| 4 ᠰᠠᠷ᠎ᠠ ᠶᠢᠨ 29 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠠᠯᠪᠠᠨ ᠬᠡᠷ ᠬᠤᠷᠢᠳᠤᠭᠠᠷ ᠤᠳᠠᠭᠠᠨ ᠤ | ᠰᠤᠷᠤᠯᠴᠠᠯᠭ᠎ᠠ ᠶᠢᠨ ᠥᠷᠯᠥᠭᠡ ᠶᠢᠨ ᠬᠤᠷᠠᠯ ᠬᠤᠷᠠᠯᠳᠤᠭᠤᠯᠪᠠ᠃ ᠬᠤᠳᠠ ᠶᠢᠨ ᠨᠠᠮ ᠤᠨ ᠬᠤᠷᠢᠶᠠᠨ ᠤ ᠱᠦᠵᠢ ᠸᠠᠩ | ᠵᠧᠨ ᠬᠠᠢ᠂ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠳᠠ ᠶᠢᠨ ᠨᠠᠮ ᠤᠨ ᠬᠤᠷᠢᠶᠠᠨ ᠤ | ᠠᠯᠪᠠᠨ ᠭᠡᠷ ᠤᠨ ᠡᠷᠬᠢᠯᠡᠭᠴᠢ ᠱᠢ ᠬᠦᠢ ᠵᠢᠶᠦ᠋ᠨ ᠥᠷᠯᠥᠭᠡ ᠶᠢᠨ ᠬᠤᠷᠠᠯ ᠤᠨ ᠰᠤᠷᠤᠯᠴᠠᠯᠭ᠎ᠠ ᠳᠤ ᠣᠷᠣᠯᠴᠠᠪᠠ᠃ | | ᠬᠤᠷᠠᠯ ᠳᠡᠭᠡᠷ᠎ᠡ᠂ ︽ᠳᠤᠮᠳᠠᠳᠤ ᠤᠯᠤᠰ ᠤᠨ ᠣᠨᠴᠠᠯᠢᠭ ᠲᠠᠢ ᠶᠡᠭᠡ ᠤᠯᠤᠰ ᠤᠨ ᠭᠠᠳᠠᠭᠠᠳᠤ ᠬᠠᠷᠢᠯᠴᠠᠭ᠎ᠠ ᠶᠢ | ᠪᠦᠬᠦ ᠲᠠᠯ᠎ᠠ ᠪᠠᠷ ᠠᠬᠢᠭᠤᠯᠬᠤ ᠪᠠ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ | ᠪᠠᠶᠢᠭᠤᠯᠬᠤ ᠶᠢ ᠠᠬᠢᠭᠤᠯᠬᠤ︾ ᠲᠤᠰᠬᠠᠢ ᠰᠡᠳᠦᠪ ᠢ ᠲᠥᠪᠯᠡᠷᠡᠭᠦᠯᠦᠨ ᠰᠤᠷᠤᠯᠴᠠᠪᠠ᠃ | ᠸᠠᠩ ᠵᠧᠨ ᠬᠠᠢ ᠴᠢᠬᠤᠯᠠᠴᠢᠯᠠᠭᠰᠠᠨ ᠨᠢ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠳᠤ | ᠰᠤᠷᠤᠯᠴᠠᠯᠭ᠎ᠠ ᠶᠢᠨ ᠭᠤᠣᠯᠳᠠᠯᠭ᠎ᠠ ᠶᠢ ᠲᠤᠪᠤᠶᠢᠯᠭᠠᠵᠦ᠂ ᠰᠤᠷᠤᠯᠴᠠᠯᠭ᠎ᠠ ᠶᠢᠨ ᠠᠶᠢᠵᠠᠮ ᠢ ᠰᠠᠶᠢᠲᠤᠷ ᠡᠵᠡᠮᠳᠡᠬᠦ | ᠬᠡᠷᠡᠭᠲᠡᠢ︔ ᠰᠤᠷᠤᠯᠴᠠᠬᠤ ᠬᠡᠯᠪᠡᠷᠢ ᠶᠢ ᠠᠮᠢᠳᠤᠯᠢᠭ ᠪᠥᠭᠡᠳ ᠣᠯᠠᠨ ᠶᠠᠩᠵᠤ ᠶᠢᠨ ᠪᠠᠶᠢᠯᠭᠠᠵᠤ᠂ ᠰᠤᠷᠤᠯᠴᠠᠯᠭ᠎ᠠ ᠶᠢᠨ | ᠴᠢᠨᠠᠷ ᠴᠢᠨᠰᠠᠭ᠎ᠠ ᠪᠠ ᠦᠷ᠎ᠡ ᠪᠦᠲᠦᠮᠵᠢ ᠶᠢ ᠳᠡᠭᠡᠭᠰᠢᠯᠡᠭᠦᠯᠬᠦ ᠳᠡᠭᠡᠷ᠎ᠡ ᠬᠦᠴᠦ ᠲᠠᠯᠪᠢᠬᠤ ᠬᠡᠷᠡᠭᠲᠡᠶ︔ ᠨᠠᠮ ᠤᠨ | ᠲᠡᠦᠬᠡ ᠶᠢᠨ ᠰᠤᠷᠤᠯᠴᠠᠯᠭ᠎ᠠ ᠪᠣᠯᠤᠨ ᠦᠢᠯᠡᠳᠦᠯᠭᠡ ᠶᠢᠨ ᠠᠵᠢᠯ ᠢ ᠣᠷᠭᠠᠨᠢᠭ ᠢᠶᠠᠷ ᠤᠶᠠᠯᠳᠤᠭᠤᠯᠵᠤ᠂ ᠨᠠᠮ ᠤᠨ | ᠲᠡᠦᠬᠡ ᠶᠢᠨ ᠰᠤᠷᠤᠯᠴᠠᠯᠭ᠎ᠠ ᠠᠴᠠ ᠰᠢᠮ᠎ᠡ ᠲᠡᠵᠢᠭᠡᠯ ᠪᠣᠯᠤᠨ ᠤᠷᠤᠭᠰᠢᠯᠠᠯᠲᠠ ᠶᠢᠨ ᠬᠥᠳᠡᠯᠭᠡᠬᠦ ᠬᠦᠴᠦᠨ ᠢ ᠰᠢᠩᠭᠡᠭᠡᠨ | ᠠᠪᠴᠤ᠂ ᠨᠠᠮ ᠤᠨ ᠲᠡᠦᠬᠡ ᠶᠢᠨ ᠰᠤᠷᠤᠯᠴᠠᠯᠭ᠎ᠠ ᠪᠠᠷ ᠳᠠᠮᠵᠢᠨ ᠦᠵᠡᠯ ᠰᠠᠨᠠᠭ᠎ᠠ ᠶᠢ ᠭᠦᠨᠵᠡᠭᠡᠢ ᠣᠶᠢᠯᠠᠭᠠᠵᠤ᠂ | ᠦᠵᠡᠯ ᠰᠠᠨᠠᠭ᠎ᠠ ᠶᠢ ᠣᠶᠢᠯᠠᠭᠠᠬᠤ ᠪᠠᠷ ᠪᠣᠳᠠᠲᠤ ᠶᠠᠪᠤᠳᠠᠯ ᠬᠢᠬᠦ ᠶᠢ ᠠᠬᠢᠭᠤᠯᠵᠤ᠂ ᠪᠣᠳᠠᠲᠤ ᠶᠠᠪᠤᠳᠠᠯ ᠬᠢᠬᠦ ᠪᠠᠷ ᠰᠢᠨ᠎ᠡ | ᠪᠠᠶᠢᠳᠠᠯ ᠢ ᠪᠤᠢ ᠪᠣᠯᠭᠠᠬᠤ ᠶᠢ ᠠᠬᠢᠭᠤᠯᠬᠤ ᠬᠡᠷᠡᠭᠲᠡᠢ᠃ | | | ᠨᠠᠶᠢᠷᠠᠭᠤᠯᠤᠭᠴᠢ᠄ ᠵᠢᠶᠠ ᠷᠠᠨ ᠲᠦᠩ | ᠤᠷᠴᠢᠭᠤᠯᠤᠭᠴᠢ᠄ ᠬᠠᠨ ᠰᠢᠶᠤᠤ ᠿᠦᠩ | ᠬᠢᠨᠠᠭᠴᠢ᠄ ᠼᠦᠢ ᠶᠢᠩ |