ᠹᠧᠩᠵᠧᠨ ᠬᠤᠲᠠ ᠶᠢᠨ ︽ᠪᠢ ᠣᠯᠠᠨ ᠲᠦᠮᠡᠨ ᠳᠤ ᠪᠣᠳᠠᠲᠠᠶ ᠠᠵᠢᠯ ᠬᠢᠵᠦ ᠦᠭᠭᠦᠨ᠎ᠡ︾  ᠬᠡᠭᠦ ᠦᠢᠯᠡᠳᠦᠯᠭᠡ ᠶᠢᠨ ᠠᠵᠢᠯᠯᠠᠭ᠎ᠠ ᠶᠢᠨ ᠦᠢᠯᠡᠴᠢᠯᠡᠭᠡᠨ ᠤ ᠵᠦᠢᠯᠡᠰ ᠤᠨ ᠨᠢᠭᠡᠳᠦᠭᠡᠷ ᠪᠦᠯᠦᠭ ᠤᠨ ᠲᠣᠳᠣᠷᠬᠠᠶ ᠬᠠᠭᠤᠳᠠᠰᠤ
ᠨᠡᠶᠢᠲᠡᠯᠡᠭᠰᠡᠨ ᠴᠠᠭ᠄
2021/4/30
   ︽ᠪᠢ ᠣᠯᠠᠨ ᠲᠦᠮᠡᠨ ᠳᠤ ᠪᠣᠳᠠᠲᠠᠶ ᠠᠵᠢᠯ ᠬᠢᠵᠦ ᠦᠭᠭᠦᠨ᠎ᠡ︾ ᠬᠡᠭᠦ ᠦᠢᠯᠡᠳᠦᠯᠭᠡ ᠶᠢᠨ ᠠᠵᠢᠯᠯᠠᠭ᠎ᠠ ᠶᠢ ᠭᠦᠨᠵᠡᠭᠡᠶ ᠥᠷᠨᠢᠭᠦᠯᠬᠦ ᠶᠢᠨ ᠲᠥᠯᠥᠭᠡ᠂ ᠹᠧᠩᠵᠧᠨ ᠬᠤᠲᠠ ᠣᠯᠠᠨ ᠲᠦᠮᠡᠨ ᠤ ᠬᠦᠰᠡᠯ ᠡᠷᠡᠮᠡᠯᠵᠡᠯ ᠢ ᠬᠠᠩᠭᠠᠬᠤ ᠪᠠᠷ ᠤᠳᠤᠷᠢᠳᠤᠮᠵᠢ ᠪᠣᠯᠭᠠᠵᠤ᠂ ᠣᠯᠠᠨ ᠲᠦᠮᠡᠨ ᠤ ᠬᠦᠰᠡᠯ ᠡᠷᠡᠮᠡᠯᠵᠡᠯ ᠢ ᠭᠦᠢᠴᠡᠳ ᠣᠶᠢᠯᠠᠭᠠᠭᠰᠠᠨ ᠰᠠᠭᠤᠷᠢᠨ ᠳᠡᠭᠡᠷ᠎ᠡ᠂ ᠣᠯᠠᠨ ᠵᠦᠢᠯ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ ᠣᠯᠠᠨ ᠲᠦᠮᠡᠨ ᠤ ᠦᠢᠯᠡᠳᠪᠦᠷᠢᠯᠡᠯ᠂ ᠠᠮᠢᠳᠤᠷᠠᠯ ᠤᠨ ᠳᠤᠮᠳᠠ ᠲᠤᠯᠭᠠᠷᠠᠭᠰᠠᠨ ︽ᠪᠠᠴᠢᠮ ᠪᠡᠷᠬᠡ ᠵᠣᠪᠠᠨᠢᠯ︾ ᠠᠰᠠᠭᠤᠳᠠᠯ ᠢ ᠥᠷᠭᠡᠨ ᠢᠶᠠᠷ ᠴᠤᠭᠯᠠᠭᠤᠯᠵᠤ᠂ ᠹᠧᠩᠵᠧᠨ ᠬᠤᠲᠠ ᠶᠢᠨ ᠠᠩᠬᠠᠳᠠᠭᠴᠢ ᠪᠦᠯᠦᠭ ︽ᠪᠢ ᠣᠯᠠᠨ ᠲᠦᠮᠡᠨ ᠳᠤ ᠪᠣᠳᠠᠲᠠᠶ ᠠᠵᠢᠯ ᠬᠢᠵᠦ ᠦᠭᠭᠦᠨ᠎ᠡ︾ ᠬᠡᠭᠦ ᠦᠢᠯᠡᠳᠦᠯᠭᠡ ᠶᠢᠨ ᠠᠵᠢᠯᠯᠠᠭ᠎ᠠ ᠶᠢᠨ ᠦᠢᠯᠡᠴᠢᠯᠡᠭᠡᠨ ᠤ ᠵᠦᠢᠯᠡᠰ ᠤᠨ ᠨᠠᠷᠢᠨ ᠲᠠᠩᠰᠠ ᠶᠢ ᠳᠣᠤᠷᠠᠬᠢ ᠮᠡᠲᠦ ᠨᠡᠶᠢᠲᠡᠯᠡᠶ᠎ᠡ᠄    1.ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠤᠨ ︽ᠭᠤᠷᠪᠠ ᠶᠢ ᠪᠣᠳᠠᠲᠠᠶᠢᠵᠢᠭᠤᠯᠵᠤ᠂ ᠭᠤᠷᠪᠠ ᠶᠢ ᠲᠥᠪᠯᠡᠷᠡᠭᠦᠯᠬᠦ︾ ᠶᠢ ᠪᠥᠬᠦ ᠲᠠᠯ᠎ᠠ ᠪᠠᠷ ᠪᠡᠶᠡᠯᠡᠭᠦᠯᠦᠨ᠎ᠡ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠤᠨ ᠥᠭᠡᠷᠡᠴᠢᠯᠡᠯᠲᠡ ᠶᠢᠨ ᠠᠵᠢᠯ ᠢ ᠪᠡᠶᠡᠯᠡᠭᠦᠯᠵᠦ᠂ ᠨᠠᠭᠠᠳᠤ ᠵᠠᠬ᠎ᠠ ᠶᠢᠨ ᠪᠠᠲᠤᠯᠠᠭ᠎ᠠ᠂ ᠨᠡᠶᠢᠭᠡᠮ ᠤᠨ ᠪᠠᠲᠤᠯᠠᠭ᠎ᠠ᠂ ᠡᠮ ᠡᠮᠨᠡᠯᠭᠡ ᠶᠢᠨ ᠳᠠᠭᠠᠳᠬᠠᠯ᠂ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠪᠠ ᠤᠰᠤ ᠴᠠᠬᠢᠯᠭᠠᠨ ᠬᠡᠶ ᠳᠤᠯᠠᠭᠠᠯᠠᠭ᠎ᠠ ᠵᠡᠷᠭᠡ 320 ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠴᠥᠮ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠳᠤ ᠣᠷᠣᠭᠤᠯᠵᠤ᠂ ᠣᠷᠣᠵᠤ ᠰᠠᠭᠤᠬᠤ ᠨᠣᠷᠮ᠎ᠠ ᠶᠢ 100% ᠳᠤ ᠬᠦᠷᠦᠭᠦᠯᠦᠨ᠎ᠡ᠃    2.ᠾᠧᠢ ᠲᠤ ᠲᠠᠢ ᠪᠠᠯᠭᠠᠰᠤᠨ ᠤ ᠮᠤᠤ ᠡᠯ ᠱᠠᠨ ᠭᠠᠴᠠᠭᠠᠨ ᠤ ᠠᠷᠠᠳ ᠤᠨ ᠵᠥᠪᠯᠡᠯ ᠳᠤ ᠡᠭᠦᠳᠡ ᠴᠣᠩᠬᠤ᠂ ᠱᠠᠯᠠ ᠶᠢ ᠨᠢ ᠰᠣᠯᠢᠵᠤ᠂ ᠬᠡᠷᠡᠮ ᠢ ᠨᠢ ᠥᠩᠭᠡᠯᠡᠵᠦ ᠥᠭᠭᠦᠨ᠎ᠡ᠃    3.ᠾᠧᠢ ᠲᠤ ᠲᠠᠢ ᠪᠠᠯᠭᠠᠰᠤᠨ ᠤ ᠮᠤᠤ ᠡᠯ ᠱᠠᠨ ᠲᠣᠰᠬᠤᠨ ᠤ ᠶᠠᠳᠠᠭᠤ ᠠᠴᠠ ᠠᠩᠭᠢᠵᠢᠷᠠᠭᠰᠠᠨ ᠡᠷᠦᠬᠡ ᠬᠤ᠋ ᠰᠢᠤ ᠶᠢᠩ ᠤᠨ ᠵᠢᠮᠢᠰ ᠤᠨ ᠬᠦᠷᠢᠶᠡᠯᠡᠩ ᠢ ᠳᠠᠭᠠᠭᠠᠴᠢᠯᠠᠨ 20 ᠮᠥ᠂ ᠪᠠᠷᠤᠭ 800 ᠰᠠᠭᠤᠷᠢ ᠤᠯᠠᠭᠠᠨ ᠭᠦᠢᠯᠡᠰᠦ ᠶᠢᠨ ᠵᠤᠯᠵᠠᠭ᠎ᠠ ᠮᠣᠳᠣ ᠳᠠᠷᠢᠵᠤ ᠥᠭᠭᠦᠨ᠎ᠡ᠃    4.ᠭᠤᠸᠠᠨ ᠳᠦᠨ ᠪᠦ᠋ ᠰᠢᠶᠠᠩ ᠤᠨ ᠬᠡᠰᠡᠭ ᠲᠣᠰᠬᠤᠨ ᠤ ᠨᠡᠶᠢᠲᠡ ᠶᠢᠨ ᠵᠣᠷᠯᠣᠩ ᠳᠤ ᠭᠡᠷᠡᠯᠲᠦᠭᠦᠯᠭᠡ ᠶᠢᠨ ᠴᠠᠬᠢᠯᠭᠠᠨ ᠡᠭᠦᠰᠭᠡᠭᠴᠢ ᠪᠠ ᠭᠡᠷᠡᠯᠲᠦᠭᠦᠯᠭᠡ ᠶᠢᠨ ᠲᠥᠬᠦᠭᠡᠷᠦᠮᠵᠢ ᠪᠠᠶᠢᠬᠤ ᠥᠬᠡᠶ᠂ ᠣᠯᠠᠨ ᠲᠦᠮᠡᠨ ᠤ ᠰᠥᠨᠢ ᠳᠡᠭᠡᠨ ᠵᠣᠷᠯᠣᠩ ᠬᠡᠷᠡᠭᠯᠡᠬᠦ ᠳᠤ ᠳᠥᠭᠦᠮ ᠦᠭᠡᠢ ᠪᠠᠶᠢᠬᠤ ᠠᠰᠠᠭᠤᠳᠠᠯ ᠢ ᠰᠢᠢᠳᠪᠦᠷᠢᠯᠡᠨ᠎ᠡ᠃    5.ᠵᠢᠤᠢ ᠪᠦᠦ ᠵᠤᠸᠠᠩ ᠪᠠᠯᠭᠠᠰᠤ ᠶᠢᠨ ᠪᠸᠢ ᠡᠤ ᠴᠢᠤᠸᠠᠨ ᠵᠠᠰᠠᠭ ᠵᠠᠬᠢᠷᠭᠠᠨ ᠤ ᠲᠣᠰᠬᠤᠨ ᠤ ᠰᠠᠨ ᠴᠢᠤᠸᠠᠨ ᠲᠣᠰᠬᠤᠨ ᠤ ᠠᠷᠠᠳ ᠭᠦᠸᠧ ᠱᠦ ᠯᠦᠩ ᠤᠨ ᠲᠡᠵᠢᠭᠡᠨ ᠦᠷᠡᠵᠢᠭᠦᠯᠬᠦ ᠦᠢᠯᠡᠰ ᠢ ᠬᠥᠭᠵᠢᠭᠦᠯᠬᠦ ᠳᠤ ᠬᠡᠷᠡᠭᠯᠡᠬᠦ ᠴᠠᠬᠢᠯᠭᠠᠨ ᠤ ᠠᠰᠠᠭᠤᠳᠠᠯ ᠢ ᠰᠢᠢᠳᠪᠦᠷᠢᠯᠡᠨ᠎ᠡ᠃    6.ᠵᠢᠤᠢ ᠪᠦᠦ ᠵᠤᠸᠠᠩ ᠪᠠᠯᠭᠠᠰᠤ ᠶᠢᠨ ᠵᠡᠭᠦᠨ ᠱᠢ ᠪᠠ ᠲᠠᠢ ᠶᠢᠰᠦᠳᠦᠭᠡᠷ ᠲᠣᠰᠬᠤᠨ᠂ ᠠᠷᠪᠠᠨ ᠬᠤᠶᠠᠳᠤᠭᠠᠷ ᠲᠣᠰᠬᠤᠨ᠂ ᠬᠤᠷᠢᠨ ᠲᠠᠪᠤᠳᠤᠭᠠᠷ ᠲᠣᠰᠬᠤᠨ᠂ ᠪᠠᠷᠠᠭᠤᠨ ᠱᠢ ᠪᠠ ᠲᠠᠢ ᠰᠢᠨ ᠯᠢᠨ ᠲᠣᠰᠬᠤᠨ ᠤ ᠡᠷᠬᠢᠨ ᠲᠣᠭᠤᠷᠢᠨ ᠳᠤ ᠷᠠᠳᠢᠣ᠋ ᠲᠧᠯᠸᠢᠰ ᠤᠨ ᠲᠣᠤᠷ ᠰᠦᠯᠵᠢᠶ᠎ᠡ᠂ ᠳᠣᠬᠢᠶᠠᠨ ᠤ ᠰᠤᠪᠤᠷᠭ᠎ᠠ ᠵᠡᠷᠭᠡ ᠪᠡᠯᠡᠳᠬᠡᠮᠵᠢ ᠶᠢ  ᠤᠭᠰᠠᠷᠠᠨ᠎ᠠ᠃    7.ᠲᠤᠰᠬᠠᠶ ᠵᠦᠢᠯ ᠤᠨ ᠰᠢᠮ᠎ᠡ ᠲᠡᠵᠢᠭᠡᠯ ᠲᠠᠢ ᠥᠷᠯᠥᠭᠡ ᠶᠢᠨ ᠬᠤᠭᠤᠯᠠᠨ ᠤ ᠲᠥᠯᠥᠪᠯᠡᠭᠡ ᠶᠢ ᠲᠣᠭᠲᠠᠭᠠᠨ ᠬᠡᠷᠡᠭᠵᠢᠭᠦᠯᠵᠦ᠂ ᠬᠥᠳᠡᠭᠡ ᠲᠣᠰᠬᠤᠨ ᠤ ᠪᠠᠶᠢᠷᠢ ᠳᠤ ᠰᠠᠭᠤᠬᠤ ᠳᠦᠷᠢᠮᠲᠦ ᠰᠤᠷᠤᠭᠴᠢᠳ ᠤᠨ ᠡᠳᠦᠷ ᠪᠦᠷᠢ ᠶᠢᠨ ᠥᠷᠯᠥᠭᠡ ᠶᠢᠨ ᠬᠤᠭᠤᠯᠠᠨ ᠳᠤ ︽ᠨᠢᠭᠡ ᠰᠢᠮ᠎ᠡ ᠲᠡᠵᠢᠭᠡᠯ ᠲᠠᠢ ᠲᠠᠬᠢᠶᠠᠨ ᠥᠨᠳᠡᠭᠡ︾ ᠨᠡᠮᠡᠵᠦ ᠳᠣᠭᠢᠷᠠᠭᠤᠯᠤᠨ᠎ᠠ᠃    8.ᠵᠢᠷᠭᠤᠳᠤᠭᠠᠷ ᠳᠤᠮᠳᠠ ᠵᠠᠮ ᠤᠨ ᠵᠢᠵᠢᠭ ᠾᠸᠢ ᠾᠧ ᠭᠤᠤᠯ ᠤᠨ ᠤᠰᠤ ᠪᠢᠯᠬᠠᠬᠤ ᠬᠥᠭᠦᠷᠭᠡ ᠳᠤ ᠬᠠᠯᠬᠠᠪᠴᠢ ᠬᠠᠰᠢᠯᠭ᠎ᠠ ᠶᠢ ᠰᠡᠯᠪᠢᠨ ᠵᠠᠰᠠᠵᠤ ᠤᠭᠰᠠᠷᠠᠭᠤᠯᠤᠨ᠎ᠠ᠃    9.ᠬᠤᠩ ᠱᠠ ᠪᠠ ᠪᠠᠯᠭᠠᠰᠤ ᠶᠢᠨ ᠭᠤᠤ ᠰᠤᠪᠠᠭ ᠤᠨ ᠲᠣᠰᠬᠤᠨ ᠤ ᠵᠠᠮ ᠤᠨ ᠳ᠋ᠧᠩ ᠨᠣᠴᠣᠬᠤ ᠥᠬᠡᠶ ᠪᠠᠶᠢᠬᠤ ᠠᠰᠠᠭᠤᠳᠠᠯ ᠢ ᠰᠢᠢᠳᠪᠦᠷᠢᠯᠡᠨ᠎ᠡ᠃   10.ᠬᠡᠰᠡᠭ ᠱᠠᠰᠢᠨ ᠰᠤᠷᠲᠠᠬᠤᠨ ᠤ ᠠᠵᠢᠯᠯᠠᠭᠠᠨ ᠤ ᠲᠠᠯᠠᠪᠤᠷ ᠤᠨ ᠬᠢᠵᠢᠭ ᠢ ᠰᠡᠷᠭᠡᠶᠢᠯᠡᠬᠦ ᠡᠳ᠋ ᠪᠣᠳᠠᠰ᠂ ᠭᠠᠯ ᠰᠡᠷᠭᠡᠶᠢᠯᠡᠨ ᠤᠨᠲᠠᠷᠠᠭᠠᠬᠤ ᠪᠠᠴᠢᠮ ᠪᠠᠶᠢᠳᠠᠯ ᠢ ᠠᠷᠭᠠᠴᠠᠬᠤ ᠡᠳ᠋ ᠪᠣᠳᠠᠰ ᠤᠨ ᠨᠥᠭᠡᠴᠡ ᠬᠦᠷᠦᠯᠴᠡᠬᠦ ᠦᠭᠡᠢ ᠪᠠᠶᠢᠬᠤ ᠵᠡᠷᠭᠡ ᠠᠰᠠᠭᠤᠳᠠᠯ ᠢ ᠰᠢᠢᠳᠪᠦᠷᠢᠯᠡᠨ᠎ᠡ᠃   11.ᠬᠠᠭᠤᠴᠢᠨ ᠬᠤᠲᠠ ᠲᠣᠭᠤᠷᠢᠭ ᠤᠨ ᠬᠡᠷᠡᠭ ᠡᠷᠬᠢᠯᠡᠬᠦ ᠭᠠᠵᠠᠷ ᠤᠨ ᠨᠤᠷᠠᠭᠠᠵᠤ ᠨᠡᠭᠦᠯᠭᠡᠬᠦ ᠣᠷᠣᠨ ᠪᠦᠰᠡ ᠶᠢᠨ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠨ᠎ᠠ᠃    12.ᠬᠤᠲᠠ ᠶᠢᠨ ᠡᠮᠦᠨ᠎ᠡ ᠲᠣᠭᠤᠷᠢᠭ ᠤᠨ ᠬᠡᠷᠡᠭ ᠡᠷᠬᠢᠯᠡᠬᠦ ᠭᠠᠵᠠᠷ ᠤᠨ ᠭᠧᠤ ᠮᠧᠨ ᠲᠣᠰᠬᠤᠨ ᠤ ᠳᠧᠦ ᠳ᠋ᠤᠤ ᠭᠧᠦ ᠳᠤ 500 ᠮᠧᠲᠷ ᠤᠨ ᠴᠢᠯᠥᠭᠡᠲᠦ ᠤᠰᠤᠯᠠᠯᠲᠠ ᠶᠢᠨ ᠰᠤᠪᠠᠭ ᠢ ᠰᠡᠯᠪᠢᠨ ᠵᠠᠰᠠᠵᠤ᠂ ᠲᠠᠷᠢᠶᠠᠴᠢᠳ ᠤᠨ ᠲᠠᠷᠢᠶᠠᠯᠠᠩ ᠤᠨ ᠦᠢᠯᠡᠳᠪᠦᠷᠢᠯᠡᠯ ᠢ ᠳᠡᠮᠵᠢᠨ᠎ᠡ᠃    13.ᠰᠢᠨ ᠴᠧᠩ ᠸᠠᠨ ᠪᠠᠭ᠎ᠠ ᠰᠤᠷᠭᠠᠭᠤᠯᠢ ᠶᠢᠨ ᠬᠡᠰᠡᠭ ᠵᠢᠭᠠᠨ ᠰᠤᠷᠭᠠᠬᠤ ᠪᠠᠭᠠᠵᠢ ᠬᠡᠷᠡᠭᠰᠡᠯ᠂ ᠰᠣᠶᠣᠯ ᠪᠡᠶ᠎ᠡ ᠶᠢᠨ ᠲᠠᠮᠢᠷ ᠤᠨ ᠲᠥᠬᠦᠭᠡᠷᠦᠮᠵᠢ ᠶᠢᠨ ᠬᠠᠭᠤᠴᠢᠷᠬᠠᠰᠠᠨ ᠠᠰᠠᠭᠤᠳᠠᠯ ᠢ ᠰᠢᠢᠳᠪᠦᠷᠢᠯᠡᠨ᠎ᠡ᠃    14.ᠬᠤᠲᠠ ᠶᠢᠨ ᠠᠵᠢᠯ ᠮᠡᠷᠭᠡᠵᠢᠯ ᠤᠨ ᠳᠤᠮᠳᠠ ᠪᠠ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠰᠣᠷᠣᠭᠴᠢ ᠳᠤ ᠥᠪᠥᠷ ᠮᠣᠩᠭᠤᠯ ᠤᠨ ᠪᠠᠷᠢᠯᠭ᠎ᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠳᠤ ᠰᠢᠭᠤᠳ ᠳᠡᠪᠰᠢᠬᠦ ᠲᠤᠰᠠᠭᠠᠷ ᠰᠣᠷᠣᠭᠴᠢ ᠡᠯᠰᠡᠬᠦ ᠰᠢᠯᠭᠠᠯᠲᠠ ᠶᠢᠨ ᠵᠠᠮ ᠨᠡᠭᠡᠭᠡᠵᠦ᠂ ᠰᠣᠷᠣᠭᠴᠢ ᠶᠢᠨ ᠰᠤᠷᠭᠠᠭᠤᠯᠢ ᠳᠡᠪᠰᠢᠬᠦ᠂ ᠠᠵᠢᠯ ᠤᠯᠬᠤ ᠵᠠᠮ ᠮᠥᠷ ᠢ ᠳᠡᠭᠡᠭᠰᠢᠯᠡᠭᠦᠯᠦᠨ᠎ᠡ᠃    15.ᠬᠠᠭᠤᠴᠢᠨ ᠬᠤᠲᠠ ᠲᠣᠭᠤᠷᠢᠭ ᠤᠨ ᠬᠡᠷᠡᠭ ᠡᠷᠬᠢᠯᠡᠬᠦ ᠭᠠᠵᠠᠷ ᠤᠨ ᠸᠧᠨ ᠮᠢᠶᠣᠣ ᠨᠡᠶᠢᠭᠡᠮ ᠲᠣᠭᠤᠷᠢᠭ ᠤᠨ ᠪᠠᠶᠢᠰᠢᠩ ᠳᠤ ᠰᠠᠭᠤᠭ᠎ᠠ ᠰᠠᠭᠤᠭᠠᠯᠢ ᠠᠷᠠᠳ ᠤᠨ ᠲᠤᠰᠬᠠᠬᠰᠠᠨ ᠬᠤᠭ ᠨᠣᠪᠰᠢ ᠶᠢᠨ ᠰᠠᠪᠠ ᠨᠡᠯᠢᠶᠡᠳ ᠴᠥᠭᠡᠨ ᠪᠠᠶᠢᠬᠤ ᠠᠰᠠᠭᠤᠳᠠᠯ ᠢ ᠰᠢᠢᠳᠪᠦᠷᠢᠯᠡᠨ᠎ᠡ᠃    16.ᠠᠵᠤ ᠦᠢᠯᠡᠳᠪᠦᠷᠢ ᠶᠢᠨ ᠲᠣᠭᠤᠷᠢᠭ ᠤᠨ ᠬᠡᠷᠡᠭ ᠡᠷᠬᠢᠯᠡᠬᠦ ᠭᠠᠵᠠᠷ ᠤᠨ ᠰᠢᠨ ᠪᠢᠶᠤᠤ ᠵᠠᠮ ᠤᠨ ᠨᠡᠶᠢᠭᠡᠮ ᠲᠣᠭᠤᠷᠢᠭ ᠤᠨ ᠹᠧᠩ ᠮᠧᠶ ᠪᠠᠭ᠎ᠠ ᠲᠣᠭᠤᠷᠢᠭ ᠤᠨ ᠴᠠᠬᠢᠯᠭᠠᠨ ᠤ ᠦᠢᠯᠡᠳᠪᠦᠷᠢ ᠶᠢᠨ ᠤᠰᠤ ᠬᠠᠩᠭᠠᠬᠤ ᠬᠤᠭᠤᠯᠠᠶ ᠱᠤᠭᠤᠮ ᠤᠨ ᠵᠠᠮ ᠲᠡᠭᠰᠢ ᠥᠬᠡᠶ᠂ ᠰᠠᠭᠤᠭᠠᠯᠢ ᠠᠷᠠᠳ ᠤᠨ ᠶᠠᠪᠤᠵᠤ ᠰᠠᠭᠤᠬᠤ ᠳᠤ ᠳᠥᠭᠦᠮ ᠦᠭᠡᠢ ᠪᠠᠶᠢᠬᠤ ᠠᠰᠠᠭᠤᠳᠠᠯ ᠢ ᠰᠢᠢᠳᠪᠦᠷᠢᠯᠡᠨ᠎ᠡ᠃    17.