ᠮᠠᠨ ᠤ ᠬᠤᠲᠠ 2021 ᠣᠨ ᠤ ᠴᠠᠯᠢᠩ ᠢ ᠬᠠᠮᠲᠤ ᠪᠠᠷ ᠵᠥᠪᠳᠡᠯᠴᠡᠬᠦ ︽ᠪᠣᠯᠵᠣᠬᠤ ᠠᠵᠢᠯᠯᠠᠭ᠎ᠠ︾ ᠶᠢᠨ ᠡᠬᠢᠯᠡᠯᠲᠡ ᠶᠢᠨ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2021/4/6
  ᠴᠠᠯᠢᠩ ᠢ ᠬᠠᠮᠲᠤᠪᠠᠷ ᠵᠥᠪᠳᠡᠯᠴᠡᠬᠦ ᠡᠷᠴᠢᠮ ᠢ ᠤᠯᠠᠮ ᠨᠢᠭᠡ ᠠᠯᠬᠤᠮ ᠴᠢᠩᠭᠠᠷᠠᠭᠤᠯᠬᠤ ᠶᠢᠨ ᠲᠤᠰᠠᠳᠠ᠂ ᠠᠵᠢᠯᠲᠠᠨ ᠠᠵᠢᠯᠴᠢᠨ ᠤ ᠬᠠᠤᠯᠢ ᠶᠣᠰᠣᠨ ᠤ ᠡᠷᠬᠡ ᠠᠰᠢᠭ ᠢ ᠡᠬᠢ ᠰᠤᠷᠪᠤᠯᠵᠢ ᠠᠴᠠ ᠨᠢ ᠬᠠᠮᠠᠭᠠᠯᠠᠵᠤ᠂ ᠡᠶ᠎ᠡ ᠵᠣᠬᠢᠴᠠᠯ ᠲᠠᠢ ᠬᠥᠳᠡᠯᠮᠦᠷᠢ ᠶᠢᠨ ᠬᠠᠷᠢᠴᠠᠭ᠎ᠠ ᠶᠢ ᠠᠬᠢᠭᠤᠯᠤᠨ ᠬᠥᠭᠵᠢᠭᠦᠯᠦᠨ᠎ᠡ᠃ 4 ᠰᠠᠷ᠎ᠠ ᠶᠢᠨ 1 ᠤ ᠡᠳᠦᠷ᠂ ᠮᠠᠨ ᠤ ᠬᠤᠲᠠ 2021 ᠣᠨ ᠤ ᠴᠠᠯᠢᠩ ᠢ ᠬᠠᠮᠲᠤ ᠪᠠᠷ ᠵᠥᠪᠳᠡᠯᠴᠡᠬᠦ ︽ᠪᠣᠯᠵᠣᠬᠤ ᠠᠵᠢᠯᠯᠠᠭ᠎ᠠ︾ ᠶᠢᠨ ᠡᠬᠢᠯᠡᠯᠲᠡ ᠶᠢᠨ ᠶᠣᠰᠣᠯᠠᠯ ᠶᠠᠪᠤᠭᠤᠯᠪᠠ᠃
   ᠵᠠᠰᠠᠭ ᠤᠨ ᠣᠷᠳᠣᠨ ᠤ ᠳᠡᠳ᠋ ᠬᠤᠳᠠ ᠶᠢᠨ ᠳᠠᠷᠤᠭ᠎ᠠ ᠵᠠᠩ ᠶᠦᠩ ᠵᠢᠶᠦ᠋ᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ︔ ᠬᠤᠳᠠ ᠶᠢᠨ ᠠᠵᠢᠯᠴᠢᠨ ᠤ ᠶᠡᠷᠦᠩᠬᠡᠢ ᠡᠪᠯᠡᠯ᠂ ᠬᠥᠮᠦᠨ ᠤ ᠬᠦᠴᠦᠨ ᠤ ᠡᠬᠢ ᠪᠠᠶᠠᠯᠢᠭ ᠪᠣᠯᠤᠨ ᠨᠡᠶᠢᠭᠡᠮ ᠤᠨ ᠪᠠᠲᠤᠯᠠᠪᠤᠷᠢ ᠶᠢᠨ ᠲᠤᠪᠴᠢᠶ᠎ᠠ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠵᠡᠷᠭᠡ ᠬᠤᠳᠠ ᠶᠢᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂ ᠡᠯ᠎ᠡ ᠰᠢᠶᠠᠩ ᠪᠠᠯᠭᠠᠰᠤ᠂ ᠬᠡᠷᠡᠭ ᠡᠷᠬᠢᠯᠡᠬᠦ ᠭᠠᠵᠠᠷ᠂ ᠬᠡᠰᠡᠭ ᠠᠵᠤ ᠠᠬᠤᠶᠢᠯᠠᠯ ᠤᠨ ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠤᠯᠲᠠ ᠶᠢᠨ ᠬᠠᠷᠢᠭᠤᠴᠠᠯᠭᠠᠲᠠᠨ ᠵᠢᠴᠢ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠠᠤᠯᠢᠴᠢ᠂ ᠰᠢᠭᠦᠬᠦ ᠬᠤᠷᠢᠶᠠᠨ ᠤ ᠲᠥᠯᠥᠭᠡᠯᠡᠭᠴᠢ ᠨᠠᠷ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃    ᠡᠬᠢᠯᠡᠯᠲᠡ ᠶᠢᠨ ᠶᠣᠰᠣᠯᠠᠯ ᠳᠡᠭᠡᠷ᠎ᠡ᠂ ᠬᠠᠮᠢᠶ᠎ᠠ ᠪᠥᠬᠦᠶ ᠬᠠᠷᠢᠭᠤᠴᠠᠯᠭᠠᠲᠠᠨ ᠨᠠᠷ ᠲᠣᠰ ᠲᠣᠰ ᠤᠨ ᠠᠵᠢᠯ ᠤᠨ ᠲᠠᠯ᠎ᠠ ᠠᠴᠠ ᠴᠠᠯᠢᠩ ᠢ ᠬᠠᠮᠲᠤ ᠪᠠᠷ ᠵᠥᠪᠳᠡᠯᠴᠡᠬᠦ ︽ᠪᠣᠯᠵᠣᠬᠤ ᠠᠵᠢᠯᠯᠠᠭ᠎ᠠ︾ ᠥᠷᠨᠢᠭᠦᠯᠬᠦ ᠲᠤᠬᠠᠶ ᠶᠠᠷᠢᠶ᠎ᠠ  ᠲᠠᠯᠪᠢᠵᠠᠭᠠᠪᠠ︔ ᠥᠪᠥᠷ ᠮᠣᠩᠭᠤᠯ ᠤᠨ ᠵᠢᠩ ᠯᠸᠢ ᠠᠵᠤ ᠦᠢᠯᠡᠰ ᠤᠨ ᠬᠢᠵᠠᠭᠠᠷᠲᠤ ᠺᠣᠮᠫᠠᠨᠢ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠴᠠᠯᠢᠩ ᠢ ᠬᠠᠮᠲᠤ ᠪᠠᠷ ᠵᠥᠪᠳᠡᠯᠴᠡᠬᠦ ᠲᠤᠬᠠᠶ ᠨᠡᠶᠢᠲᠡᠯᠢᠭ ᠲᠤᠷᠰᠢᠯᠭ᠎ᠠ ᠶᠢᠨ ᠲᠠᠨᠢᠯᠴᠠᠭᠤᠯᠭ᠎ᠠ ᠬᠢᠵᠦ᠂ ᠥᠪᠥᠷ ᠮᠣᠩᠭᠤᠯ ᠤᠨ ᠠᠶᠢᠯᠢᠲ ᠨᠡᠬᠡᠮᠡᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠠᠵᠢᠯᠴᠢᠨ ᠤ ᠡᠪᠯᠡᠯ ᠤᠨ ᠬᠠᠷᠢᠭᠤᠴᠠᠯᠭᠠᠲᠠᠨ ᠴᠠᠯᠢᠩ ᠢ ᠬᠠᠮᠲᠤ ᠪᠠᠷ ᠵᠥᠪᠳᠡᠯᠴᠡᠬᠦ ᠲᠤᠬᠠᠶ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠪᠠ᠃    ᠵᠠᠩ ᠶᠦᠩ ᠵᠢᠶᠦ᠋ᠨ ᠶᠠᠷᠢᠶᠠᠨ ᠳᠠᠭᠠᠨ ᠱᠠᠭᠠᠷᠳᠠᠭᠰᠠᠨ ᠨᠢ᠂ ᠴᠠᠯᠢᠩ ᠢ ᠬᠠᠮᠲᠤ ᠪᠠᠷ ᠵᠥᠪᠳᠡᠯᠴᠡᠬᠦ ᠶᠢ ᠠᠬᠢᠭᠤᠯᠬᠤ ᠶᠠᠪᠤᠳᠠᠯ ᠢ ᠨᠢᠭᠡᠨ ᠴᠢᠬᠤᠯᠠ ᠠᠵᠢᠯ ᠪᠣᠯᠭᠠᠵᠤ᠂ ᠪᠥᠬᠦ ᠬᠤᠲᠠ ᠳᠤ ᠲᠥᠪᠯᠡᠷᠡᠭᠦᠯᠦᠨ ︽ᠪᠣᠯᠵᠣᠬᠤ ᠠᠵᠢᠯᠯᠠᠭ᠎ᠠ︾ ᠶᠢᠨ ᠬᠠᠯᠠᠭᠤᠨ ᠥᠷᠨᠢᠯᠲᠡ ᠶᠢ ᠦᠳᠲᠡᠷ ᠲᠦᠷᠭᠡᠨ ᠭᠠᠷᠭᠠᠵᠤ᠂ ᠡᠯ᠎ᠡ ᠵᠦᠢᠯ ᠤᠨ ᠠᠵᠢᠯ ᠢ ᠯᠠᠪᠳᠠᠭᠤᠨ ᠢᠶᠠᠷ ᠠᠬᠢᠭᠤᠯᠬᠤ ᠬᠡᠷᠡᠭᠲᠡᠶ︔ ᠲᠠᠨᠢᠯᠲᠠ ᠪᠠᠨ ᠳᠡᠭᠡᠭᠰᠢᠯᠡᠭᠦᠯᠵᠦ᠂ ᠴᠠᠯᠢᠩ ᠢ ᠬᠠᠮᠲᠤᠪᠠᠷ ᠵᠥᠪᠳᠡᠯᠴᠡᠬᠦ ᠠᠵᠢᠯ ᠤᠨ ᠰᠢᠨ᠎ᠡ ᠪᠠᠶᠢᠳᠠᠯ ᠢ ᠡᠵᠡᠮᠳᠡᠬᠦ ᠬᠡᠷᠡᠭᠲᠡᠶ︔ ᠭᠤᠣᠯᠳᠠᠯᠭ᠎ᠠ ᠪᠠᠨ ᠲᠣᠳᠣᠷᠬᠠᠶᠢᠯᠠᠵᠤ᠂ ᠠᠵᠢᠯ ᠤᠨ ᠠᠷᠭ᠎ᠠ ᠬᠡᠮᠵᠢᠶ᠎ᠡ ᠪᠠᠨ ᠴᠢᠩᠭᠠᠳᠬᠠᠬᠤ ᠬᠡᠷᠡᠭᠲᠡᠢ︔ ᠡᠷᠴᠢᠮ ᠢᠶᠠᠨ ᠴᠢᠩᠭᠠᠷᠠᠭᠤᠯᠵᠤ᠂ ᠴᠠᠯᠢᠩ ᠢ ᠬᠠᠮᠲᠤᠪᠠᠷ ᠵᠥᠪᠳᠡᠯᠴᠡᠬᠦ ᠠᠵᠢᠯ ᠤᠨ ᠤᠷᠤᠭᠰᠢᠲᠠᠶ ᠶᠠᠪᠤᠭᠳᠠᠬᠤ ᠶᠢ ᠦᠨᠡᠨᠬᠦ ᠪᠠᠲᠤᠯᠠᠬᠤ ᠬᠡᠷᠡᠭᠲᠡᠶ᠃   ᠡᠬᠢᠯᠡᠯᠲᠡ ᠶᠢᠨ ᠶᠣᠰᠣᠯᠠᠯ ᠤᠨ ᠲᠠᠷᠠᠭ᠎ᠠ᠂ ᠬᠤᠲᠠ ᠶᠢᠨ ᠠᠵᠢᠯᠴᠢᠨ ᠤ ᠶᠡᠷᠦᠩᠬᠡᠶ ᠡᠪᠯᠡᠯ ᠪᠠᠰᠠ ︽ᠴᠠᠭ ᠦᠶ᠎ᠡ ᠶᠢᠨ ᠪᠠᠶᠢᠳᠠᠯ ᠤᠨ ᠡᠭᠦᠷᠭᠡ ᠶᠢ ᠰᠠᠯᠤᠰᠢ ᠦᠭᠡᠶ ᠳᠠᠭᠠᠵᠤ᠂ ᠬᠠᠮᠲᠤ ᠪᠠᠷ ᠵᠥᠪᠳᠡᠯᠴᠡᠬᠦ ᠠᠵᠢᠯ ᠢ ᠰᠠᠶᠢᠲᠤᠷ ᠬᠢᠶ᠎ᠡ︾ ᠭᠡᠬᠦ ᠭᠤᠣᠯ ᠰᠡᠳᠦᠪᠲᠦ ᠪᠤᠯᠪᠠᠰᠤᠷᠠᠭᠤᠯᠤᠯ ᠤᠨ ᠠᠩᠭᠢ ᠶᠢ ᠡᠷᠭᠢᠯᠡᠪᠡ᠃                         ᠤᠷᠴᠢᠭᠤᠯᠤᠭᠴᠢ᠄ ᠬᠠᠨ ᠰᠢᠶᠤᠤ ᠿᠦᠩ                         ᠬᠢᠨᠠᠭᠴᠢ᠄ ᠼᠦᠢ ᠶᠢᠩ              
 
ᠢᠷᠡᠯᠲᠡ᠄ ᠠᠮᠢᠵᠢᠷᠠᠯ ᠪᠢᠯᠬᠠᠭᠰᠠᠨ ᠹᠧᠩᠵᠧᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3