| ᠪᠣᠯᠪᠠᠰᠤᠨ ᠢᠶᠠᠷ ᠳᠡᠭᠡᠳᠦᠰ ᠢᠶᠠᠨ ᠳᠠᠭᠢᠬᠤ ᠶᠢ ᠤᠬᠠᠭᠤᠯᠵᠤ᠂ ᠬᠠᠩᠰᠢ ᠶᠢᠨ ᠬᠤᠭᠤᠴᠠᠭᠠᠨ ᠳᠠᠬᠢ ᠭᠠᠯ ᠢ ᠰᠡᠷᠭᠡᠶᠢᠯᠡᠨ | ᠭᠠᠯ ᠢ ᠴᠠᠭᠠᠵᠠᠯᠠᠬᠤ ᠠᠵᠢᠯ ᠢ ᠦᠨᠡᠨᠬᠦ ᠰᠠᠶᠢᠲᠤᠷ ᠬᠢᠬᠦ ᠶᠢᠨ ᠲᠥᠯᠥᠭᠡ᠂ ᠭᠤᠸᠠᠨ ᠳᠦᠨ ᠪᠦ᠋ ᠰᠢᠶᠠᠩ ᠬᠠᠩᠰᠢ ᠶᠢᠨ | ᠬᠤᠭᠤᠴᠠᠭᠠᠨ ᠳᠠᠬᠢ ᠭᠠᠯ ᠢ ᠰᠡᠷᠭᠡᠶᠢᠯᠡᠬᠦ ᠪᠠ ᠤᠨᠲᠠᠷᠠᠭᠠᠬᠤ ᠠᠵᠢᠯ ᠤᠨ ᠲᠤᠬᠢᠷᠠᠭᠤᠯᠤᠯᠲᠠ ᠶᠢᠨ ᠬᠤᠷᠠᠯ ᠬᠢᠵᠦ᠂ | ᠬᠠᠩᠰᠢ ᠶᠢᠨ ᠬᠤᠭᠤᠴᠠᠭᠠᠨ ᠳᠠᠬᠢ ᠪᠣᠯᠪᠠᠰᠤᠨ ᠢᠶᠠᠷ ᠲᠠᠬᠢᠵᠦ ᠰᠢᠳᠠᠭᠠᠬᠤ ᠶᠢ ᠴᠠᠭᠠᠵᠠᠯᠠᠬᠤ ᠠᠵᠢᠯ ᠢ ᠪᠦᠬᠦ ᠲᠠᠯ᠎ᠠ ᠪᠠᠷ | ᠲᠤᠬᠢᠷᠠᠭᠤᠯᠤᠨ ᠪᠠᠶᠢᠷᠢᠯᠠᠭᠤᠯᠪᠠ᠃ ᠤᠷᠢᠳᠴᠢᠯᠠᠨ ᠪᠠᠶᠢᠷᠢᠯᠠᠭᠤᠯᠬᠤ᠂ ᠳᠠᠯᠳᠠ ᠭᠡᠮ ᠢ ᠵᠢᠭᠰᠠᠭᠠᠨ ᠪᠠᠶᠢᠴᠠᠭᠠᠬᠤ᠂ ᠴᠢᠩᠭ᠎ᠠ | ᠰᠡᠷᠭᠡᠶᠢᠯᠡᠬᠦ᠂ ᠨᠠᠶᠢᠳᠠᠪᠤᠷᠢᠵᠢᠭᠤᠯᠬᠤ ᠶᠢ ᠴᠢᠩᠭ᠎ᠠ ᠠᠳᠬᠤᠬᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠶᠢ ᠪᠡᠶᠡᠯᠡᠭᠦᠯᠪᠡ᠃ | ᠡᠯ᠎ᠡ ᠲᠣᠰᠬᠤᠨ ᠪᠠᠰᠠ ᠲᠡᠷᠡ ᠳᠠᠷᠤᠢ ᠳᠤᠨᠢ ᠰᠢᠶᠠᠩ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ | ᠨᠠᠶᠢᠳᠠᠪᠤᠷᠢᠵᠢᠭᠤᠯᠵᠤ᠂ ︽ᠭᠠᠯ ᠢ ᠰᠡᠷᠭᠡᠶᠢᠯᠡᠬᠦ ᠳᠤ ᠪᠢ ᠪᠤᠢ᠂ ᠪᠣᠯᠪᠠᠰᠤᠨ ᠢᠶᠠᠷ ᠱᠦᠬᠦᠷᠳᠡᠨ ᠲᠠᠬᠢᠬᠤ︾ ᠠᠵᠢᠯ ᠢ ᠡᠮᠬᠢ | ᠵᠢᠷᠤᠮ ᠲᠠᠢ ᠦᠷᠨᠢᠭᠦᠯᠪᠡ᠃ | | | | | | ᠡᠨᠡ ᠬᠤᠭᠤᠴᠠᠭᠠᠨ ᠳᠤ ᠤᠯᠠᠨ ᠨᠠᠮ ᠤᠨ ᠡᠭᠦᠷ ᠪᠠᠰᠠ ︽ᠨᠠᠮ ᠤᠨ ᠲᠡᠦᠬᠡ ᠶᠢ ᠰᠤᠷᠤᠯᠴᠠᠬᠤ᠂ ᠦᠵᠡᠯ ᠰᠠᠨᠠᠭ᠎ᠠ ᠶᠢ | ᠣᠶᠢᠯᠠᠭᠠᠬᠤ᠂ ᠭᠠᠯ ᠢ ᠰᠡᠷᠭᠡᠶᠢᠯᠡᠬᠦ᠂ ᠪᠣᠯᠪᠠᠰᠤᠨ ᠢᠶᠠᠷ ᠳᠠᠬᠢᠬᠤ︾ ᠭᠤᠤᠯ ᠰᠡᠳᠤᠪᠳᠤ ᠨᠠᠮ ᠤᠨ ᠡᠳᠦᠷ ᠤᠨ ᠠᠵᠢᠯᠯᠠᠭ᠎ᠠ ᠶᠢ | ᠦᠷᠨᠢᠭᠦᠯᠪᠡ᠃ | ᠤᠷᠴᠢᠭᠤᠯᠤᠭᠴᠢ᠄ ᠬᠠᠨ ᠰᠢᠶᠤᠤ ᠿᠦᠩ | ᠬᠢᠨᠠᠭᠴᠢ᠄ ᠼᠦᠢ ᠶᠢᠩ |