ᠮᠠᠨ ᠤ ᠬᠤᠲᠠ ᠰᠢᠨ᠎ᠡ ᠲᠢᠳᠢᠮᠯᠢᠭᠳᠦ ᠸᠢᠷᠦ᠋ᠰ ᠤᠨ ᠸᠠᠺᠼᠢᠨ ᠤ ᠲᠠᠷᠢᠯᠭ᠎ᠠ ᠶᠢᠨ ᠠᠵᠢᠯ ᠢ ᠠᠬᠢᠭᠤᠯᠬᠤ ᠵᠢᠴᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠩᠭᠤ ᠶᠢᠨ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/4/30
    4 ᠰᠠᠷ᠎ᠠ ᠶᠢᠨ 28 ᠤ ᠡᠳᠦᠷ᠂ ᠮᠠᠨ ᠤ ᠬᠤᠲᠠ ᠰᠢᠨ᠎ᠡ ᠲᠢᠳᠢᠮᠯᠢᠭᠳᠦ ᠸᠢᠷᠦ᠋ᠰ ᠤᠨ ᠸᠠᠺᠼᠢᠨ ᠤ ᠲᠠᠷᠢᠯᠭ᠎ᠠ ᠶᠢᠨ ᠠᠵᠢᠯ ᠢ ᠳᠥᠯᠭᠢᠨ ᠠᠬᠢᠭᠤᠯᠬᠤ ᠵᠢᠴᠢ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠪᠠᠶᠢᠩᠭᠤ ᠶᠢᠨ ᠠᠵᠢᠯ ᠤᠨ ᠬᠤᠷᠠᠯ ᠬᠤᠷᠠᠯᠳᠤᠭᠤᠯᠪᠠ᠃ ᠬᠤᠷᠠᠯ ᠤᠨ ᠭᠤᠣᠯ ᠡᠭᠦᠷᠭᠡ ᠪᠣᠯ᠄ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ᠂ ᠤᠯᠠᠭᠠᠨᠴᠠᠪ ᠬᠤᠲᠠ ᠶᠢᠨ ᠡᠯ᠎ᠡ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠶᠢᠩᠭᠤ ᠶᠢᠨ ᠴᠢᠨᠠᠷᠲᠠᠶ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠪᠠ ᠰᠢᠨ᠎ᠡ ᠲᠢᠳᠢᠮᠯᠢᠭᠳᠦ ᠸᠢᠷᠦ᠋ᠰ ᠤᠨ ᠸᠠᠺᠼᠢᠨ ᠤ ᠲᠠᠷᠢᠯᠭ᠎ᠠ ᠶᠢᠨ ᠠᠵᠢᠯ ᠤᠨ ᠲᠤᠬᠠᠶ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠵᠣᠬᠢᠶᠠᠨ ᠪᠠᠶᠢᠭᠤᠯᠤᠨ ᠳᠠᠶᠢᠴᠢᠯᠠᠬᠤ ᠶᠢ ᠬᠦᠢᠴᠡᠳ ᠬᠢᠵᠦ᠂ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠰᠢᠨ᠎ᠡ ᠲᠢᠳᠢᠮᠯᠢᠭᠳᠦ ᠸᠢᠷᠦ᠋ᠰ ᠤᠨ ᠸᠠᠺᠼᠢᠨ ᠤ ᠲᠠᠷᠢᠯᠭ᠎ᠠ ᠶᠢᠨ ᠠᠵᠢᠯ ᠤᠨ ᠡᠭᠦᠷᠭᠡ ᠬᠠᠷᠠᠯᠲᠠ ᠶᠢ ᠴᠢᠨᠠᠷᠳᠠᠢ ᠪᠡᠶᠡᠯᠡᠭᠦᠯᠵᠦ᠂ ᠬᠢᠯᠪᠠᠷ ᠪᠤᠰᠤ ᠪᠠᠷ ᠣᠯᠤᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠦᠷ᠎ᠡ ᠪᠦᠲᠦᠭᠡᠯ ᠢ ᠪᠠᠬᠢᠵᠢᠭᠦᠯᠵᠦ᠂ ᠪᠥᠬᠦ ᠬᠤᠲᠠ ᠶᠢᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠠᠮᠤᠷ ᠲᠦᠪᠰᠢᠨ ᠤ ᠪᠠᠲᠤᠯᠠᠭ᠎ᠠ ᠬᠠᠩᠭᠠᠨ᠎ᠠ᠃
   ᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠵᠧᠨ ᠬᠠᠶ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠬᠤᠲᠠ ᠶᠢᠨ ᠳᠠᠷᠤᠭ᠎ᠠ ᠵᠠᠩ ᠬᠤᠩ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠳ᠋ᠧᠩ ᠰᠢᠶᠤᠤ ᠯᠢ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶᠠᠨ ᠤ ᠠᠯᠪᠠᠨ ᠬᠡᠷ ᠤᠨ ᠡᠷᠬᠢᠯᠡᠭᠴᠢ ᠱᠢ ᠬᠦᠶ ᠵᠢᠶᠦ᠋ᠨ᠂ ᠵᠠᠰᠠᠭ ᠤᠨ ᠣᠷᠳᠣᠨ ᠤ ᠳᠡᠳ᠋ ᠬᠤᠲᠠ ᠶᠢᠨ ᠳᠠᠷᠤᠭ᠎ᠠ ᠶᠣᠣ ᡁᠢ ᠵᠢᠶᠧ ᠬᠤᠷᠠᠯ ᠳᠤ ᠤᠷᠤᠯᠴᠠᠨ ᠵᠠᠩ ᠬᠤᠩ ᠬᠤᠷᠠᠯ ᠡᠷᠬᠢᠯᠡᠪᠡ᠃    ᠬᠤᠷᠠᠯ ᠳᠡᠭᠡᠷ᠎ᠡ᠂ ᠶᠣᠣ ᡁᠢ ᠵᠢᠶᠧ ᠮᠠᠨ ᠤ ᠬᠤᠳᠠ ᠶᠢᠨ ᠸᠠᠺᠼᠢᠨ ᠤ ᠲᠠᠷᠢᠯᠭ᠎ᠠ ᠶᠢᠨ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ︔ ᠳ᠋ᠧᠩ ᠰᠢᠶᠤᠤ ᠯᠢ ᠪᠦᠬᠦ ᠬᠤᠳᠠ ᠶᠢᠨ ᠱᠠᠰᠢᠨ ᠰᠤᠷᠲᠠᠬᠤᠨ ᠤ ᠰᠠᠭᠤᠷᠢ ᠮᠡᠳᠡᠭᠡ ᠵᠠᠩᠭᠢ ᠶᠢ ᠪᠠᠶᠢᠴᠠᠭᠠᠨ ᠪᠦᠷᠢᠳᠬᠡᠬᠦ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃    ᠸᠠᠩ ᠵᠧᠨ ᠬᠠᠶ ᠶᠠᠷᠢᠶᠠᠨ ᠳᠠᠭᠠᠨ ᠰᠢᠨ᠎ᠡ ᠲᠢᠳᠢᠮᠯᠢᠭᠳᠦ ᠸᠢᠷᠦ᠋ᠰ ᠤᠨ ᠸᠠᠺᠼᠢᠨ ᠤ ᠲᠠᠷᠢᠯᠭ᠎ᠠ᠂ ᠱᠠᠰᠢᠨ ᠰᠤᠷᠲᠠᠬᠤᠨ ᠤ ᠰᠠᠭᠤᠷᠢ ᠮᠡᠳᠡᠭᠡ ᠵᠠᠩᠭᠢ ᠶᠢ ᠪᠠᠶᠢᠴᠠᠭᠠᠨ ᠪᠦᠷᠢᠳᠬᠡᠬᠦ᠂ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ᠂ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ ᠠᠵᠢᠯᠯᠠᠭ᠎ᠠ᠂ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠵᠡᠷᠭᠡ ᠣᠶᠢᠷ᠎ᠠ ᠶᠢᠨ ᠬᠤᠭᠤᠴᠠᠭᠠᠨ ᠤ ᠡᠯ᠎ᠡ ᠵᠦᠢᠯ ᠤᠨ ᠭᠤᠤᠯᠳᠠᠯᠭ᠎ᠠ ᠲᠠᠢ ᠠᠵᠢᠯ ᠳᠤ ᠪᠣᠳᠠᠲᠠᠶ ᠱᠠᠭᠠᠷᠳᠠᠯᠭ᠎ᠠ ᠳᠤᠷᠠᠳᠪᠠ᠃
   ᠸᠠᠩ ᠵᠧᠨ ᠬᠠᠶ ᠴᠢᠬᠤᠯᠠᠴᠢᠯᠠᠭᠰᠠᠨ ᠨᠢ᠂ ᠸᠠᠺᠼᠢᠨ ᠤ ᠲᠠᠷᠢᠯᠭ᠎ᠠ ᠶᠢᠨ ᠠᠵᠢᠯ ᠤᠨ ᠴᠠᠭ ᠪᠠᠴᠢᠮ᠂ ᠡᠭᠦᠷᠭᠡ ᠬᠦᠨᠳᠦ ᠪᠣᠯᠬᠤᠷ ᠡᠯ᠎ᠡ ᠨᠢᠭᠡᠴᠡ᠂ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ᠸᠠᠺᠼᠢᠨ ᠤ ᠲᠠᠷᠢᠯᠭ᠎ᠠ ᠶᠢᠨ ᠠᠵᠢᠯ ᠤᠨ ᠴᠢᠬᠤᠯᠠ ᠴᠢᠨᠠᠷ ᠢ ᠭᠦᠨᠵᠡᠭᠡᠶ ᠲᠠᠨᠢᠵᠤ᠂ ᠸᠠᠺᠼᠢᠨ ᠤ ᠲᠠᠷᠢᠯᠭ᠎ᠠ ᠶᠢᠨ ᠠᠵᠢᠯ ᠢ ᠪᠥᠬᠦ ᠲᠠᠯ᠎ᠠ ᠪᠠᠷ ᠳᠥᠯᠭᠢᠨ ᠠᠬᠢᠭᠤᠯᠬᠤ ᠬᠡᠷᠡᠭᠲᠡᠶ᠃ ᠵᠠᠰᠠᠭ ᠵᠠᠬᠢᠷᠭᠠᠨ ᠤ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠠᠵᠢᠯᠲᠠᠳ ᠲᠠᠷᠢᠯᠭ᠎ᠠ ᠶᠢᠨ ᠲᠥᠯᠥᠪᠯᠡᠭᠡ ᠶᠢ ᠰᠠᠶᠢᠲᠤᠷ ᠬᠢᠵᠦ᠂ ᠡᠮᠬᠢ ᠵᠢᠷᠤᠮ ᠲᠠᠢ ᠥᠷᠨᠢᠭᠦᠯᠦᠨ᠂ ᠭᠤᠤᠯᠳᠠᠯᠭ᠎ᠠ ᠲᠠᠢ ᠰᠠᠯᠠᠭ᠎ᠠ ᠮᠥᠴᠢᠷ᠂ ᠭᠤᠤᠯᠳᠠᠯᠭ᠎ᠠ ᠲᠠᠢ ᠨᠢᠭᠡᠴᠡ᠂ ᠭᠤᠤᠯᠳᠠᠯᠭ᠎ᠠ ᠲᠠᠢ ᠬᠥᠮᠦᠰ ᠲᠤ ᠨᠡᠶᠢᠳᠡᠮ ᠲᠠᠷᠢᠯᠭ᠎ᠠ ᠬᠢᠬᠦ ᠶᠢ ᠪᠡᠶᠡᠯᠡᠭᠦᠯᠬᠦ ᠬᠡᠷᠡᠭᠲᠡᠶ︔ ᠥᠷᠭᠡᠨ ᠢᠶᠠᠷ ᠤᠬᠠᠭᠤᠯᠵᠤ᠂ ᠵᠥᠪ ᠢᠶᠠᠷ ᠬᠥᠲᠥᠯᠦᠨ ᠵᠢᠯᠣᠭᠤᠳᠬᠤ ᠪᠠᠷ ᠳᠠᠮᠵᠢᠭᠤᠯᠤᠨ᠂ ᠸᠠᠺᠼᠢᠨ ᠤ ᠠᠶᠤᠯᠭᠦᠶ ᠴᠢᠨᠠᠷ᠂ ᠨᠠᠶᠢᠳᠠᠪᠤᠷᠢᠲᠤ ᠴᠢᠨᠠᠷ ᠢ ᠲᠣᠳᠣᠷᠬᠠᠶ ᠶᠠᠷᠢᠵᠤ᠂ ᠣᠯᠠᠨ ᠲᠦᠮᠡᠨ ᠤ ᠰᠡᠵᠢᠭᠯᠡᠯ ᠢ ᠠᠷᠢᠯᠭᠠᠬᠤ ᠬᠡᠷᠡᠭᠲᠡᠶ︔ ᠡᠯ᠎ᠡ ᠨᠢᠭᠡᠴᠡ ᠡᠯ᠎ᠡ ᠰᠠᠯᠠᠭ᠎ᠠ ᠮᠥᠴᠢᠷ ᠤᠨ ᠬᠢᠨ ᠡᠭᠦᠷᠭᠡ ᠬᠠᠷᠠᠯᠲᠠ ᠪᠠᠨ ᠴᠢᠩᠭ᠎ᠠ ᠠᠩᠬᠠᠷᠴᠤ᠂ ᠵᠣᠬᠢᠴᠠᠭᠤᠯᠤᠨ ᠬᠠᠮᠵᠢᠯᠴᠠᠬᠤ ᠶᠢ ᠰᠠᠶᠢᠲᠤᠷ ᠬᠢᠵᠦ᠂ ᠰᠢᠨ᠎ᠡ ᠲᠢᠳᠢᠮᠯᠢᠭᠳᠦ ᠸᠢᠷᠦ᠋ᠰ ᠤᠨ ᠸᠠᠺᠼᠢᠨ ᠤ ᠲᠠᠷᠢᠯᠭ᠎ᠠ ᠶᠢᠨ ᠠᠵᠢᠯ ᠤᠨ ᠲᠡᠭᠦᠰ ᠠᠮᠵᠢᠯᠲᠠ ᠲᠠᠢ ᠪᠡᠶᠡᠯᠡᠭᠳᠡᠬᠦ ᠶᠢ ᠪᠠᠲᠤᠯᠠᠬᠤ ᠬᠡᠷᠡᠭᠲᠡᠶ᠃    ᠸᠠᠩ ᠵᠧᠨ ᠬᠠᠶ ᠵᠢᠭᠠᠵᠤ ᠭᠠᠷᠭᠠᠭᠰᠠᠨ ᠨᠢ᠂ ᠱᠠᠰᠢᠨ ᠰᠤᠷᠲᠠᠬᠤᠨ ᠤ ᠰᠠᠭᠤᠷᠢ ᠮᠡᠳᠡᠭᠡ ᠵᠠᠩᠭᠢ ᠶᠢᠨ ᠪᠦᠷᠢᠳᠬᠡᠯ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠲᠤᠭ᠎ᠠ ᠪᠠᠷᠢᠮᠲᠠ ᠶᠢ ᠣᠨᠣᠪᠴᠢᠲᠠᠶ ᠪᠠᠶᠢᠯᠭᠠᠬᠤ ᠶᠢ ᠪᠡᠶᠡᠯᠡᠭᠦᠯᠵᠦ᠂ ᠲᠠᠷᠠᠭᠠᠴᠢ ᠶᠢᠨ ᠠᠵᠢᠯ ᠢ ᠥᠷᠨᠢᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠬᠤ ᠬᠡᠷᠡᠭᠲᠡᠶ᠃    ᠸᠠᠩ ᠵᠧᠨ ᠬᠠᠶ᠄ ᠣᠳᠣᠬᠢ ᠱᠠᠲᠤᠨ ᠳᠤ᠂ ᠮᠠᠨ ᠤ ᠬᠤᠲᠠ ᠶᠢᠨ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠳᠤ ᠮᠥᠨ ᠬᠦ ᠠᠰᠠᠭᠤᠳᠠᠯ ᠪᠠ ᠬᠦᠷᠦᠯᠴᠡᠬᠦ ᠥᠬᠡᠶ ᠲᠠᠯ᠎ᠠ ᠣᠷᠣᠰᠢᠵᠤ ᠪᠠᠶᠢᠨ᠎ᠠ᠂ ᠡᠯ᠎ᠡ ᠨᠢᠭᠡᠴᠡ ᠡᠯ᠎ᠡ ᠰᠠᠯᠠᠭ᠎ᠠ ᠮᠥᠴᠢᠷ ᠰᠤᠷᠤᠯᠴᠠᠬᠤ ᠠᠭᠤᠯᠭ᠎ᠠ ᠪᠠᠨ ᠬᠦᠢᠴᠡᠳ᠂ ᠰᠢᠨᠵᠢᠯᠡᠬᠦ ᠤᠬᠠᠭᠠᠨᠴᠢ ᠪᠠᠷ ᠳᠣᠭᠢᠷᠠᠭᠤᠯᠵᠤ᠂ ᠰᠤᠷᠤᠯᠴᠠᠬᠤ ᠠᠶᠢᠵᠠᠮ ᠢ ᠡᠵᠡᠮᠳᠡᠨ᠂ ᠣᠯᠠᠨ ᠵᠦᠢᠯ ᠤᠨ ᠰᠤᠷᠤᠯᠴᠠᠬᠤ ᠬᠡᠯᠪᠡᠷᠢ ᠪᠠᠷ ᠳᠠᠮᠵᠢᠭᠤᠯᠤᠨ ᠨᠠᠮ ᠤᠨ ᠲᠡᠤᠬᠡ ᠶᠢᠨ ᠰᠤᠷᠤᠯᠴᠠᠯᠭ᠎ᠠ ᠶᠢ ᠥᠷᠨᠢᠭᠦᠯᠬᠦ ᠬᠡᠷᠡᠭᠲᠡᠶ︔ ᠦᠢᠷ᠎ᠠ ᠬᠠᠪᠢ ᠶᠢᠨ ᠬᠤᠪᠢᠰᠬᠠᠯ ᠤᠨ ᠬᠥᠮᠦᠵᠢᠯ ᠤᠨ ᠰᠠᠭᠤᠷᠢᠨ ᠢ ᠠᠰᠢᠭᠯᠠᠨ ᠨᠠᠮ ᠤᠨ ᠲᠡᠦᠬᠡ ᠶᠢ ᠰᠤᠷᠤᠯᠴᠠᠬᠤ᠂ ᠦᠵᠡᠯ ᠰᠠᠨᠠᠭ᠎ᠠ ᠶᠢ ᠣᠶᠢᠯᠠᠭᠠᠬᠤ᠂ ᠪᠣᠳᠠᠲᠤ ᠶᠠᠪᠤᠳᠠᠯ ᠬᠢᠬᠦ ᠶᠢ ᠣᠷᠭᠠᠨᠢᠭ ᠢᠶᠠᠷ ᠤᠶᠠᠯᠳᠤᠭᠤᠯᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠢ ᠦᠨᠡᠨᠬᠦ ᠠᠬᠢᠭᠤᠯᠬᠤ ᠬᠡᠷᠡᠭᠲᠡᠢ᠃ ᠣᠶᠢᠷ᠎ᠠ ᠶᠢᠨ ᠬᠤᠭᠤᠴᠠᠭᠠᠨ ᠳᠤ᠂ ᠮᠠᠨ ᠤ ᠬᠤᠲᠠ ᠶᠢᠨ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ ᠠᠵᠢᠯᠯᠠᠭ᠎ᠠ ᠶᠢᠨ ᠬᠠᠮᠢᠶ᠎ᠠ ᠪᠥᠬᠦᠶ ᠲᠥᠰᠦᠯ ᠢ ᠤᠳᠠᠯ ᠥᠬᠡᠶ ᠳᠣᠷᠣᠭᠰᠢ ᠲᠠᠷᠬᠠᠭᠠᠬᠤ ᠪᠠᠷ ᠪᠠᠶᠢᠨ᠎ᠠ᠂ ᠡᠯ᠎ᠡ ᠰᠠᠯᠠᠭ᠎ᠠ ᠮᠥᠴᠢᠷ ᠨᠢᠭᠡᠴᠡ᠂ ᠰᠢᠶᠠᠩ ᠪᠠᠯᠭᠠᠰᠤᠨ ᠤ ᠬᠡᠷᠡᠭ ᠡᠷᠬᠢᠯᠡᠬᠦ ᠭᠠᠵᠠᠷ ᠣᠯᠠᠨ ᠵᠦᠢᠯ ᠤᠨ ᠬᠡᠯᠪᠡᠷᠢ ᠪᠠᠷ ᠳᠠᠮᠵᠢᠭᠤᠯᠤᠨ᠂ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ ᠠᠵᠢᠯᠯᠠᠭ᠎ᠠ ᠶᠢ ᠡᠮᠬᠢ ᠵᠢᠷᠤᠮ ᠲᠠᠢ ᠪᠥᠭᠡᠳ ᠵᠢᠷᠤᠮᠵᠢᠯ ᠲᠠᠢ ᠪᠠᠷ ᠥᠷᠨᠢᠭᠦᠯᠬᠦ ᠬᠡᠷᠡᠭᠲᠡᠶ ᠭᠡᠪᠡ᠃    ᠸᠠᠩ ᠵᠧᠨ ᠬᠠᠢ ᠵᠢᠭᠠᠵᠦ ᠭᠠᠷᠭᠠᠬᠰᠠᠨ ᠨᠢ᠂ ᠡᠨᠡ ᠵᠢᠯ ᠪᠣᠯ ᠮᠠᠨ ᠤ ᠬᠤᠳᠠ ᠶᠢᠨ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠵᠠᠩᠭᠢᠯᠠᠭ᠎ᠠ ᠶᠢᠨ ᠵᠢᠯ ᠪᠣᠯᠤᠨ᠎ᠠ᠂ ᠡᠯ᠎ᠡ ᠪᠠᠶᠢᠭᠤᠯᠭ᠎ᠠ ᠡᠯ᠎ᠡ ᠰᠠᠯᠠᠭ᠎ᠠ ᠮᠥᠴᠢᠷ ᠳᠠᠭᠠᠭᠠᠴᠢᠯᠠᠨ ᠬᠤᠯᠪᠣᠭᠠᠯᠠᠬᠤ ᠪᠠᠭ᠎ᠠ ᠲᠣᠭᠤᠷᠢᠭ ᠤᠨ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠠᠵᠢᠯ ᠲᠦᠷᠦᠯ ᠤᠨ ᠬᠦᠷᠢᠶᠡᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠪᠣᠯᠤᠨ ᠡᠭᠦᠷᠭᠡ ᠴᠢᠳᠠᠪᠬᠢᠳᠦ ᠰᠠᠯᠠᠭ᠎ᠠ ᠮᠥᠴᠢᠷ ᠠᠵᠢᠯ ᠤᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠪᠣᠯᠤᠨ ᠬᠤᠳᠠ ᠶᠢ ᠡᠭᠦᠳᠦᠨ ᠪᠠᠶᠢᠭᠤᠯᠬᠤ ᠠᠵᠢᠯ ᠢ ᠣᠷᠭᠠᠨᠢᠭ ᠢᠶᠠᠷ ᠤᠶᠠᠯᠳᠤᠭᠤᠯᠵᠤ᠂ ᠡᠮᠬᠢ ᠵᠢᠷᠤᠮ ᠲᠠᠢ ᠥᠷᠨᠢᠭᠦᠯᠬᠦ ᠬᠡᠷᠡᠭᠲᠡᠢ᠃
   ᠡᠯ᠎ᠡ ᠰᠢᠶᠠᠩ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠭᠤᠣᠯ ᠤᠳᠤᠷᠢᠳᠤᠯᠭ᠎ᠠ᠂ ᠬᠤᠳᠠ ᠶᠢᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠡᠯ᠎ᠡ ᠬᠠᠮᠢᠶᠠᠷᠤᠯᠲᠠ ᠶᠢᠨ ᠹᠧᠩᠵᠧᠨ ᠳᠤ ᠰᠠᠭᠤᠭ᠎ᠠ ᠨᠢᠭᠡᠴᠡ ᠶᠢᠨ ᠬᠠᠷᠢᠭᠤᠴᠠᠯᠭᠠᠲᠠᠳ ᠬᠤᠷᠠᠯ ᠳᠤ ᠣᠷᠣᠯᠴᠠᠪᠠ᠃                     ᠨᠠᠶᠢᠷᠠᠭᠤᠯᠤᠭᠴᠢ᠄ ᠵᠢᠶᠠ ᠷᠠᠨ ᠲᠦᠩ                     ᠤᠷᠴᠢᠭᠤᠯᠤᠬᠴᠢ᠄  ᠬᠠᠨ ᠰᠢᠶᠤᠤ ᠿᠦᠩ                     ᠬᠢᠨᠠᠬᠴᠢ᠄  ᠼᠦᠢ ᠶᠢᠩ
 
ᠢᠷᠡᠯᠲᠡ᠄ ᠠᠮᠢᠵᠢᠷᠠᠯ ᠪᠢᠯᠬᠠᠭᠰᠠᠨ ᠹᠧᠩᠵᠧᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3