| ᠬᠠᠪᠤᠷ ᠤᠨ ᠤᠯᠠᠷᠢᠯ ᠢᠯᠠᠩᠭᠤᠶ᠎ᠠ ︽ᠬᠠᠩᠰᠢ ᠶᠢᠨ ᠡᠳᠦᠷ︾ ᠤᠨ ᠬᠤᠭᠤᠴᠠᠭᠠᠨ ᠳᠠᠬᠢ ᠣᠶ ᠰᠢᠭᠤᠶ ᠨᠤᠲᠤᠭ | ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠢ ᠦᠨᠡᠨᠬᠦ ᠰᠠᠶᠢᠲᠤᠷ ᠠᠳᠬᠤᠬᠤ ᠶᠢᠨ ᠲᠥᠯᠥᠭᠡ᠂ ᠬᠠᠭᠤᠴᠢᠨ | ᠬᠤᠲᠠ ᠲᠣᠭᠤᠷᠢᠭ ᠤᠨ ᠬᠡᠷᠡᠭ ᠡᠷᠬᠢᠯᠡᠬᠦ ᠭᠠᠵᠠᠷ ᠣᠶ ᠰᠢᠭᠤᠶ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠨ ᠤᠨᠲᠠᠷᠠᠭᠠᠬᠤ | ᠠᠵᠢᠯ ᠢ ᠭᠤᠤᠯᠳᠠᠯᠭ᠎ᠠ ᠶᠢᠨ ᠳᠣᠲᠣᠷᠠᠬᠢ ᠭᠤᠤᠯᠳᠠᠯᠭ᠎ᠠ ᠪᠤᠯᠭᠠᠨ ᠠᠳᠬᠤᠵᠤ᠂ ᠣᠶ ᠰᠢᠭᠤᠶ ᠨᠤᠲᠤᠭ ᠪᠡᠯᠴᠢᠭᠡᠷ ᠤᠨ ᠭᠠᠯ ᠢ | ᠰᠡᠷᠭᠡᠶᠢᠯᠡᠨ ᠤᠨᠲᠠᠷᠠᠭᠠᠬᠤ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ | ᠨᠤᠷᠠᠭᠠᠵᠤ ᠨᠡᠭᠦᠯᠭᠡᠬᠦ ᠣᠷᠣᠨ ᠢ ᠭᠤᠤᠯᠳᠠᠯᠭ᠎ᠠ ᠲᠠᠢ ᠣᠷᠣᠨ ᠪᠦᠰᠡ ᠪᠣᠯᠭᠠᠨ ᠨᠡᠶᠢᠭᠡᠮ ᠲᠣᠭᠤᠷᠢᠭ ᠲᠤ ᠬᠤᠪᠢᠶᠠᠷᠢᠯᠠᠨ᠂ | ᠣᠶ ᠰᠢᠭᠤᠶ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠨ ᠤᠨᠲᠠᠷᠠᠭᠠᠬᠤ ᠠᠵᠢᠯ ᠤᠨ ᠤᠳᠤᠷᠢᠳᠤᠯᠭ᠎ᠠ ᠶᠢᠨ | ᠬᠠᠷᠢᠭᠤᠴᠠᠯᠭ᠎ᠠ ᠶᠢᠨ ᠲᠦᠷᠢᠮ ᠪᠠ ᠬᠡᠰᠡᠭ ᠭᠠᠵᠠᠷ ᠢ ᠳᠠᠭᠠᠭᠠᠴᠢᠯᠠᠬᠤ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ | ᠨᠠᠶᠢᠳᠠᠪᠤᠷᠢᠵᠢᠭᠤᠯᠵᠤ᠂ ᠭᠠᠯ ᠰᠡᠷᠭᠡᠶᠢᠯᠡᠬᠦ ᠡᠭᠦᠷᠭᠡ᠂ ᠬᠠᠷᠠᠯᠲᠠ᠂ ᠠᠷᠭ᠎ᠠ ᠬᠡᠮᠵᠢᠶ᠎ᠡ ᠶᠢ ᠬᠦᠮᠦᠨ ᠭᠦᠬᠦᠨ ᠳᠤ ᠭᠠᠵᠠᠷ | ᠪᠤᠯᠠᠭᠠᠨ ᠳᠤ ᠨᠠᠶᠢᠳᠠᠪᠤᠷᠢᠵᠢᠭᠤᠯᠬᠤ ᠶᠢ ᠦᠨᠡᠨᠬᠦ ᠪᠠᠳᠤᠯᠠᠪᠠ᠃ ᠣᠶ ᠰᠢᠭᠤᠶ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠨ | ᠤᠨᠲᠠᠷᠠᠭᠠᠬᠤ ᠤᠬᠠᠭᠤᠯᠭ᠎ᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠭᠠᠯ ᠰᠡᠷᠭᠡᠶᠢᠯᠡᠨ ᠤᠨᠲᠠᠷᠠᠭᠠᠬᠤ ᠪᠠᠴᠢᠮ | ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠲᠡᠭᠦᠯᠳᠡᠷᠵᠢᠭᠦᠯᠦᠨ᠂ ᠭᠠᠯ ᠰᠡᠷᠭᠡᠶᠢᠯᠡᠨ ᠤᠨᠲᠠᠷᠠᠭᠠᠬᠤ ᠡᠩᠨᠡᠭᠡ ᠵᠢᠴᠢ | ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠴᠢᠩᠭᠠᠷᠠᠭᠤᠯᠵᠤ᠂ ᠵᠣᠷᠢᠭᠤᠳᠠ ᠡᠭᠦᠰᠭᠡᠭᠰᠡᠨ ᠭᠠᠯ ᠤᠨ ᠭᠠᠮᠰᠢᠭ ᠤᠨ | ᠳᠠᠯᠳᠠ ᠬᠡᠮ ᠢ ᠬᠤᠷᠢᠭᠯᠠᠬᠤ ᠪᠠ ᠬᠢᠵᠠᠭᠠᠷᠯᠠᠨ᠂ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠮᠤᠷ | ᠲᠦᠪᠰᠢᠨ ᠤ ᠬᠠᠯᠬᠠᠪᠴᠢ ᠶᠢ ᠪᠠᠬᠢᠵᠢᠭᠦᠯᠵᠦ᠂ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ | ᠪᠦᠲᠦᠮᠵᠢᠲᠡᠶ ᠬᠠᠮᠠᠭᠠᠯᠠᠪᠠ᠃ | | | | | | | | | ᠤᠷᠴᠢᠭᠤᠯᠤᠭᠴᠢ᠄ ᠬᠠᠨ ᠰᠢᠶᠤᠤ ᠿᠦᠩ | ᠬᠢᠨᠠᠭᠴᠢ᠄ ᠼᠦᠢ ᠶᠢᠩ | | | | | | | | | |