᠢᠨᠠᠭᠴᠢ᠄ ᠼᠦᠢ ᠶᠢᠩ |