ᠨᠢᠦ ᠴᠢᠩ ᠱᠠᠨ ᠤ ᠠᠵᠤ ᠠᠬᠤᠶ ᠶᠢᠨ ᠣᠶ ᠰᠢᠭᠤᠶ ᠶᠢᠨ ᠲᠠᠷᠢᠮᠠᠯ ᠤᠨ ᠣᠷᠣᠨ ᠤ ᠠᠵᠢᠯᠲᠠᠨ ᠪᠠ ᠪᠥᠬᠦ ᠬᠤᠲᠠ ᠶᠢᠨ ᠠᠵᠤ ᠠᠬᠤᠶ ᠶᠢᠨ ᠣᠶ ᠰᠢᠭᠤᠶ ᠶᠢᠨ ᠲᠠᠷᠢᠮᠠᠯ ᠤᠨ ᠡᠷᠦᠬᠡ ᠳᠤ ᠵᠢᠮᠢᠰ ᠤᠨ ᠮᠣᠳᠣᠨ ᠤ ᠰᠠᠯᠠᠭ᠎ᠠ ᠬᠠᠶᠢᠴᠢᠯᠠᠬᠤ ᠪᠠ ᠡᠪᠡᠳᠴᠢᠨ ᠬᠤᠷᠣᠬᠠᠶ ᠶᠢᠨ ᠬᠥᠨᠥᠭᠡᠯ ᠢ ᠲᠥᠪᠯᠡᠷᠡᠭᠦᠯᠦᠨ ᠪᠣᠯᠪᠠᠰᠤᠷᠠᠭᠤᠯᠬᠤ ᠶᠢ ᠥᠷᠨᠢᠭᠦᠯᠵᠦ᠂ ᠵᠢᠮᠢᠰ ᠤᠨ ᠮᠣᠳᠣᠨ ᠤ ᠤᠨᠠᠯᠲᠠ ᠶᠢ ᠨᠡᠮᠡᠭᠳᠡᠭᠦᠯᠦᠨ᠂ ᠵᠢᠮᠢᠰ ᠤᠨ ᠶᠠᠰᠤ ᠴᠢᠨᠠᠷ ᠢ  ᠰᠠᠶᠢᠵᠢᠷᠠᠭᠤᠯᠵᠤ᠂ ᠵᠢᠮᠢᠰ ᠤᠨ ᠲᠠᠷᠢᠶᠠᠴᠢᠳ ᠤᠨ ᠭᠠᠷᠤᠯᠲᠠ ᠣᠷᠣᠯᠭ᠎ᠠ ᠪᠠᠨ ᠨᠡᠮᠡᠭᠳᠡᠭᠦᠯᠬᠦ ᠶᠢ ᠠᠬᠢᠭᠤᠯᠤᠨ᠎ᠠ᠃                 ᠹᠧᠩᠵᠧᠨ ᠬᠤᠲᠠ ᠶᠢᠨ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ                   2021 ᠣᠨ ᠤ 4 ᠰᠠᠷ᠎ᠠ ᠶᠢᠨ 29 ᠤ ᠡᠳᠦᠷ                      ᠤᠷᠴᠢᠭᠤᠯᠤᠬᠴᠢ᠄  ᠬᠠᠨ ᠰᠢᠶᠤᠤ ᠿᠦᠩ                      ᠬᠢᠨᠠᠬᠴᠢ᠄  ᠼᠦᠢ  ᠶᠢᠩ
 
ᠢᠷᠡᠯᠲᠡ᠄ ᠠᠮᠢᠵᠢᠷᠠᠯ ᠪᠢᠯᠬᠠᠭᠰᠠᠨ ᠹᠧᠩᠵᠧᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3